ᠪᠦᠬᠦ ᠬᠤᠲᠠ ᠶᠢᠨ ᠭᠤᠤᠯᠳᠠᠯᠭ᠎ᠠ ᠲᠠᠢ ᠲᠥᠷᠥᠯ ᠵᠥᠢᠯ ᠢ ᠲᠥᠪᠯᠡᠷᠡᠭᠦᠯᠦᠨ ᠬᠢᠨᠠᠨ ᠵᠥᠪᠰᠢᠶᠡᠷᠡᠬᠦ ᠬᠤᠯᠪᠤᠭᠠᠯᠠᠨ ᠬᠥᠳᠡᠯᠦᠯᠴᠡᠬᠦ ᠲᠣᠭᠲᠠᠴᠠ ᠶᠢᠨ ᠵᠢᠷᠭᠤᠳᠣᠭᠠᠷ ᠤᠳᠠᠭᠠᠨ ᠤ ᠠᠯᠪᠠᠯᠠᠬᠤ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2020-04-14
     4 ᠰᠠᠷ᠎ᠠ ᠶᠢᠨ 8 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ ᠬᠤᠳᠠ ᠶᠢᠨ ᠳᠠᠷᠤᠭ᠎ᠠ ᠰᠡᠴᠡᠨᠪᠢᠯᠢᠭ ᠪᠦᠬᠦ ᠬᠤᠳᠠ ᠶᠢᠨ ᠭᠤᠣᠯᠳᠠᠯᠭ᠎ᠠ ᠲᠠᠢ ᠲᠦᠷᠦᠯ ᠵᠦᠢᠯ ᠢ ᠲᠥᠪᠯᠡᠷᠡᠭᠦᠯᠦᠨ ᠬᠢᠨᠠᠨ ᠵᠥᠪᠰᠢᠶᠡᠷᠡᠬᠦ ᠬᠤᠯᠪᠤᠭᠠᠯᠠᠨ ᠬᠥᠳᠡᠯᠦᠯᠴᠡᠬᠦ ᠲᠣᠭᠲᠠᠴᠠ ᠶᠢᠨ ᠵᠢᠷᠭᠤᠳᠣᠭᠠᠷ ᠣᠳᠠᠭᠠᠨ ᠤ ᠠᠯᠪᠠᠯᠠᠬᠤ ᠬᠤᠷᠠᠯ ᠢ ᠡᠷᠬᠢᠯᠡᠨ ᠬᠤᠷᠠᠯᠳᠣᠭᠤᠯᠵᠦ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ ᠬᠤᠰᠢᠭᠤ ᠳᠡᠳ᠋ ᠳᠠᠷᠤᠭ᠎ᠠ ᠵᠠᠩ ᡁᠢ ᠰᠢᠦ᠋ᠩ ᠮᠠᠨ ᠤ ᠬᠤᠰᠢᠭᠤᠨ ᠤ ᠬᠤᠪᠢᠶᠠᠷᠢ ᠬᠤᠷᠠᠯ ᠤᠨ ᠳᠠᠯᠠᠪᠠᠢ ᠳᠤ ᠬᠤᠷᠠᠯ ᠳᠤ ᠣᠷᠣᠯᠴᠠᠪᠠ᠃
     ᠬᠤᠷᠠᠯ ᠳᠡᠭᠡᠷ᠎ᠡ ᠰᠡᠴᠡᠨᠪᠢᠯᠢᠭ ᠸᠢᠳᠢᠤ᠋ ᠪᠠᠷ ᠳᠠᠮᠵᠢᠨ ᠡᠯ᠎ᠡ ᠬᠤᠰᠢᠭᠤ ᠳᠣᠭᠤᠷᠢᠭ ᠤᠨ ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠬᠡᠨ ᠪᠠᠶᠢᠭᠤᠯᠣᠯᠳᠠ ᠶᠢᠨ ᠪᠠᠶᠢᠳᠠᠯ ᠢ ᠳᠣᠬᠢᠷᠠᠭᠤᠯᠵᠦ ᠨᠢᠬᠡᠨᠳᠡ ᠠᠵᠢᠯ ᠢᠶᠠᠨ ᠰᠡᠷᠬᠦᠬᠡᠭᠰᠡᠨ ᠳᠦᠷᠦᠯ ᠵᠦᠢᠯ ᠤᠨ ᠠᠬᠢᠴᠠ ᠶᠢ ᠪᠠᠶᠢᠴᠠᠭᠠᠨ ᠪᠡᠯᠡ ᠣᠷᠣᠭᠤᠯᠣᠯᠲᠠ ᠶᠢᠨ ᠪᠠᠶᠢᠳᠠᠯ ᠢ ᠣᠶᠢᠯᠠᠭᠠᠬᠤ  ᠶᠢᠨ ᠬᠠᠮᠲᠣ ᠡᠯ᠎ᠡ ᠬᠤᠰᠢᠭᠤ ᠳᠣᠭᠤᠷᠢᠭ ᠦᠢᠯᠡᠴᠢᠯᠡᠬᠡᠨ ᠤ ᠪᠠᠳᠣᠯᠠᠭ᠎ᠠ ᠶᠢ ᠰᠠᠶᠢᠳᠣᠷ ᠬᠢᠵᠦ ᠪᠡᠯᠡ ᠣᠷᠣᠭᠤᠯᠣᠯᠲᠠ  ᠶᠢ ᠨᠡᠮᠡᠭᠳᠡᠬᠦᠯᠦᠨ ᠪᠦᠲᠦᠬᠡᠨ ᠪᠠᠶᠢᠭᠤᠯᠣᠯᠲᠠ ᠶᠢᠨ ᠠᠬᠢᠴᠠ ᠶᠢ ᠳᠦᠷᠭᠡᠳᠬᠡᠬᠦ ᠬᠡᠷᠡᠭᠲᠡᠢ ᠬᠡᠵᠦ ᠱᠠᠭᠠᠷᠳᠠᠭᠰᠠᠨ ᠪᠠᠶᠢᠨ᠎ᠠ᠃ ᠰᠡᠴᠡᠨᠪᠢᠯᠢᠭ ᠠᠴᠠ ᠶᠠᠭ ᠰᠠᠶᠢᠬᠠᠨ ᠬᠢᠨᠠᠨ ᠵᠦᠪᠰᠢᠶᠡᠷᠡᠵᠦ ᠪᠠᠶᠢᠭ᠎ᠠ ᠳᠦᠷᠦᠯ ᠵᠦᠢᠯ ᠤᠨ ᠠᠬᠢᠴᠠ ᠶᠢᠨ ᠪᠠᠶᠢᠳᠠᠯ ᠪᠠ ᠭᠠᠷᠳᠠᠮ ᠬᠦᠢᠴᠡᠳᠬᠡᠯ ᠳᠤ ᠣᠷᠣᠰᠢᠵᠦ ᠪᠠᠶᠢᠭ᠎ᠠ ᠠᠰᠠᠭᠤᠳᠠᠯ ᠤᠨ ᠳᠣᠬᠠᠢ ᠨᠠᠷᠢᠨ ᠣᠶᠢᠯᠠᠭᠠᠭᠰᠠᠨ ᠤ ᠬᠠᠮᠲᠣ ᠬᠠᠮᠢᠶ᠎ᠠ ᠪᠦᠬᠦᠢ ᠰᠠᠯᠠᠭ᠎ᠠ ᠮᠦᠴᠢᠷ ᠲᠠᠢ ᠰᠣᠳᠣᠯᠣᠨ ᠶᠠᠷᠢᠯᠴᠠᠵᠦ ᠳᠣᠬᠠᠢ ᠶᠢᠨ ᠳᠠᠯᠠᠪᠣᠷ ᠲᠤᠨᠢ ᠰᠢᠢᠳᠪᠦᠷᠢᠯᠡᠭᠰᠡᠨ ᠪᠠᠶᠢᠨ᠎ᠠ᠃
     ᠰᠡᠴᠡᠨᠪᠢᠯᠢᠭ ᠵᠢᠭᠠᠬᠤ ᠳᠤ ᠪᠠᠨ᠂ ᠪᠦᠬᠦ ᠬᠤᠲᠠ ᠶᠢᠨ ᠭᠤᠤᠯᠳᠠᠯᠭ᠎ᠠ ᠲᠠᠢ ᠲᠥᠷᠥᠯ ᠵᠥᠢᠯ ᠢ ᠲᠥᠪᠯᠡᠷᠡᠭᠦᠯᠦᠨ ᠬᠢᠨᠠᠨ ᠵᠥᠪᠰᠢᠶᠡᠷᠡᠬᠦ ᠬᠤᠯᠪᠤᠭᠠᠯᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠣᠭᠰᠠᠨ ᠠᠴᠠ ᠬᠤᠶᠢᠰᠢ ᠳᠦᠷᠦᠯ ᠵᠦᠢᠯ ᠢ ᠬᠢᠨᠠᠨ ᠵᠦᠪᠰᠢᠶᠡᠷᠡᠬᠦ᠂ ᠡᠯ᠎ᠡ ᠭᠤᠭᠴᠣᠭᠠᠨ ᠤ ᠠᠵᠢᠯ ᠡᠬᠢᠯᠡᠬᠦ ᠶᠢ ᠪᠦᠲᠦᠮᠵᠢᠲᠡᠢ ᠠᠬᠢᠭᠤᠯᠵᠦ ᠠᠩᠬ᠎ᠠ ᠠᠯᠬᠤᠮ ᠤᠨ ᠦᠷ᠎ᠡ ᠪᠦᠲᠦᠮᠵᠢ ᠣᠯᠣᠭᠰᠠᠨ ᠪᠠᠶᠢᠨ᠎ᠠ᠃ ᠡᠯ᠎ᠡ ᠬᠤᠰᠢᠭᠤ ᠳᠣᠭᠤᠷᠢᠭ᠂ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠢᠨ ︽ᠳᠦᠷᠦᠯ ᠵᠦᠢᠯ ᠢ ᠠᠳᠬᠤᠬᠤ ᠪᠣᠯ ᠳᠠᠷᠣᠢ ᠬᠦᠭᠵᠢᠯᠳᠡ ᠶᠢ ᠠᠳᠬᠤᠵᠦ ᠬᠦᠭᠵᠢᠯᠳᠡ ᠶᠢ ᠠᠳᠬᠤᠬᠤ ᠪᠣᠯ ᠳᠠᠷᠣᠢ ᠳᠦᠷᠦᠯ ᠵᠦᠢᠯ ᠢ ᠠᠳᠬᠤᠵᠦ ᠪᠠᠶᠢᠭ᠎ᠠ ᠶᠠᠪᠣᠳᠠᠯ ᠮᠦᠨ︾ ᠬᠡᠬᠦ ᠣᠶᠢᠯᠠᠭᠠᠭᠳᠠᠬᠤᠨ ᠢ ᠪᠠᠳᠣ ᠱᠣᠭᠤᠵᠦ ᠳᠦᠷᠦᠯ ᠵᠦᠢᠯ ᠢ ᠬᠢᠨᠠᠨ ᠵᠦᠪᠰᠢᠶᠡᠷᠡᠬᠦ᠂ ᠪᠦᠲᠦᠬᠡᠨ ᠪᠠᠶᠢᠭᠤᠯᠬᠤ᠂ ᠠᠰᠢᠭᠯᠠᠯᠲᠠ ᠳᠤ ᠤᠷᠤᠭᠤᠯᠬᠤ ᠪᠦᠬᠦ ᠶᠠᠪᠣᠴᠠ ᠶᠢᠨ ᠳᠣᠬᠢᠷᠠᠭᠤᠯᠣᠯᠲᠠ ᠶᠢ ᠴᠢᠩᠭᠠᠳᠬᠠᠵᠦ ᠠᠵᠣ ᠦᠢᠯᠡᠰ ᠢᠶᠠᠷ ᠬᠤᠳᠠᠯᠳᠣᠭᠠᠴᠢᠨ ᠣᠷᠢᠬᠤ᠂ ᠬᠤᠳᠠᠯᠳᠣᠭᠠᠴᠢᠨ ᠢᠶᠠᠷ ᠬᠤᠳᠠᠯᠳᠣᠭᠠᠴᠢᠨ ᠣᠷᠢᠬᠤ ᠵᠡᠷᠬᠡ ᠠᠷᠭ᠎ᠠ ᠬᠡᠯᠪᠡᠷᠢ ᠪᠠᠷ ᠨᠢᠬᠡ ᠪᠦᠯᠦᠭ ᠰᠠᠶᠢᠨ ᠳᠦᠷᠦᠯ ᠵᠦᠢᠯ᠂ ᠲᠤᠮᠤ ᠳᠦᠷᠦᠯ ᠵᠦᠢᠯ ᠢ ᠣᠷᠣᠭᠤᠯᠵᠦ ᠳᠦᠷᠦᠯ ᠵᠦᠢᠯ ᠤᠨ ᠠᠬᠢᠴᠠ ᠶᠢᠨ ᠰᠢᠨ᠎ᠡ ᠪᠠᠶᠢᠳᠠᠯ ᠢ ᠪᠣᠢ ᠪᠣᠯᠭᠠᠬᠤ ᠬᠡᠷᠡᠭᠲᠡᠢ ᠬᠡᠪᠡ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号