4 ᠰᠠᠷ᠎ᠠ ᠶᠢᠨ 8 ᠤ ᠡᠳᠦᠷ᠂ ᠠᠷᠪᠠᠨ ᠳᠠᠪᠣᠳᠣᠭᠠᠷ ᠬᠤᠭᠤᠴᠠᠭᠠᠨ ᠤ ᠬᠤᠰᠢᠭᠤ ᠨᠠᠮ ᠤᠨ ᠬᠤᠷᠢᠶᠠᠨ ᠤ | ᠳᠣᠯᠣᠳᠣᠭᠠᠷ ᠡᠬᠡᠯᠵᠢ ᠶᠢᠨ ᠳᠣᠭᠤᠷᠢᠨ ᠪᠠᠶᠢᠴᠠᠭᠠᠬᠤ ᠠᠵᠢᠯ ᠤᠨ ᠳᠠᠶᠢᠴᠢᠯᠠᠯᠳᠠ ᠪᠠᠶᠢᠷᠢᠯᠠᠭᠤᠯᠤᠯᠲᠠ ᠶᠢᠨ ᠬᠤᠷᠠᠯ | ᠬᠤᠷᠠᠯᠳᠣᠪᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ ᠰᠠᠬᠢᠯᠭ᠎ᠠ ᠪᠠᠳᠣ ᠪᠠᠶᠢᠴᠠᠭᠠᠬᠤ | ᠬᠤᠷᠢᠶᠠᠨ ᠤ ᠱᠦᠵᠢ ᠬᠢᠨᠠᠨ ᠪᠠᠶᠢᠴᠠᠭᠠᠬᠤ ᠵᠦᠪᠯᠡᠯ ᠤᠨ ᠡᠷᠬᠢᠯᠡᠭᠴᠢ ᠯᠠᠨ ᠲᠢᠶᠠᠨ᠂ ᠬᠤᠰᠢᠭᠤ ᠨᠠᠮ ᠤᠨ ᠬᠤᠷᠢᠶᠠᠨ | ᠤ ᠪᠠᠶᠢᠩᠭᠤ ᠶᠢᠨ ᠬᠡᠰᠢᠬᠦᠨ ᠵᠣᠬᠢᠶᠠᠨ ᠪᠠᠶᠢᠭᠤᠯᠬᠤ ᠬᠡᠯᠳᠡᠰ ᠤᠨ ᠳᠠᠷᠤᠭ᠎ᠠ ᠰᠣ᠋ ᠰᠢᠨ ᠹᠠ ᠬᠤᠷᠠᠯ ᠳᠤ ᠤᠷᠤᠯᠴᠠᠪᠠ᠃ | | | | | | | | ᠬᠤᠷᠠᠯ ᠳᠡᠭᠡᠷ᠎ᠡ ᠰᠣ᠋ ᠰᠢᠨ ᠹᠠ ᠠᠴᠠ ᠠᠷᠪᠠᠨ ᠳᠠᠪᠣᠳᠣᠭᠠᠷ ᠬᠤᠭᠤᠴᠠᠭᠠᠨ ᠤ ᠬᠤᠰᠢᠭᠤ ᠨᠠᠮ ᠤᠨ ᠬᠤᠷᠢᠶᠠᠨ | ᠤ ᠳᠣᠯᠣᠳᠣᠭᠠᠷ ᠡᠭᠡᠯᠵᠢ ᠶᠢᠨ ᠳᠣᠭᠤᠷᠢᠨ ᠪᠠᠶᠢᠴᠠᠭᠠᠬᠤ ᠳᠣᠭᠤᠶᠢᠯᠠᠩ ᠤᠨ ᠳᠠᠷᠤᠭ᠎ᠠ ᠳᠤ ᠡᠷᠬᠡ ᠤᠯᠭᠤᠭᠰᠠᠨ ᠵᠢᠴᠢ | ᠳᠣᠭᠤᠷᠢᠨ ᠪᠠᠶᠢᠴᠠᠭᠠᠬᠤ ᠡᠬᠦᠷᠭᠡ ᠶᠢᠨ ᠬᠤᠪᠢᠶᠠᠷᠢᠯᠠᠯᠳᠠ ᠶᠢᠨ ᠰᠢᠢᠳᠪᠦᠷᠢ ᠶᠢ ᠨᠡᠶᠢᠲᠡᠯᠡᠵᠤ᠂ ᠯᠠᠨ ᠲᠢᠶᠠᠨ | ᠪᠠᠶᠢᠷᠢᠯᠠᠭᠤᠯᠤᠯᠲᠠ ᠬᠢᠵᠤ ᠦᠭᠡ ᠶᠠᠷᠢᠪᠠ᠃ | ᠬᠤᠷᠠᠯ ᠠᠴᠠ ᠵᠢᠭᠠᠬᠤ ᠳᠠᠭᠠᠨ᠂ ᠣᠯᠣᠰ ᠳᠦᠷᠦ ᠶᠢᠨ ᠪᠠᠶᠢᠷᠢ ᠳᠣᠭᠳᠠᠭᠠᠯᠳᠠ ᠶᠢ ᠪᠠᠳᠣ ᠰᠠᠬᠢᠵᠦ ᠢᠮᠠᠭᠳᠠ | ᠨᠠᠮ ᠤᠨ ᠣᠯᠣᠰ ᠳᠦᠷᠦ ᠶᠢᠨ ᠪᠠᠶᠢᠭᠤᠯᠣᠯᠳᠠ ᠪᠠᠷ ᠶᠡᠷᠦᠩᠬᠡᠶᠢᠯᠡᠨ ᠵᠢᠯᠣᠭᠤᠳᠣᠭᠤᠯᠵᠦ ︽ᠳᠦᠷᠪᠡᠨ ᠣᠬᠠᠮᠰᠠᠷ︾ ᠢ | ᠪᠣᠢ ᠪᠤᠯᠭᠠᠨ ︽ᠳᠦᠷᠪᠡᠨ ᠢᠳᠡᠭᠡᠯ︾ ᠢ ᠪᠠᠳᠣᠳᠬᠠᠨ ︽ᠬᠤᠶᠠᠷ ᠢ ᠬᠠᠮᠠᠭᠠᠯᠠᠬᠤ︾ ᠶᠢ ᠪᠡᠶᠡᠯᠡᠬᠦᠯᠵᠦ ᠨᠡᠬᠦᠷᠡᠰᠦᠨ | ᠤ ᠬᠦᠷᠢᠶ᠎ᠡ ᠴᠠᠷᠠᠭ᠎ᠠ ᠪᠠ ᠴᠠᠭᠳᠠᠨ ᠪᠠᠶᠢᠴᠠᠭᠠᠭᠳᠠᠵᠦ ᠪᠠᠶᠢᠭ᠎ᠠ ᠨᠠᠮ ᠤᠨ ᠵᠣᠬᠢᠶᠠᠨ ᠪᠠᠶᠢᠭᠤᠯᠣᠯᠳᠠ ᠳᠤ ᠣᠷᠣᠰᠢᠵᠦ | ᠪᠠᠶᠢᠭ᠎ᠠ ᠣᠯᠣᠰ ᠳᠦᠷᠦ ᠶᠢᠨ ᠠᠰᠠᠭᠤᠳᠠᠯ᠂ ᠬᠠᠷᠢᠭᠤᠴᠠᠯᠭ᠎ᠠ ᠶᠢᠨ ᠠᠰᠠᠭᠤᠳᠠᠯ᠂ ᠢᠯᠵᠢᠷᠡᠯ ᠤᠨ ᠠᠰᠠᠭᠤᠳᠠᠯ᠂ | ᠰᠣᠷᠳᠠᠯ ᠤᠨ ᠠᠰᠠᠭᠤᠳᠠᠯ ᠢ ᠬᠦᠨᠵᠡᠬᠡᠢ ᠡᠷᠢᠵᠦ ᠳᠣᠭᠤᠷᠢᠨ ᠪᠠᠶᠢᠴᠠᠭᠠᠵᠦ ᠬᠢᠨᠠᠯᠳᠠ ᠳᠠᠯᠪᠢᠬᠤ ᠦᠢᠯᠡᠳᠦᠯ ᠢᠶᠠᠨ | ᠬᠦᠢᠴᠡᠳ ᠪᠠᠳᠠᠷᠠᠭᠤᠯᠬᠤ ᠬᠡᠷᠡᠭᠲᠡᠢ ᠬᠡᠪᠡ᠃ | | | | | | | ᠬᠤᠷᠠᠯ ᠠᠴᠠ ᠴᠢᠬᠤᠯᠠᠴᠢᠯᠠᠬᠤ ᠳᠤ ᠪᠠᠨ᠂ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠦᠨ ᠬᠢᠨᠠᠯᠲᠠ | ᠲᠠᠯᠪᠢᠬᠤ ᠶᠢ ᠴᠢᠩᠭᠠᠳᠬᠠᠵᠤ ᠪᠤᠳᠠᠳᠠᠢ ᠪᠥᠭᠡᠳ ᠨᠠᠷᠢᠯᠢᠭ ᠬᠢᠵᠦ ᠨᠡᠶᠢᠲᠡᠯᠢᠭ ᠴᠢᠨᠠᠷᠲᠠᠢ ᠠᠰᠠᠭᠤᠳᠠᠯ ᠢ ᠡᠵᠡᠮᠳᠡᠨ | ᠥᠪᠡᠷᠮᠢᠴᠡ ᠴᠢᠨᠠᠷ ᠤᠨ ᠠᠰᠠᠭᠤᠳᠠᠯ ᠢ ᠲᠤᠪᠤᠶᠢᠯᠭᠠᠵᠤ ︽ᠭᠤᠷᠪᠠ ᠶᠢ ᠲᠥᠪᠯᠡᠷᠡᠭᠦᠯᠬᠦ︾ ᠶᠢ ᠪᠣᠳᠠᠲᠠᠢ ᠪᠡᠶᠡᠯᠡᠭᠦᠯᠬᠦ | ᠬᠡᠷᠡᠭᠲᠡᠢ᠃ ᠲᠤᠬᠠᠶᠢᠯᠠᠪᠠᠯ ᠦᠨᠳᠦᠰᠦᠨ ᠱᠠᠲᠤᠨ ᠤ ᠨᠠᠮ ᠤᠨ ᠱᠤᠭᠤᠮ ᠴᠢᠭᠯᠡᠯᠲᠡ ᠲᠦᠷᠦ ᠶᠢᠨ ᠪᠤᠳᠤᠯᠭ᠎ᠠ ᠶᠢ | ᠲᠤᠭᠤᠰᠢᠯᠠᠭᠤᠯᠤᠨ ᠨᠠᠶᠢᠳᠠᠪᠣᠷᠢᠵᠢᠭᠤᠯᠵᠦ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠠ ᠨᠠᠮ ᠤᠨ | ᠭᠡᠰᠢᠬᠦᠨ ᠺᠠᠳ᠋ᠷᠴᠤᠳ ᠤᠨ ᠬᠠᠷᠢᠭᠤᠴᠠᠯᠭ᠎ᠠ ᠶᠢ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠤᠯᠠᠮ ᠨᠢᠭᠡ | ᠠᠯᠬᠤᠮ ᠠᠬᠢᠭᠤᠯᠬᠤ ᠬᠡᠷᠡᠭᠲᠡᠶ︔ ᠤᠯᠠᠨ ᠲᠦᠮᠡᠨ ᠤ ᠳᠡᠷᠭᠡᠳᠡᠬᠢ ᠢᠯᠵᠢᠷᠡᠯ ᠤᠨ ᠠᠰᠠᠭᠤᠳᠠᠯ ᠪᠣᠯᠤᠨ ᠲᠥᠪ ᠪᠤᠰᠤ | ᠰᠤᠷᠲᠠᠯ ᠳᠤ ᠠᠩᠬᠠᠷᠤᠯ ᠢᠶᠠᠨ ᠲᠦᠪᠯᠡᠷᠡᠭᠦᠯᠵᠤ ᠤᠯᠠᠨ ᠲᠦᠮᠡᠨ ᠤ ᠠᠰᠢᠭ ᠬᠦᠷᠲᠡᠭᠰᠡᠨ ᠲᠦᠷᠦᠭᠳᠡᠯ᠂ ᠵᠤᠯ | ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠴᠢᠨᠠᠭᠰᠢᠳᠠ ᠴᠢᠩᠭᠠᠳᠬᠠᠬᠤ ᠬᠡᠷᠡᠭᠲᠡᠢ︔ ᠦᠨᠳᠦᠰᠦᠨ | ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠲᠤᠷᠤᠢ ᠪᠠᠭᠤᠷᠠᠶ ᠰᠤᠯᠠ ᠵᠠᠳᠠᠭᠠᠶ᠂ ᠵᠣᠬᠢᠶᠠᠨ ᠪᠠᠶᠢᠭᠤᠯᠣᠯᠳᠠ | ᠶᠢᠨ ᠬᠦᠴᠦᠨ ᠳᠣᠳᠠᠮᠠᠭ ᠪᠠᠶᠢᠬᠤ ᠠᠰᠠᠭᠤᠳᠠᠯ ᠳᠤ ᠠᠩᠬᠠᠷᠣᠯ ᠳᠦᠪᠯᠡᠷᠡᠬᠦᠯᠵᠦ ᠣᠯᠣᠰ ᠳᠦᠷᠦ ᠶᠢᠨ ᠴᠢᠳᠠᠮᠵᠢ ᠶᠢ | ᠴᠢᠩᠭᠠᠳᠬᠠᠵᠦ ᠪᠠᠳᠣ ᠴᠢᠩᠭ᠎ᠠ ᠳᠠᠶᠢᠴᠢᠨ ᠪᠠᠬᠢᠯᠡᠯᠳᠡ ᠶᠢ ᠪᠣᠢ ᠪᠣᠯᠭᠠᠬᠤ ᠬᠡᠷᠡᠭᠲᠡᠢ ᠬᠡᠪᠡ᠃ | | | | | | | ᠬᠤᠷᠠᠯ ᠠᠴᠠ ᠱᠠᠭᠠᠷᠳᠠᠬᠤ ᠳᠠᠭᠠᠨ᠂ ᠬᠠᠷᠢᠯᠴᠠᠨ ᠬᠠᠮᠲᠤᠷᠠᠯᠴᠠᠭ᠎ᠠ ᠪᠠᠨ ᠴᠢᠩᠭᠠᠳᠬᠠᠵᠤ ᠡᠯ᠎ᠡ ᠬᠠᠮᠵᠢᠯᠴᠠᠬᠤ | ᠪᠦᠷᠢᠯᠳᠦᠬᠦᠨ ᠨᠢᠭᠡᠴᠢ ᠢᠳᠡᠪᠬᠢᠲᠡᠢ ᠬᠠᠮᠵᠢᠯᠴᠠᠨ ᠦᠨ᠎ᠡ ᠦᠷᠳᠡᠭ ᠲᠠᠢ ᠮᠡᠳᠡᠭᠡ ᠵᠠᠩᠬᠢ ᠪᠠ ᠰᠦᠪᠡᠭᠴᠢ ᠶᠢ ᠴᠠᠭ | ᠳᠣᠬᠠᠢ ᠳᠤᠨᠢ ᠬᠠᠩᠭᠠᠵᠦ ᠳᠣᠭᠤᠷᠢᠨ ᠪᠠᠶᠢᠴᠠᠭᠠᠬᠤ ᠠᠵᠢᠯ ᠤᠨ ᠪᠡᠯᠡᠳᠬᠡᠯ ᠠᠵᠢᠯ ᠢ ᠰᠠᠶᠢᠳᠣᠷ ᠬᠢᠬᠦ ᠬᠡᠷᠡᠭᠲᠡᠢ᠃ | ᠡᠯ᠎ᠡ ᠳᠣᠭᠤᠷᠢᠨ ᠪᠠᠶᠢᠴᠠᠭᠠᠬᠤ ᠳᠣᠭᠤᠶᠢᠯᠠᠩ ᠵᠣᠷᠢᠭᠳᠠᠢ ᠪᠠᠷ ᠬᠠᠷᠢᠭᠤᠴᠠᠯᠭ᠎ᠠ ᠡᠬᠦᠷᠬᠡᠯᠡᠵᠦ ᠨᠠᠮ ᠤᠨ ᠣᠯᠣᠰ | ᠳᠦᠷᠦ ᠶᠢᠨ ᠰᠠᠬᠢᠯᠭ᠎ᠠ ᠪᠠᠳᠣ ᠪᠣᠯᠣᠨ ᠣᠯᠣᠰ ᠳᠦᠷᠦ ᠶᠢᠨ ᠶᠣᠰᠣ ᠳᠦᠷᠢᠮ ᠢ ᠴᠢᠩᠭ᠎ᠠ ᠰᠠᠬᠢᠵᠦ ᠳᠦᠷᠢᠮ | ᠳᠣᠭᠳᠠᠭᠠᠯ ᠰᠠᠬᠢᠯᠭ᠎ᠠ ᠪᠠᠳᠣ ᠬᠠᠣᠯᠢ ᠴᠠᠭᠠᠵᠠ ᠶᠣᠰᠣᠭᠠᠷ ᠳᠣᠭᠤᠷᠢᠨ ᠪᠠᠶᠢᠴᠠᠭᠠᠬᠤ ᠠᠵᠢᠯ ᠢ ᠦᠷᠨᠢᠬᠦᠯᠵᠦ ᠬᠡᠯᠪᠡᠷᠢ | ᠶᠢᠨ ᠦᠵᠡᠯ᠂ ᠨᠣᠶᠠᠨᠴᠢ ᠰᠣᠷᠳᠠᠯ ᠢ ᠴᠢᠩᠭ᠎ᠠ ᠴᠡᠭᠡᠷᠯᠡᠨ ᠦᠨᠳᠦᠰᠦᠨ ᠱᠠᠳᠣᠨ ᠤ ᠳᠠᠷᠣᠭᠠᠰᠣ ᠶᠢ ᠬᠦᠩᠬᠡᠷᠡᠬᠦᠯᠬᠦ | ᠡᠯ᠎ᠡ ᠵᠦᠢᠯ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠣᠷᠢᠵᠢᠭᠤᠯᠬᠤ ᠬᠡᠷᠡᠭᠲᠡᠢ ᠬᠡᠪᠡ᠃ | ᠳᠣᠰ ᠣᠳᠠᠭᠠᠨ ᠤ ᠳᠣᠭᠤᠷᠢᠨ ᠪᠠᠶᠢᠴᠠᠭᠠᠯᠳᠠ ᠪᠠᠷ ᠬᠤᠰᠢᠭᠤ ᠨᠠᠮ ᠤᠨ ᠬᠤᠷᠢᠶ᠎ᠠ ᠠᠴᠠ 2 ᠭᠠᠴᠠᠭ᠎ᠠ | ᠳᠣᠰᠬᠤᠨ ᠤ ᠳᠡᠰ ᠤᠨ ᠳᠣᠭᠤᠷᠢᠨ ᠪᠠᠶᠢᠴᠠᠭᠠᠬᠤ ᠳᠣᠭᠤᠶᠢᠯᠠᠩ᠂ 3 ᠶᠡᠷᠦᠳᠡ ᠶᠢᠨ ᠳᠣᠭᠤᠷᠢᠨ ᠪᠠᠶᠢᠴᠠᠭᠠᠬᠤ | ᠳᠣᠭᠤᠶᠢᠯᠠᠩ ᠳᠣᠮᠢᠯᠠᠵᠦ ᠰᠦᠯᠳᠡ ᠰᠣᠮᠣᠨ ᠤ ᠬᠠᠷᠢᠶᠠᠨ ᠳᠠᠬᠢ 12 ᠭᠠᠴᠠᠭ᠎ᠠ ᠳᠣᠰᠬᠤᠨ ︵ᠨᠡᠶᠢᠬᠡᠮ ᠳᠣᠭᠤᠷᠢᠭ︶ | ᠪᠠ ᠣᠯᠠᠭᠠᠨᠳᠣᠯᠣᠭᠠᠢ ᠪᠠᠯᠭᠠᠰᠣᠨ ᠤ ᠬᠠᠷᠢᠶᠠᠨ ᠳᠠᠬᠢ 8 ᠭᠠᠴᠠᠭ᠎ᠠ ᠳᠣᠰᠬᠤᠨ ︵ᠨᠡᠶᠢᠬᠡᠮ ᠳᠣᠭᠤᠷᠢᠭ︶ ᠲᠤ | ᠣᠯᠣᠰ ᠳᠦᠷᠦ ᠶᠢᠨ ᠳᠣᠭᠤᠷᠢᠨ ᠪᠠᠶᠢᠴᠠᠭᠠᠯᠳᠠ ᠬᠢᠵᠤ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ᠠᠯᠪᠠᠨ ᠭᠡᠷ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠠᠯᠪᠠᠨ ᠭᠡᠷ | ᠂ ᠬᠤᠰᠢᠭᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ᠂ ᠬᠢᠨᠠᠨ ᠪᠤᠳᠤᠬᠤ ᠲᠣᠪᠴᠢᠶ᠎ᠠ᠂ ᠵᠠᠬᠢᠳᠠᠯ | ᠰᠤᠷᠪᠤᠯᠵᠢᠯᠠᠯ ᠤᠨ ᠲᠣᠪᠴᠢᠶ᠎ᠠ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠭᠡᠷ ᠪᠠᠶᠢᠰᠢᠩ ᠲᠠᠲᠠᠪᠤᠷᠢᠯᠠᠬᠤ | ᠲᠣᠪᠴᠢᠶ᠎ᠠ᠂ ᠪᠠᠲᠤᠯᠠᠭᠠᠲᠤ ᠣᠷᠣᠨ ᠰᠠᠭᠤᠴᠠ ᠪᠠ ᠭᠡᠷ ᠬᠥᠷᠥᠩᠭᠡ ᠶᠢᠨ ᠰᠤᠯᠢᠯᠴᠠᠭᠠᠨ ᠤ ᠬᠠᠮᠢᠶᠠᠷᠤᠯᠲᠠ ᠶᠢᠨ ᠲᠥᠪ | ᠂ ᠰᠣᠶᠣᠯ ᠵᠢᠭᠤᠯᠴᠢᠯᠠᠯ ᠤᠨ ᠪᠠᠯᠠ ᠤᠷᠤᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠵᠡᠷᠭᠡ 9 | ᠨᠢᠭᠡᠴᠢ ᠶᠢᠨ ᠨᠠᠮ ᠤᠨ ᠵᠣᠬᠢᠶᠠᠨ ᠪᠠᠶᠢᠭᠤᠯᠤᠯᠲᠠ ᠳᠤ ᠶᠡᠷᠦᠳᠡ ᠶᠢᠨ ᠲᠤᠭᠤᠷᠢᠨ ᠪᠠᠶᠢᠴᠠᠭᠠᠯᠲᠠ ᠶᠢ ᠦᠷᠨᠢᠬᠦᠯᠬᠦ ᠪᠠᠷ | ᠪᠠᠶᠢᠨ᠎ᠠ᠃ | |