ᠥᠥᠰᠢᠨ ᠬᠤᠰᠢᠭᠤᠨ ᠤ ᠡᠮᠦᠨ᠎ᠡ ᠥᠷᠲᠡᠭᠡ ᠠᠴᠠ ᠶᠢᠩ ᠫᠠᠨ ᠬᠤᠤ ᠨᠡᠭᠦᠷᠡᠰᠣᠨ ᠠᠭᠤᠷᠬᠠᠢ ᠬᠦᠷᠬᠦ ᠲᠡᠮᠦᠷ ᠵᠠᠮ ᠤᠨ ᠲᠦᠷᠦᠯ ᠵᠦᠢᠯ ᠪᠠᠷᠢᠯᠭ᠎ᠠ ᠡᠬᠢᠯᠡᠯ᠎ᠡ
ᠨᠡᠶᠢᠲᠡᠯᠡᠭᠰᠡᠨ ᠴᠠᠭ᠄
2020-04-14
     4 ᠰᠠᠷ᠎ᠠ ᠶᠢᠨ 12 ᠤᠨ ᠡᠳᠦᠷ ᠤᠨ ᠦᠳᠡ ᠶᠢᠨ ᠡᠮᠦᠨ᠎ᠡ᠂ ᠦᠦᠰᠢᠨ ᠬᠤᠰᠢᠭᠤᠨ ᠤ ᠡᠮᠦᠨ᠎ᠡ ᠥᠷᠲᠡᠭᠡ  ᠠᠴᠠ ᠶᠢᠩ ᠫᠠᠨ ᠬᠤᠤ ᠨᠡᠭᠦᠷᠡᠰᠣᠨ ᠠᠭᠤᠷᠬᠠᠢ ᠬᠦᠷᠬᠦ ᠲᠡᠮᠦᠷ ᠵᠠᠮ ᠤᠨ ᠪᠥᠳᠥᠭᠡᠨ ᠪᠠᠶᠢᠭᠤᠯᠤᠯᠳᠠ ᠶᠢᠨ ᠪᠠᠷᠢᠯᠭ᠎ᠠ ᠡᠬᠢᠯᠡᠬᠦ  ᠶᠣᠰᠣᠯᠠᠯ ᠶᠠᠪᠣᠭᠳᠠᠪᠠ᠃ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ  ᠬᠤᠰᠢᠭᠤ ᠳᠠᠷᠤᠭ᠎ᠠ ᠵᠣᠣ ᠹᠸᠢ ᠯᠦ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠤᠶᠠᠨᠮᠠᠨᠳᠤᠬᠤ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠬᠤᠤ ᠸᠧᠶ ᠵᠡᠷᠭᠡ ᠬᠤᠰᠢᠭᠤ ᠳᠥᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ ᠪᠤᠯᠤᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠵᠢᠴᠢ ᠮᠠᠨ ᠤ ᠬᠤᠰᠢᠭᠤᠨ ᠤ ᠬᠠᠮᠢᠶ᠎ᠠ ᠪᠥᠬᠦᠶ ᠰᠠᠯᠠᠭ᠎ᠠ ᠮᠥᠴᠢᠷ᠂ ᠰᠤᠮᠤ ᠪᠠᠯᠭᠠᠰᠤᠨ ᠤ ᠭᠤᠤᠯ ᠬᠠᠷᠢᠭᠤᠴᠠᠯᠭᠠᠲᠠᠨ ᠠᠵᠢᠯᠯᠠᠭ᠎ᠠ ᠳᠤ ᠣᠷᠣᠯᠴᠠᠵᠠᠶ᠃      ᠡᠷᠳᠡᠨᠢᠪᠢᠯᠢᠭ ᠲᠥᠷᠥᠯ ᠵᠦᠢᠯ ᠤᠨ ᠪᠠᠷᠢᠯᠭ᠎ᠠ ᠡᠬᠢᠯᠡᠭᠰᠡᠨ ᠢ ᠵᠠᠷᠯᠠᠪᠠ᠃
     ᠵᠣᠣ ᠹᠸᠢ ᠯᠦ ᠬᠤᠰᠢᠭᠤ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ ᠢ ᠲᠥᠯᠦᠭᠡᠯᠡᠵᠦ ᠦᠭᠡ ᠶᠠᠷᠢᠪᠠ᠃ ᠲᠡᠷᠡ ᠵᠢᠭᠠᠬᠤ ᠳᠤ ᠪᠠᠨ᠂ ᠣᠶᠢᠷ᠎ᠠ ᠶᠢᠨ ᠵᠢᠯ ᠳᠤ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ ᠮᠠᠨ ᠤ ᠬᠤᠰᠢᠭᠤ ᠳᠡᠭᠡᠳᠦ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ︽ᠠᠮᠢ ᠠᠬᠤᠶ ᠶᠢ ᠤᠷᠢᠳ ᠢᠶᠠᠷ ᠪᠤᠳᠤᠯᠭᠢᠯᠠᠭᠰᠠᠨ ᠪᠣᠬᠢᠷᠲᠤᠯ ᠥᠬᠡᠶ ᠬᠦᠭᠵᠢᠯᠲᠡ︾ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠵᠠᠮ ᠢᠶᠠᠷ ᠰᠠᠶᠢᠲᠤᠷ ᠵᠠᠮᠨᠠᠬᠤ  ᠶᠢ ᠪᠠᠷᠢᠮᠲᠠᠯᠠᠭᠰᠠᠨ ᠠᠴᠠ ᠡᠬᠢ ᠪᠠᠶᠠᠯᠢᠭ ᠢ ᠨᠡᠭᠡᠭᠡᠨ ᠬᠥᠭᠵᠢᠭᠦᠯᠬᠦ ᠠᠬᠢᠴᠠ ᠦᠷᠭᠦᠯᠵᠢᠯᠡᠨ ᠲᠦᠷᠭᠡᠳᠴᠦ  ᠠᠵᠤ ᠦᠶᠯᠡᠰ ᠤᠨ ᠪᠦᠲᠦᠴᠡ ᠲᠠᠰᠤᠷᠠᠯᠲᠠ ᠥᠬᠡᠶ ᠰᠢᠯᠢᠳᠡᠭᠵᠢᠨ ᠰᠠᠭᠤᠷᠢ ᠲᠥᠬᠦᠭᠡᠷᠦᠮᠵᠢ ᠡᠳᠦᠷ ᠢᠷᠡᠬᠦᠶ᠎ᠡ ᠲᠡᠭᠦᠯᠳᠡᠷᠵᠢᠵᠦ ᠭᠠᠵᠠᠷ ᠣᠷᠣᠨ ᠤ ᠶᠡᠷᠦᠩᠬᠡᠶᠢᠯᠡᠭᠰᠡᠨ ᠪᠣᠳᠠᠲᠤ ᠬᠦᠴᠦᠨ ᠲᠣᠭᠲᠠᠭᠤᠨ ᠢᠶᠠᠷ ᠳᠡᠭᠡᠭᠰᠢᠯᠡᠪᠡ᠃ ᠣᠳᠣᠬᠠᠨ ᠳᠤ᠂ ᠪᠥᠬᠦ  ᠬᠤᠰᠢᠭᠤ ᠪᠠᠷ ᠢᠶᠠᠨ ᠲᠣᠭᠲᠠᠭᠰᠠᠨ ᠬᠤᠭᠤᠴᠠᠭᠠᠨ ᠳᠤ ᠴᠢᠨᠡᠭᠡᠯᠢᠭ ᠨᠡᠶᠢᠬᠡᠮ ᠢ ᠪᠥᠬᠦ ᠲᠠᠯ᠎ᠠ  ᠪᠠᠷ ᠪᠠᠶᠠᠯᠠᠭᠦᠯᠭᠦ ᠬᠠᠷᠠᠯᠳᠠ ᠶᠢᠨ ᠲᠤᠭᠤᠷᠢᠨ ᠳᠤ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠭᠦᠨᠵᠡᠭᠡᠶ ᠨᠠᠶᠢᠳᠠᠪᠤᠷᠢᠵᠢᠭᠤᠯᠵᠤ ᠡᠨᠧᠷᠭᠢ ᠶᠢᠨ ᠠᠵᠤ ᠦᠶᠯᠡᠰ ᠤᠨ ᠬᠦᠭᠵᠢᠯᠲᠡ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠣᠨ ᠨᠠᠩ ᠥᠷᠭᠡᠨ ᠠᠭᠤᠳᠠᠮ ᠬᠥᠭᠵᠢᠯᠲᠡ ᠶᠢᠨ ᠣᠷᠣᠨ ᠵᠠᠶ ᠶᠢ ᠰᠠᠨᠠᠭᠠᠴᠢᠯᠠᠭ᠎ᠠ ᠠᠴᠠ ᠪᠠᠨ ᠬᠦᠷᠢᠶᠡᠯᠡᠵᠦ ᠪᠠᠶᠢᠨ᠎ᠠ᠃ ᠦᠦᠰᠢᠨ ᠬᠤᠰᠢᠭᠤᠨ ᠤ ᠡᠮᠦᠨ᠎ᠡ ᠥᠷᠲᠡᠭᠡ ᠠᠴᠠ ᠶᠢᠩ ᠫᠠᠨ ᠬᠤᠤ ᠬᠥᠷᠬᠦ ᠲᠡᠮᠦᠷ ᠵᠠᠮ ᠪᠣᠯ ᠪᠥᠬᠦ ᠬᠤᠰᠢᠭᠤᠨ ᠤ ᠣᠲᠣ ᠦᠶ᠎ᠡ ᠶᠢᠨ ᠨᠡᠭᠦᠷᠡᠰᠦᠨ ᠤ ᠪᠠᠷᠠᠭᠠᠨ ᠤ ᠭᠦᠶᠯᠭᠡᠭᠡ ᠶᠢᠨ ᠵᠠᠩᠭᠢᠯᠠᠭ᠎ᠠ ᠶᠢᠨ ᠨᠢᠭᠡ ᠭᠤᠭᠴᠤᠭ᠎ᠠ᠂ ᠣᠷᠣᠨ ᠨᠤᠲᠤᠭ ᠪᠠ ᠠᠵᠤ ᠠᠬᠤᠶᠢᠯᠠᠯ ᠤᠨ ᠭᠦᠨᠵᠡᠭᠡᠶ ᠬᠠᠮᠲᠤᠷᠠᠯᠴᠠᠭ᠎ᠠ᠂ ︽ᠠᠰᠢᠭ ᠲᠤᠰᠠ ᠶᠢᠨ ᠬᠠᠮᠲᠤ ᠶᠢᠨ ᠴᠣᠭᠴᠠ︾  ᠶᠢ ᠪᠠᠶᠢᠭᠤᠯᠬᠤ ᠪᠡᠯᠭᠡ ᠲᠡᠮᠳᠡᠭ ᠤᠨ ᠴᠢᠨᠠᠷᠲᠠᠶ ᠢᠨᠵᠧᠨᠧᠷᠢᠩ᠂ ᠤᠮᠠᠷᠠᠲᠤ ᠶᠢᠨ ᠨᠡᠭᠦᠷᠡᠰᠦ ᠶᠢ ᠡᠮᠦᠨᠡᠰᠢ ᠲᠡᠭᠡᠭᠡᠪᠦᠷᠢᠯᠡᠬᠦ ᠰᠢᠨ᠎ᠡ ᠪᠠᠶᠢᠷᠢᠰᠢᠯ ᠲᠦᠷᠭᠡᠨ ᠪᠣᠶ ᠪᠣᠯᠤᠭᠰᠠᠨ ᠴᠢᠬᠤᠯᠠ ᠪᠦᠷᠢᠯᠳᠦᠬᠦᠨ ᠮᠥᠨ᠃ ᠬᠤᠶᠢᠰᠢᠳᠠ ᠪᠢᠳᠡ  ᠥᠩᠭᠡᠷᠡᠭᠰᠡᠨ ᠲᠠᠢ ᠪᠠᠨ ᠠᠳᠠᠯᠢ ᠪᠠᠷ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠳᠤ ᠥᠨᠳᠥᠷ ᠪᠦᠲᠦᠮᠵᠢᠲᠡᠶ ᠪᠥᠭᠡᠳ ᠳᠥᠭᠦᠮ ᠳᠥᠲᠡ ᠦᠶᠯᠡᠴᠢᠯᠡᠭᠡ ᠬᠠᠩᠭᠠᠵᠤ ᠪᠠᠷᠢᠯᠭ᠎ᠠ ᠶᠢᠨ ᠰᠠᠶᠢᠨ ᠰᠠᠶᠢᠬᠠᠨ ᠣᠷᠴᠢᠨ ᠨᠥᠬᠦᠴᠡᠯ ᠢ ᠪᠤᠢ ᠪᠣᠯᠭᠠᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠳᠤᠮᠳᠠ ᠲᠤᠯᠭᠠᠷᠠᠭᠰᠠᠨ ᠬᠦᠴᠢᠷᠳᠡᠯ ᠢ ᠴᠠᠭ ᠲᠤᠬᠠᠶ ᠳᠤᠨᠢ ᠵᠣᠬᠢᠴᠠᠭᠤᠯᠤᠨ ᠰᠢᠶᠳᠪᠦᠷᠢᠯᠡᠵᠦ ᠢᠨᠵᠧᠨᠧᠷᠢᠩ ᠢ ᠲᠥᠯᠦᠪᠯᠡᠭᠡ ᠶᠣᠰᠣᠭᠠᠷ ᠠᠭᠢᠬᠤ ᠶᠢ ᠪᠠᠳᠤᠯᠠᠨ᠎ᠠ ᠭᠡᠵᠡᠢ᠃      ᠶᠣᠰᠣᠯᠠᠯ ᠳᠤ ᠣᠷᠣᠯᠴᠠᠭᠰᠠᠨ ᠤᠳᠤᠷᠢᠳᠤᠯᠭ᠎ᠠ ᠨᠠᠷ ᠪᠠᠷᠢᠯᠭ᠎ᠠ ᠡᠬᠢᠯᠡᠬᠦ ᠳᠦᠷᠦᠯ ᠵᠦᠢᠯ ᠳᠤ ᠰᠢᠷᠤᠢ ᠨᠡᠮᠡᠵᠤ ᠰᠠᠭᠤᠷᠢ ᠳᠠᠯᠪᠢᠪᠠ᠃
     ᠣᠶᠢᠯᠠᠭᠠᠭᠰᠠᠨ ᠢᠶᠠᠷ᠂ ᠦᠦᠰᠢᠨ ᠬᠤᠰᠢᠭᠤᠨ ᠤ ᠡᠮᠦᠨ᠎ᠡ ᠥᠷᠲᠡᠭᠡ ᠠᠴᠠ ᠶᠢᠩ ᠫᠠᠨ ᠬᠤᠤ ᠬᠦᠷᠬᠦ ᠲᠡᠮᠦᠷ ᠵᠠᠮ ᠤᠨ ᠪᠠᠷᠢᠯᠭ᠎ᠠ ᠶᠢᠨ ᠲᠥᠷᠥᠯ ᠵᠦᠶᠯ ᠢ ᠶᠡᠨᠵᠸᠦ ᠨᠡᠭᠦᠷᠡᠰᠦᠨ ᠤ ᠦᠢᠯᠡᠰ ᠤᠨ ᠣᠷᠳᠣᠰ ᠡᠨᠧᠷᠬᠢ ᠬᠢᠮᠢ ᠶᠢᠨ ᠺᠣᠮᠫᠠᠨᠢ ᠪᠣᠯᠤᠨ ᠦᠦᠰᠢᠨ ᠬᠤᠰᠢᠭᠤᠨ ᠤ ᠵᠠᠰᠠᠭ ᠤᠨ ᠣᠷᠳᠣᠨ ᠲᠠᠢ ᠬᠠᠮᠳᠣᠷᠠᠨ ᠪᠠᠶᠢᠭᠤᠯᠵᠦ ᠥᠪᠥᠷ ᠮᠣᠩᠭᠤᠯ  ᠳᠤ ᠪᠡᠯᠡ ᠨᠡᠶᠢᠯᠡᠭᠦᠯᠦᠨ ᠬᠤᠷᠰᠢᠵᠣ ᠪᠠᠶᠢᠭ᠎ᠠ ᠬᠦᠷᠢᠶ᠎ᠠ ᠬᠡᠪᠴᠢᠶ᠎ᠡ ᠪᠣᠯᠣᠨ ᠵᠥᠭᠡᠭᠡᠪᠦᠷᠢ ᠶᠢᠨ ᠴᠢᠳᠠᠮᠵᠢ ᠪᠠᠷ ᠬᠠᠮᠤᠭ  ᠤᠨ ᠶᠡᠭᠡ ᠨᠡᠭᠦᠷᠡᠰᠦ ᠲᠥᠪᠯᠡᠷᠡᠭᠦᠯᠦᠨ ᠲᠡᠭᠡᠭᠡᠪᠦᠷᠢᠯᠡᠬᠦ ᠲᠥᠷᠥᠯ ᠵᠦᠢᠯ ᠪᠣᠯᠤᠨ᠎ᠠ᠃ ᠡᠨᠡᠭᠦ ᠳᠦᠷᠣᠯ ᠵᠣᠶᠢᠯ ᠨᠢ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠵᠥᠪᠰᠢᠶᠡᠷᠡᠯ ᠢᠶᠠᠷ ᠬᠤᠯᠪᠣᠭᠠᠯᠵᠢ ᠠᠴᠠ ᠵᠢᠢ ᠠᠠ ᠬᠦᠷᠬᠦ ᠲᠡᠮᠦᠷ ᠵᠠᠮ ᠲᠠᠢ ᠳᠦᠬᠦᠷᠴᠢᠯᠡᠭᠦᠯᠣᠨ ᠪᠠᠶᠢᠭᠤᠯᠵᠣ  ᠦᠦᠰᠢᠨ ᠬᠤᠰᠢᠭᠤᠨ ᠤ ᠨᠠᠷᠢᠠᠭᠤᠤᠯ ᠠᠭᠤᠷᠬᠠᠢ  ᠶᠢᠨ ᠲᠣᠭᠤᠷᠢᠭ ᠤᠨ ᠶᠢᠩ ᠫᠠᠨ ᠬᠤᠤ ᠨᠡᠭᠦᠷᠡᠰᠣᠨ ᠠᠭᠤᠷᠬᠠᠢ ᠶᠢᠨ ᠬᠤᠶᠢᠲᠣ ᠲᠠᠯ᠎ᠠ᠂ ᠬᠤᠯᠪᠣᠭᠠᠯᠵᠢ ᠠᠴᠠ ᠵᠢᠢ ᠠᠠ ᠬᠦᠷᠬᠦ ᠲᠡᠮᠦᠷ ᠵᠠᠮ᠂ ᠰᠢᠨ᠎ᠡ ᠵᠡᠭᠡᠯᠢ ᠠᠴᠠ ᠱᠠᠩᠬᠠᠢ ᠶᠢᠨ ᠰᠦᠮ᠎ᠡ ᠬᠦᠷᠬᠦ ᠲᠡᠮᠦᠷ ᠵᠠᠮ ᠤᠨ ᠡᠮᠦᠨ᠎ᠡ ᠲᠠᠯ᠎ᠠ ᠳᠤ ᠪᠠᠶᠢᠷᠢᠯᠠᠵᠤ ᠲᠡᠮᠦᠷ ᠵᠠᠮ ᠤᠨ ᠣᠷᠳᠣ ᠨᠢ 14.98 ᠺᠢᠯᠣᠮᠧᠲᠷ᠂ ᠪᠠᠷᠣᠭᠴᠠᠭᠠᠯᠠᠪᠠᠯ ᠪᠠᠷᠤᠭ 9.68 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠣ 1363 ᠮᠥ ᠭᠠᠵᠠᠷ ᠡᠵᠡᠯᠡᠨ ᠡᠭᠦᠨ ᠳᠤ ᠲᠡᠮᠦᠷ ᠵᠠᠮ ᠤᠨ ᠲᠤᠰᠬᠠᠶ ᠱᠤᠭᠤᠮ᠂ ᠶᠢᠩ ᠫᠠᠨ ᠬᠤᠤ ᠲᠥᠪᠯᠡᠷᠡᠭᠦᠯᠦᠨ ᠲᠡᠭᠡᠭᠡᠪᠦᠷᠢᠯᠡᠬᠦ ᠥᠷᠲᠡᠭᠡ᠂ ᠨᠡᠭᠦᠷᠡᠰᠦ ᠳᠠᠮᠵᠢᠭᠤᠯᠬᠤ ᠬᠥᠭᠦᠷᠭᠡ ᠵᠡᠷᠭᠡ ᠭᠤᠷᠪᠠᠨ ᠬᠡᠰᠡᠭ ᠪᠠᠭᠳᠠᠬᠤ ᠪᠣᠯᠣᠨ᠎ᠠ᠃
     ᠲᠣᠰ ᠪᠠᠷᠢᠯᠭ᠎ᠠ ᠶᠢᠨ ᠲᠥᠷᠥᠯ ᠵᠦᠶᠯ ᠢ ᠲᠡᠮᠦᠷ ᠵᠠᠮ ᠤᠨ ᠲᠤᠰᠬᠠᠶ ᠲᠡᠭᠡᠭᠡᠪᠦᠷᠢ ᠶᠢᠨ ᠱᠤᠭᠤᠮ ᠪᠣᠯᠤᠨ ᠨᠡᠭᠦᠷᠡᠰᠦ ᠬᠠᠳᠠᠭᠠᠯᠠᠵᠤ ᠲᠡᠭᠡᠭᠡᠪᠦᠷᠢᠯᠡᠬᠦ ᠰᠢᠰᠲ᠋ᠧᠮ ᠭᠡᠵᠦ ᠬᠤᠪᠢᠶᠠᠨ ᠡᠨ᠋ᠨ ᠵᠢᠯ 10 ᠰᠠᠷ᠎ᠠ ᠶᠢᠨ ᠰᠡᠭᠦᠯᠴᠢ ᠪᠠᠷ ᠨᠠᠪᠳᠠᠷᠡᠬᠦᠯᠬᠦ ᠪᠠᠷ ᠳᠦᠯᠣᠪᠯᠠᠵᠣ ᠨᠡᠭᠦᠷᠡᠰᠦ ᠬᠠᠳᠠᠭᠠᠯᠠᠨ ᠲᠡᠭᠡᠭᠡᠪᠦᠷᠢᠯᠡᠬᠦ ᠰᠢᠰᠲ᠋ᠧᠮ ᠢ 12 ᠰᠠᠷ᠎ᠠ ᠶᠢᠨ ᠰᠡᠭᠦᠯᠴᠢ  ᠪᠠᠷ ᠪᠠᠶᠢᠭᠤᠯᠵᠤ ᠳᠠᠭᠤᠰᠬᠠᠬᠤ ᠶᠢᠨ ᠬᠠᠮᠲᠤ ᠨᠡᠭᠦᠷᠡᠰᠦ ᠵᠦᠭᠡᠭᠡᠪᠣᠷᠢᠯᠡᠬᠦ ᠨᠥᠬᠦᠴᠡᠯ ᠢ ᠪᠦᠷᠢᠯᠳᠦᠭᠦᠯᠤᠨ ᠲᠥᠷᠥᠯ ᠵᠦᠶᠯ ᠢ ᠪᠦᠳᠣᠭᠡᠨ ᠪᠠᠶᠢᠭᠤᠯᠵᠤ ᠳᠠᠭᠤᠰᠬᠠᠭᠰᠠᠨ ᠤ ᠳᠠᠷᠠᠭ᠎ᠠ ᠵᠢᠯ ᠳᠤ ᠪᠠᠷᠤᠭ 1500 ᠲᠦᠮᠡᠨ ᠲᠣᠨ ᠠᠴᠠ ᠳᠡᠭᠡᠭᠰᠢ ᠨᠡᠭᠦᠷᠡᠰᠣ ᠳᠡᠭᠡᠭᠡᠪᠣᠷᠢᠯᠡᠨ ᠵᠦᠭᠡᠭᠡᠪᠣᠷᠢᠯᠡᠵᠣ ᠶᠢᠩ ᠫᠠᠨ ᠬᠤᠤ ᠲᠥᠪᠯᠡᠷᠡᠭᠦᠯᠦᠨ ᠲᠡᠭᠡᠭᠡᠪᠦᠷᠢᠯᠡᠬᠦ ᠥᠷᠲᠡᠭᠡ  ᠨᠢ ᠭᠤᠤᠯᠳᠠᠭᠤ ᠶᠢᠩ ᠫᠠᠨ ᠬᠤᠤ ᠨᠡᠭᠦᠷᠡᠰᠦᠨ ᠠᠭᠤᠷᠬᠠᠢ ᠶᠢᠨ ᠨᠡᠭᠦᠷᠡᠰᠦᠨ ᠤ ᠲᠡᠭᠡᠭᠡᠪᠦᠷᠢ ᠳᠤ ᠣᠶᠢᠯᠡᠴᠢᠯᠡᠭᠦ ᠶᠢᠨ ᠬᠠᠮᠲᠣ ᠣᠶᠢᠷ᠎ᠠ ᠣᠷᠴᠢᠮ ᠤᠨ ᠨᠡᠭᠦᠷᠡᠰᠦᠨ ᠠᠭᠤᠷᠬᠠᠢ ᠶᠢᠨ ᠨᠡᠭᠦᠷᠡᠰᠣ ᠶᠢ ᠳᠦᠪᠯᠡᠷᠡᠭᠦᠯᠣᠨ ᠳᠡᠭᠡᠭᠡᠪᠣᠷᠢᠯᠡᠬᠦ ᠳᠤ ᠣᠶᠢᠯᠡᠴᠢᠯᠠᠨ ᠬᠤᠯᠪᠣᠭᠠᠯᠵᠢ ᠠᠴᠠ ᠵᠢᠶ ᠠᠡ ᠬᠦᠷᠬᠦ ᠳᠡᠮᠤᠷ ᠵᠠᠮ ᠢᠶᠠᠷ ᠳᠠᠮᠵᠢᠨ ᠳᠤᠮᠳᠠᠳᠤ ᠣᠷᠣᠨ᠂ ᠡᠮᠦᠨᠡᠲᠦ ᠣᠷᠣᠨ ᠤ ᠵᠠᠬ᠎ᠠ ᠳᠡᠯᠭᠡᠭᠦᠷ ᠳᠤ ᠬᠦᠷᠭᠡᠵᠣ ᠪᠠᠷᠠᠭᠤᠨᠰᠢ ᠰᠢᠨ᠎ᠡ ᠵᠡᠭᠡᠯᠢ ᠠᠴᠠ ᠱᠠᠩᠬᠠᠢ ᠶᠢᠨ ᠰᠦᠮ᠎ᠡ ᠬᠦᠷᠬᠦ ᠳᠡᠮᠤᠷ ᠵᠠᠮ ᠢᠶᠠᠷ ᠳᠠᠮᠵᠢᠨ ᠨᠢᠩᠰᠢᠶᠠ ᠶᠢᠨ ᠨᠢᠩᠳᠦ᠋ᠩ᠂ ᠥᠪᠦᠷ ᠮᠤᠩᠭᠤᠯ ᠤᠨ ᠪᠠᠷᠠᠭᠤᠨ ᠬᠡᠰᠡᠭ ᠤᠨ ᠭᠠᠵᠠᠷ ᠤᠷᠤᠨ ᠢᠶᠠᠷ ᠬᠦᠷᠴᠤ ᠮᠠᠨ ᠤ ᠤᠯᠤᠰ ᠤᠨ ᠵᠢᠶᠠᠩᠰᠢ᠂ ᠬᠤᠨᠠᠨ᠂ ᠬᠤᠪᠸᠢ ᠵᠡᠷᠭᠡ ᠭᠠᠵᠠᠷ ᠣᠷᠣᠨ ᠳᠤ ᠡᠯᠪᠡᠭ ᠪᠠᠶᠠᠯᠢᠭ ᠨᠡᠭᠦᠷᠡᠰᠦᠨ ᠤ ᠡᠬᠢ ᠪᠠᠶᠠᠯᠢᠭ ᠢ ᠬᠠᠩᠭᠠᠵᠤ ᠲᠡᠭᠡᠭᠡᠪᠦᠷᠢ ᠶᠢᠨ ᠠᠷᠭ᠎ᠠ ᠮᠠᠶ᠋ᠢᠭ ᠢ ᠬᠤᠪᠢᠷᠠᠭᠤᠯᠬᠤ᠂ ᠲᠡᠭᠡᠭᠡᠪᠦᠷᠢ ᠶᠢᠨ ᠥᠪᠡᠷ ᠤᠨ ᠦᠷᠳᠡᠭ ᠢ ᠪᠠᠭᠤᠷᠠᠭᠤᠯᠬᠤ᠂ ᠦᠢᠯᠡᠳᠬᠦᠨ ᠤ ᠪᠤᠷᠤᠯᠠᠭᠤᠯᠭ᠎ᠠ ᠵᠠᠮ ᠱᠣᠭᠤᠮ ᠢ ᠥᠷᠭᠡᠳᠬᠡᠬᠦ ᠳᠤ ᠯᠣᠲᠣ ᠶᠡᠭᠡ ᠦᠢᠯᠡᠳᠦᠯ ᠦᠵᠡᠭᠦᠯᠬᠦ ᠪᠣᠯᠤᠨ᠎ᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号