4 ᠰᠠᠷ᠎ᠠ ᠶᠢᠨ 8 ᠤ ᠡᠳᠦᠷ ᠠᠴᠠ 9 ᠤ ᠡᠳᠦᠷ ᠪᠣᠯᠲᠠᠯ᠎ᠠ᠂ ᠬᠤᠲᠠ ᠶᠢᠨ ᠶᠠᠳᠠᠭᠤ ᠠᠴᠠ ᠠᠩᠭᠢᠵᠢᠷᠠᠭᠤᠯᠬᠤ | ᠪᠣᠭᠤᠮᠲᠠ ᠰᠢᠪᠲᠤᠯᠬᠤ ᠳᠠᠶᠢᠯᠠᠯᠳᠤᠭᠠᠨ ᠤ ᠰᠢᠶᠳᠪᠦᠷᠢᠲᠦ ᠢᠯᠠᠯᠲᠠ ᠶᠢ ᠣᠯᠬᠤ ᠦᠦᠰᠢᠨ ᠬᠤᠰᠢᠭᠤᠨ ᠤ | ᠳᠠᠶᠢᠯᠠᠯᠲᠤᠭᠠᠨ ᠤ ᠠᠩᠭᠢ ᠪᠠ ᠬᠤᠲᠠ ᠶᠢᠨ ᠭᠢᠨᠠᠨ ᠵᠢᠯᠣᠭᠤᠳᠬᠤ ᠳᠤᠭᠤᠶᠢᠯᠠᠩ ᠤᠨ ᠬᠢᠨ ᠮᠠᠨ ᠤ ᠬᠤᠰᠢᠭᠤᠨ ᠤ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠤᠯᠤᠨ ᠬᠢᠵᠢᠭ ᠤᠨ ᠪᠠᠶᠢᠳᠠᠯ ᠢ ᠰᠠᠷᠭᠡᠶᠢᠯᠠᠨ ᠡᠵᠡᠮᠳᠠᠭᠦ | ᠠᠵᠢᠯ ᠢ ᠪᠠᠶᠢᠴᠠᠭᠠᠨ ᠵᠢᠯᠤᠭᠤᠳᠬᠤ ᠶᠢᠨ ᠬᠠᠮᠲᠤ ᠠᠵᠢᠯ ᠤᠨ ᠬᠠᠷᠢᠭᠤ ᠮᠡᠳᠡᠭᠦᠯᠦᠯᠲᠡ ᠶᠢᠨ ᠬᠤᠷᠠᠯ ᠢ | ᠬᠤᠷᠠᠯᠳᠤᠭᠤᠯᠪᠠ᠃ | ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠣᠷᠳᠣᠰ ᠤᠨ ᠴᠡᠷᠢᠭ ᠤᠨ ᠬᠤᠪᠢᠶᠠᠷᠢ | ᠲᠣᠭᠤᠷᠢᠭ ᠤᠨ ᠤᠯᠤᠰ ᠲᠥᠷᠥ ᠶᠢᠨ ᠭᠡᠰᠢᠭᠦᠨ ᠬᠤᠲᠠ ᠶᠢᠨ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ | ᠰᠢᠪᠳᠤᠯᠬᠤ ᠳᠠᠶᠢᠯᠠᠯᠳᠤᠭᠠᠨ ᠤ ᠰᠢᠶᠳᠪᠦᠷᠢᠲᠦ ᠢᠯᠠᠯᠲᠠ ᠶᠢ ᠤᠯᠬᠤ ᠦᠦᠰᠢᠨ ᠬᠤᠰᠢᠭᠤᠨ ᠤ ᠲᠠᠶᠢᠯᠠᠯᠳᠤᠭᠠᠨ ᠤ | ᠠᠩᠭᠢ ᠶᠢᠨ ᠳᠠᠷᠤᠭ᠎ᠠ ᠭᠤᠤ ᠳ᠋ᠧ ᠴᠢᠤᠸᠠᠨ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠬᠤᠲᠠ ᠶᠢᠨ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ | ᠰᠢᠪᠳᠤᠯᠬᠤ ᠳᠠᠶᠢᠯᠠᠯᠳᠤᠭᠠᠨ ᠤ ᠰᠢᠶᠳᠪᠦᠷᠢᠲᠦ ᠢᠯᠠᠯᠲᠠ ᠶᠢ ᠤᠯᠬᠤ ᠥᠥᠰᠢᠨ ᠬᠤᠰᠢᠭᠤᠨ ᠤ ᠲᠠᠶᠢᠯᠠᠯᠳᠤᠭᠠᠨ ᠤ | ᠠᠩᠭᠢ ᠶᠢᠨ ᠳᠡᠳ᠋ ᠳᠠᠷᠤᠭ᠎ᠠ ᠶᠠᠩ ᠮᠢᠩ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ | ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ | ᠰᠢᠪᠳᠤᠯᠬᠤ ᠳᠠᠶᠢᠯᠠᠯᠳᠤᠭᠠᠨ ᠤ ᠰᠢᠶᠳᠪᠦᠷᠢᠲᠦ ᠢᠯᠠᠯᠲᠠ ᠶᠢ ᠤᠯᠬᠤ ᠭᠢᠨᠠᠨ ᠵᠢᠯᠣᠭᠤᠳᠬᠤ ᠳᠤᠭᠤᠶᠢᠯᠠᠩ ᠤᠨ | ᠳᠠᠷᠤᠭ᠎ᠠ ᠮᠠ᠊ ᠭᠠᠷᠤᠳᠢ ᠬᠤᠷᠠᠯ ᠳᠤ ᠣᠷᠣᠯᠴᠠᠵᠤ ᠲᠠᠶᠢᠯᠠᠯᠳᠤᠭᠠᠨ ᠤ ᠠᠩᠭᠢ᠂ ᠭᠢᠨᠠᠨ ᠵᠢᠯᠣᠭᠤᠳᠬᠤ ᠳᠤᠭᠤᠶᠢᠯᠠᠩ | ᠤᠨ ᠪᠥᠬᠦ ᠪᠦᠷᠢᠯᠳᠦᠬᠦᠨ ᠵᠢᠴᠢ ᠮᠠᠨ ᠤ ᠬᠤᠰᠢᠭᠤᠨ ᠤ ᠬᠠᠮᠢᠶ᠎ᠠ ᠪᠥᠬᠦᠶ ᠬᠠᠷᠢᠭᠤᠴᠠᠯᠭᠠᠲᠠᠨ ᠬᠤᠷᠠᠯ ᠳᠤ | ᠣᠷᠣᠯᠴᠠᠪᠠ᠃ | | | | | | | ᠬᠤᠷᠠᠯ ᠳᠡᠭᠡᠷ᠎ᠡ᠂ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠪᠠ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠤ | ᠰᠢᠶᠳᠪᠦᠷᠢᠲᠦ ᠢᠯᠠᠯᠲᠠ ᠶᠢ ᠤᠯᠬᠤ ᠲᠠᠯ᠎ᠠ ᠪᠠᠷ ᠠᠵᠢᠯ ᠤᠨ ᠬᠠᠷᠢᠭᠤ ᠮᠡᠳᠡᠭᠦᠯᠦᠯᠲᠡ ᠬᠢᠪᠠ᠃ | ᠭᠤᠤ ᠳ᠋ᠧ ᠴᠢᠤᠸᠠᠨ ᠴᠢᠬᠤᠯᠠᠴᠢᠯᠠᠭᠰᠠᠨ ᠨᠢ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠶᠢ | ︽ᠳᠥᠷᠪᠡᠨ ᠤᠬᠠᠮᠰᠠᠷ︾ ᠢᠶᠠᠨ ᠴᠢᠩᠭᠠᠳᠬᠠᠬᠤ᠂ ︽ᠳᠥᠷᠪᠡᠨ ᠢᠲᠡᠭᠡᠯ︾ ᠢᠶᠠᠨ ᠪᠠᠲᠤᠳᠬᠠᠬᠤ᠂ ︽ᠬᠤᠶᠠᠷ ᠢ | ᠬᠠᠮᠠᠭᠠᠯᠠᠬᠤ︾ ᠶᠢ ᠪᠡᠶᠡᠯᠡᠭᠦᠯᠬᠦ ᠤᠯᠤᠰ ᠲᠥᠷᠥ ᠶᠢᠨ ᠪᠠᠷᠢᠮᠵᠢᠶ᠎ᠠ ᠪᠤᠯᠭᠠᠨ ᠶᠠᠳᠠᠭᠤ ᠠᠴᠠ ᠠᠩᠭᠢᠵᠢᠷᠠᠭᠤᠯᠬᠤ | ᠪᠤᠭᠤᠮᠳᠠ ᠰᠢᠪᠳᠤᠯᠬᠤ ᠬᠠᠷᠢᠭᠤᠴᠠᠯᠭ᠎ᠠ ᠶᠢ ᠡᠭᠦᠷᠭᠡᠯᠡᠵᠦ ᠠᠵᠢᠯᠯᠠᠭ᠎ᠠ ᠳᠡᠭᠡᠷ᠎ᠡ ᠪᠠᠨ ᠨᠠᠶᠢᠳᠠᠪᠤᠷᠢᠵᠢᠭᠤᠯᠤᠨ ᠬᠠᠷᠠᠯᠲᠠ | ᠡᠭᠦᠷᠭᠡ ᠶᠢ ᠥᠨᠳᠥᠷ ᠪᠠᠷᠢᠮᠵᠢᠶ᠎ᠠ ᠲᠠᠢ ᠪᠠᠷ ᠪᠡᠶᠡᠯᠡᠭᠦᠯᠬᠦ ᠬᠡᠷᠡᠭᠲᠡᠶ᠃ ᠡᠯ᠎ᠡ ᠱᠠᠲᠤᠨ ᠤ ᠤᠳᠤᠷᠢᠳᠤᠯᠭ᠎ᠠ ᠪᠡᠶ᠎ᠡ ᠪᠠᠷ | ᠢᠶᠠᠨ ᠠᠰᠠᠭᠤᠵᠤ ᠪᠡᠶ᠎ᠡ ᠪᠠᠷ ᠢᠶᠠᠨ ᠤᠷᠤᠯᠴᠠᠨ ᠪᠡᠶ᠎ᠡ ᠪᠠᠷ ᠢᠶᠠᠨ ᠬᠢᠵᠦ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ | ᠶᠢ ᠪᠠᠷᠢᠮᠳᠠᠯᠠᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠬᠠᠷᠠᠯᠲᠠ ᠡᠭᠦᠷᠭᠡ ᠲᠠᠢ ᠬᠠᠷᠢᠴᠠᠭᠤᠯᠵᠤ | ︽ᠬᠤᠶᠠᠷ ᠲᠤ ᠵᠣᠪᠠᠭ᠋ᠤ ᠦᠭᠡᠢ ᠭᠤᠷᠪᠠ ᠶᠢ ᠪᠠᠲᠤᠯᠠᠬᠤ︾ ᠪᠠᠭᠤᠷᠠᠢ ᠭᠤᠭᠴᠤᠭ᠎ᠠ ᠳᠤ ᠠᠩᠬᠠᠷᠤᠯ ᠢᠶᠠᠨ | ᠲᠥᠪᠯᠠᠷᠠᠭᠦᠯᠤᠨ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠤᠯᠠᠨ ᠲᠦᠮᠡᠨ ᠳᠤ ᠮᠡᠳᠡᠷᠡᠭᠦᠯᠬᠦ᠂ | ᠲᠡᠦᠬᠡ ᠶᠢᠨ ᠰᠢᠯᠭᠠᠯᠲᠠ ᠶᠢ ᠳᠠᠭᠠᠭᠠᠵᠤ ᠲᠠᠶᠢᠯᠭᠦ ᠶᠢ ᠪᠠᠲᠤᠯᠠᠬᠤ ᠬᠡᠷᠡᠭᠲᠡᠢ᠃ ᠶᠠᠳᠠᠭᠤ ᠠᠴᠠ ᠠᠩᠭᠢᠵᠢᠷᠠᠭᠤᠯᠬᠤ | ᠪᠣᠭᠤᠮᠲᠠ ᠰᠢᠪᠲᠤᠯᠬᠤ ᠲᠠᠶᠢᠯᠠᠯᠳᠤᠭᠠᠨ ᠤ ᠠᠩᠭᠢ᠂ ᠭᠢᠨᠠᠨ ᠵᠢᠯᠣᠭᠤᠳᠬᠤ ᠲᠤᠭᠤᠶᠢᠯᠠᠩ ᠪᠣᠯᠤᠨ ᠪᠦᠬᠦ ᠬᠤᠰᠢᠭᠤ | ᠪᠦᠯᠬᠦᠮᠳᠡᠨ ᠨᠢᠭᠲᠠᠷᠠᠵᠤ ᠨᠢᠭᠡ ᠰᠡᠳᠬᠢᠯ ᠢᠶᠠᠷ ᠬᠦᠴᠦᠯᠡᠨ ᠪᠣᠭᠤᠮᠲᠠ ᠰᠢᠪᠲᠤᠯᠵᠤ ᠶᠠᠳᠠᠭᠤ ᠠᠴᠠ ᠠᠩᠭᠢᠵᠢᠷᠠᠭᠤᠯᠬᠤ | ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠬᠤ ᠬᠡᠷᠡᠭᠲᠡᠢ ᠭᠡᠵᠡᠢ᠃ | | | | | | | ᠶᠠᠩ ᠮᠢᠩ᠂ ᠮᠠ᠊ ᠭᠠᠷᠤᠳᠢ ᠲᠤᠰ ᠲᠤᠰ ᠮᠠᠨ ᠤ ᠬᠤᠰᠢᠭᠤᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠬᠤ ᠪᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠦᠨᠡᠯᠡᠯᠲᠡ ᠬᠢᠭᠰᠡᠨ ᠪᠥᠭᠡᠳ ᠪᠣᠳᠠᠲᠠᠢ | ᠰᠠᠨᠠᠯ ᠰᠠᠨᠠᠭᠤᠯᠭ᠎ᠠ ᠳᠤᠷᠠᠳᠴᠠᠢ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠪᠠ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ᠂ ᠲᠥᠯ ᠲᠤᠰᠴᠤ ᠪᠣᠶᠢᠵᠢᠭᠤᠯᠬᠤ ᠠᠵᠢᠯ ᠢ | ᠨᠢᠭᠡᠳᠦᠯᠲᠡᠶ ᠲᠥᠯᠥᠪᠯᠡᠨ ︽ ᠮᠠᠯ ᠲᠠᠷᠢᠶᠠᠯᠠᠩ ᠠᠵᠦ ᠠᠬᠤᠢ᠂ ᠮᠠᠯᠵᠢᠬᠤ ᠲᠠᠷᠢᠶᠠᠯᠠᠬᠤ ᠤᠷᠤᠨ᠂ ᠮᠠᠯᠴᠢᠨ | ᠲᠠᠷᠢᠶᠠᠴᠢᠨ︾ ᠢ ᠳᠡᠮᠵᠢᠬᠦ ᠡᠷᠴᠢᠮ ᠢᠶᠠᠨ ᠴᠢᠩᠭᠠᠷᠠᠭᠤᠯᠵᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ | ᠠᠬᠢᠭᠤᠯᠵᠤ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠶ ᠶᠢ ᠪᠤᠵᠠᠭᠠᠶᠢᠷᠠᠭᠤᠯᠤᠨ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠤᠯᠬᠤ᠂ ᠴᠢᠨᠡᠭᠡᠯᠢᠭ ᠨᠡᠶᠢᠭᠡᠮ ᠢ ᠪᠥᠬᠦ | ᠲᠠᠯ᠎ᠠ ᠪᠠᠷ ᠪᠠᠶᠠᠯᠠᠭᠦᠯᠭᠦ ᠳᠤ ᠬᠦᠴᠦᠲᠡᠶ ᠲᠤᠯᠭᠠᠭᠤᠷᠢᠯᠠᠯ ᠬᠠᠩᠭᠠᠬᠤ ᠬᠡᠷᠡᠭᠲᠡᠶ᠃ ᠤᠯᠤᠰ ᠲᠦᠷᠦ ᠶᠢᠨ ᠵᠣᠭᠰᠣᠴᠠ | ᠪᠠᠨ ᠳᠡᠭᠡᠭᠰᠢᠯᠡᠭᠦᠯᠵᠦ ᠤᠯᠤᠰ ᠲᠦᠷᠦ ᠶᠢᠨ ᠬᠠᠷᠢᠭᠤᠴᠠᠯᠭ᠎ᠠ ᠶᠢ ᠡᠭᠦᠷᠭᠡᠯᠠᠨ ᠭᠤᠣᠯᠳᠠᠯᠭ᠎ᠠ ᠲᠠᠢ ᠬᠦᠴᠢᠷ | ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ ᠠᠵᠢᠯ ᠤᠨ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠬᠤ ᠬᠡᠷᠡᠭᠲᠡᠢ᠃ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠠᠨ ᠪᠣᠭᠤᠮᠲᠠ ᠰᠢᠪᠲᠤᠯᠬᠤ ᠰᠤᠷᠲᠠᠯ ᠢ | ᠦᠢᠯᠡᠳᠦᠯᠭᠡᠵᠢᠭᠦᠯᠵᠦ ᠰᠢᠯᠢᠳᠡᠭ ᠰᠤᠷᠲᠠᠯ ᠢᠶᠠᠷ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ | ᠢᠯᠠᠯᠲᠠ ᠶᠢ ᠣᠯᠵᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠰᠢᠢᠳᠪᠦᠷᠢᠲᠦ ᠳᠠᠶᠢᠯᠠᠯᠳᠤᠭᠠᠨ ᠬᠢᠬᠦ | ᠬᠡᠷᠡᠭᠲᠡᠢ ᠭᠡᠵᠡᠢ᠃ | ᠡᠷᠳᠡᠨᠢᠪᠢᠯᠢᠭ ᠣᠪᠣᠷ ᠢᠶᠠᠨ ᠢᠯᠡᠳᠬᠡᠵᠦ ᠵᠢᠭᠠᠬᠤ ᠳᠤ ᠪᠠᠨ᠂ ᠦᠦᠰᠢᠨ ᠬᠤᠰᠢᠭᠤ ᠨᠠᠮ ᠤᠨ ᠲᠥᠪ | ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶᠠᠨ ᠤ ᠡᠯ᠎ᠡ | ᠵᠦᠶᠯ ᠤᠨ ᠰᠢᠶᠳᠪᠦᠷᠢᠲᠦ ᠪᠣᠳᠣᠯᠭ᠎ᠠ ᠪᠠᠶᠢᠷᠢᠯᠠᠭᠤᠯᠤᠯᠳᠠ ᠶᠢ ᠨᠠᠷᠢᠨ ᠬᠢᠨᠠᠮᠠᠭᠠᠶ ᠰᠤᠷᠤᠯᠴᠠᠨ ᠲᠤᠭᠤᠰᠢᠯᠠᠭᠤᠯᠵᠦ | ᠠᠰᠠᠭᠤᠳᠠᠯ ᠂ ᠬᠠᠷᠠᠯᠳᠠ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠳᠠᠯᠠᠨ ᠶᠠᠳᠠᠭᠤ ᠠᠴᠠ | ᠠᠩᠭᠢᠵᠢᠷᠠᠭᠤᠯᠬᠤ ᠪᠤᠭᠤᠮᠳᠠ ᠰᠢᠪᠳᠤᠯᠬᠤ ᠡᠯ᠎ᠡ ᠵᠦᠶᠯ ᠤᠨ ᠠᠵᠢᠯ ᠢ ᠪᠣᠳᠠᠲᠠᠶ ᠨᠠᠷᠢᠯᠢᠭ ᠥᠷᠨᠢᠭᠦᠯᠵᠦ ᠬᠠᠷᠠᠯᠲᠠ | ᠡᠭᠦᠷᠭᠡ ᠶᠢ ᠬᠤᠭᠤᠴᠠᠭ᠎ᠠ ᠶᠣᠰᠣᠭᠠᠷ ᠴᠢᠨᠠᠷ ᠰᠠᠶᠢᠲᠠᠶ ᠪᠡᠶᠡᠯᠡᠭᠦᠯᠬᠦ ᠶᠢ ᠦᠨᠡᠨ ᠬᠦ ᠪᠠᠲᠤᠯᠠᠨ᠎ᠠ ᠭᠡᠵᠡᠢ᠃ | ᠭᠤᠤ ᠳ᠋ᠧ ᠴᠢᠤᠸᠠᠨ ᠨᠠᠷ ᠪᠠᠰᠠ ᠤᠷᠢᠳ ᠬᠤᠵᠢᠳ ᠲᠤᠭ ᠪᠠᠯᠭᠠᠰᠤ᠂ ᠤᠯᠠᠭᠠᠠᠳᠤᠯᠤᠭᠠᠢ ᠪᠠᠯᠭᠠᠰᠤᠨ ᠤ | ᠶᠤᠸᠠᠢ ᠶᠢᠨ ᠲᠣᠰᠬᠤᠨ᠂ ᠰᠢᠷᠬᠤᠰᠤᠨ ᠪᠠᠯᠭᠠᠰᠤᠨ ᠤ ᠰᠢᠷᠬᠤᠰᠤ ᠲᠣᠰᠬᠤᠨ ᠳᠤ ᠬᠦᠷᠴᠦ ᠰᠠᠭᠤᠨ ᠶᠠᠷᠢᠯᠴᠠᠬᠤ | ᠬᠡᠯᠪᠡᠷᠢ ᠪᠠᠷ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠲᠤᠬᠠᠶ ᠬᠠᠷᠢᠭᠤ ᠮᠡᠳᠡᠭᠦᠯᠦᠯᠲᠡ | ᠶᠢ ᠰᠤᠨᠤᠰᠤᠭᠰᠠᠨ ᠪᠥᠭᠡᠳ ᠤᠷᠳᠤᠪᠡᠶ᠎ᠡ ᠲᠣᠰᠬᠤᠨ ᠤ ᠶᠠᠳᠠᠭᠤ ᠬᠦᠴᠢᠷᠳᠡᠯᠲᠡᠶ ᠡᠷᠦᠬᠡ ᠼᠤᠤ ᠯᠦᠩ ᠤᠨ ᠶᠠᠳᠠᠭᠤ | ᠠᠴᠠ ᠠᠩᠭᠢᠵᠢᠷᠠᠭᠰᠠᠨ ᠪᠠᠶᠢᠳᠠᠯ ᠢ ᠣᠶᠢᠯᠠᠭᠠᠪᠠ᠃ | |