4 ᠰᠠᠷ᠎ᠠ ᠶᠢᠨ 8 ᠤ ᠡᠳᠦᠷ᠂ ᠪᠥᠬᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠠᠵᠢᠯ ᠵᠢᠴᠢ ᠪᠥᠬᠦ | ᠲᠠᠯ᠎ᠠ ᠪᠠᠷ ᠨᠠᠮ ᠢ ᠴᠢᠩᠭ᠎ᠠ ᠬᠠᠮᠢᠶᠠᠷᠴᠤ ᠴᠠᠭᠳᠠᠭ᠎ᠠ ᠶᠢ ᠴᠢᠩᠭ᠎ᠠ ᠵᠠᠰᠠᠬᠤ ᠠᠵᠢᠯ ᠤᠨ ᠬᠤᠷᠠᠯ ᠬᠤᠷᠠᠯᠳᠤᠵᠤ | ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ ᠬᠤᠷᠠᠯ ᠳᠤ ᠤᠷᠤᠯᠴᠠᠨ ᠶᠠᠷᠢᠶ᠎ᠠ ᠲᠠᠯᠪᠢᠵᠤ ᠪᠥᠬᠦ | ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠪᠣᠯᠤᠨ ᠥᠷᠭᠡᠨ ᠣᠯᠠᠨ ᠺᠠᠳ᠋ᠷ ᠴᠠᠭᠳᠠᠭ᠎ᠠ ᠨᠠᠷ ᠨᠡᠩ | ᠴᠤᠭ ᠪᠠᠳᠠᠷᠠᠩᠭᠤᠶ ᠲᠡᠮᠡᠴᠡᠯ ᠤᠨ ᠵᠣᠷᠢᠭ᠂ ᠪᠠᠲᠤ ᠴᠢᠩᠭ᠎ᠠ ᠢᠲᠡᠭᠡᠯ ᠵᠣᠷᠢᠭ᠂ ᠯᠠᠪᠳᠠᠭᠤᠨ ᠪᠠᠲᠤᠲᠠᠶ ᠰᠤᠷᠲᠠᠯ ᠢᠶᠠᠷ | ᠪᠥᠬᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠦᠶᠯᠡᠰ ᠤᠨ ᠬᠥᠭᠵᠢᠯᠲᠡ ᠶᠢᠨ ᠰᠢᠨ᠎ᠡ ᠪᠠᠶᠢᠳᠠᠯ ᠢ ᠴᠢᠷᠮᠠᠶᠢᠨ | ᠡᠭᠦᠳᠬᠦ ᠭᠡᠷᠡᠭᠳᠠᠢ ᠭᠡᠵᠦ ᠴᠢᠬᠤᠯᠠᠴᠢᠯᠠᠪᠠ᠃ | | | | | | | ᠭᠡᠷ ᠲᠡᠭᠡᠨ ᠪᠠᠶᠢᠭ᠎ᠠ ᠰᠢᠶᠠᠨ ᠤ ᠲᠠᠰ ᠤᠨ ᠪᠦᠬᠦ ᠤᠳᠤᠷᠢᠳᠤᠯᠭ᠎ᠠ ᠬᠤᠷᠠᠯ ᠳᠤ ᠣᠷᠣᠯᠴᠠᠪᠠ᠃ ᠬᠤᠰᠢᠭᠤ | ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠬᠤᠰᠢᠭᠤ ᠲᠡᠳ᠋ ᠳᠠᠷᠤᠭ᠎ᠠ ᠵᠠᠩ ᡁᠢ ᠰᠢᠦ᠋ᠩ ᠨᠢᠭᠡᠳᠦᠭᠡᠷ ᠱᠠᠲᠤᠨ | ᠤ ᠬᠤᠷᠠᠯ ᠢ ᠡᠷᠭᠢᠯᠡᠪᠡ᠃ | | | | | | | ᠡᠷᠳᠡᠨᠢᠪᠢᠯᠢᠭ ᠵᠢᠭᠠᠵᠤ ᠭᠠᠷᠭᠠᠭᠰᠠᠨ ᠨᠢ᠂ ᠣᠶᠢᠷ᠎ᠠ ᠶᠢᠨ ᠵᠢᠯ ᠳᠤ ᠪᠥᠬᠦ ᠬᠤᠰᠢᠭᠤᠨ ᠤ ᠳᠣᠲᠣᠭᠠᠳᠤ ᠶᠢ | ᠬᠠᠮᠠᠭᠠᠯᠠᠬᠤ ᠪᠠᠶᠢᠭᠤᠯᠭ᠎ᠠ ᠪᠣᠯᠤᠨ ᠥᠷᠭᠡᠨ ᠣᠯᠠᠨ ᠺᠠᠳ᠋ᠷ ᠴᠠᠭᠳᠠᠭ᠎ᠠ ᠨᠠᠷ ᠰᠢ ᠶᠢᠨ ᠫᠢᠩ ᠤᠨ ᠰᠢᠨ᠎ᠡ ᠴᠠᠭ ᠦᠶ᠎ᠡ | ᠶᠢᠨ ᠲᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ | ᠪᠣᠯᠭᠠᠬᠤ ᠶᠢ ᠪᠠᠷᠢᠮᠳᠠᠯᠠᠨ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠠᠵᠦ ᠭᠤᠤᠯᠳᠠᠯᠭ᠎ᠠ ᠶᠢᠨ ᠲᠣᠭᠤᠷᠢᠨ ᠳᠤ | ᠶᠡᠭᠡ ᠲᠠᠯ᠎ᠠ ᠳᠤ ᠦᠶᠯᠡᠴᠢᠯᠡᠨ ᠪᠥᠬᠦ ᠬᠤᠰᠢᠭᠤᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠤ ᠠᠮᠢ ᠨᠠᠰᠤ | ᠡᠳ᠋ ᠬᠥᠷᠥᠩᠭᠡ ᠶᠢᠨ ᠠᠮᠤᠷ ᠲᠦᠪᠰᠢᠨ ᠪᠣᠯᠤᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ | ᠪᠠᠲᠤᠯᠠᠬᠤ ᠳᠤ ᠴᠢᠬᠤᠯᠠ ᠬᠤᠪᠢ ᠨᠡᠮᠡᠷᠢ ᠦᠵᠡᠭᠦᠯᠪᠡ᠃ ᠢᠯᠠᠩᠭᠤᠶ᠎ᠠ ᠰᠢᠨ᠎ᠡ ᠲᠢᠳᠢᠮᠯᠢᠭ ᠠᠭᠤᠰᠬᠢᠨ ᠦᠷᠪᠢᠰᠦᠯ | ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠠᠶᠢᠯᠠᠯᠳᠤᠭᠠᠨ ᠤ ᠳᠤᠮᠳᠠ ᠥᠷᠭᠡᠨ ᠣᠯᠠᠨ ᠺᠠᠳ᠋ᠷ ᠴᠠᠭᠳᠠᠭ᠎ᠠ | ᠡᠮᠦᠨ᠎ᠡ ᠨᠢ ᠭᠠᠪᠰᠢᠭᠠᠶᠢᠯᠠᠨ ᠬᠤᠪᠢ ᠨᠡᠮᠡᠷᠢ ᠦᠵᠡᠭᠦᠯᠵᠦ ᠨᠤᠮᠢᠨ ᠲᠠᠩᠰᠤᠭ ᠦᠣᠰᠢᠨ ᠤ ᠡᠨᠡ ᠬᠦ ᠴᠡᠪᠡᠷ ᠬᠥᠷᠥᠰᠥ | ᠶᠢ ᠬᠠᠮᠲᠤ ᠪᠠᠷ ᠰᠠᠬᠢᠨ ᠬᠠᠮᠠᠭᠠᠯᠠᠪᠠ ᠭᠡᠵᠡᠢ᠃ | | | | | | | ᠡᠷᠳᠡᠨᠢᠪᠢᠯᠢᠭ ᠴᠢᠬᠤᠯᠠᠴᠢᠯᠠᠭᠰᠠᠨ ᠨᠢ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠪᠠᠷ | ᠣᠳᠣᠷᠢᠳᠣᠭᠤᠯᠬᠤ ᠶᠢ ᠪᠠᠷᠢᠮᠲᠠᠯᠠᠨ ᠨᠠᠮ ᠤᠨ ᠲᠥᠪ ᠬᠤᠷᠢᠶᠠᠨ ᠤ ︽ᠰᠢᠨ᠎ᠡ ᠴᠠᠭ ᠦᠶ᠎ᠡ ᠶᠢᠨ ᠳᠣᠲᠣᠭᠠᠳᠤ ᠶᠢ | ᠬᠠᠮᠠᠭᠠᠯᠠᠬᠤ ᠠᠵᠢᠯ ᠢ ᠴᠢᠩᠭᠠᠳᠬᠠᠬᠤ ᠲᠤᠬᠠᠶ ᠰᠠᠨᠠᠯ︾ ᠤᠨ ᠵᠣᠷᠢᠭ ᠰᠠᠨᠠᠭ᠎ᠠ ᠶᠢ ᠰᠤᠷᠤᠯᠴᠠᠨ ᠣᠶᠢᠯᠠᠭᠠᠵᠤ ᠦᠵᠡᠯ | ᠰᠠᠨᠠᠭ᠎ᠠ ᠪᠠ ᠦᠶᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠶᠳᠪᠦᠷᠢᠲᠦ ᠪᠣᠳᠣᠯᠭ᠎ᠠ ᠪᠠᠶᠢᠷᠢᠯᠠᠭᠤᠯᠤᠯᠳᠠ | ᠳᠡᠭᠡᠷ᠎ᠡ ᠨᠢᠭᠡᠳᠭᠡᠨ ᠰᠢᠨ᠎ᠡ ᠴᠠᠭ ᠦᠶ᠎ᠡ ᠶᠢᠨ ᠳᠣᠲᠣᠭᠠᠳᠤ ᠶᠢ ᠬᠠᠮᠠᠭᠠᠯᠠᠬᠤ ᠡᠭᠦᠷᠭᠡ ᠬᠠᠷᠢᠭᠤᠴᠠᠯᠭ᠎ᠠ ᠪᠠᠨ | ᠭᠦᠶᠴᠡᠳᠬᠡᠬᠦ ᠬᠡᠷᠡᠭᠲᠡᠶ᠃ ᠤᠯᠤᠰ ᠲᠥᠷᠥ ᠶᠢᠨ ᠪᠠᠶᠢᠭᠤᠯᠤᠯᠲᠠ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ | ᠳᠣᠲᠣᠭᠠᠳᠤ ᠶᠢ ᠬᠠᠮᠠᠭᠠᠯᠠᠬᠤ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠪᠥᠬᠦ ᠲᠠᠯ᠎ᠠ ᠪᠠᠷ ᠴᠢᠩᠭᠠᠳᠬᠠᠵᠤ ᠤᠯᠤᠰ | ᠤᠨ ᠤᠯᠤᠰ ᠲᠥᠷᠥ ᠶᠢᠨ ᠠᠮᠤᠷ ᠲᠦᠪᠰᠢᠨ ᠪᠠ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠪᠠᠶᠢᠳᠠᠯ ᠢ | ᠬᠠᠮᠠᠭᠠᠯᠠᠨ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠢ ᠭᠦᠨᠵᠡᠭᠡᠶᠢᠷᠡᠭᠦᠯᠤᠨ | ᠳᠣᠲᠣᠭᠠᠳᠤ ᠶᠢ ᠬᠠᠮᠠᠭᠠᠯᠠᠬᠤ ᠥᠭᠡᠷᠡᠴᠢᠯᠡᠯᠲᠡ ᠶᠢ ᠭᠦᠨᠵᠡᠭᠡᠶ ᠠᠬᠢᠭᠤᠯᠵᠤ ᠲᠥᠪ ᠭᠤᠤᠯᠴᠢ ᠪᠣᠯᠪᠠᠰᠤᠨ ᠢᠶᠠᠷ | ᠬᠠᠤᠯᠢ ᠬᠡᠷᠡᠭᠵᠢᠭᠦᠯᠬᠦ ᠶᠢ ᠴᠢᠩᠭ᠎ᠠ ᠵᠢᠷᠤᠮᠵᠢᠭᠤᠯᠤᠨ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ | ᠰᠠᠶᠢᠲᠠᠶ ᠬᠥᠭᠵᠢᠯᠲᠡ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠶ᠃ ᠦᠨᠳᠦᠰᠦᠨ ᠱᠠᠲᠤᠨ ᠤ ᠨᠠᠮ ᠤᠨ | ᠵᠣᠬᠢᠶᠠᠨ ᠪᠠᠶᠢᠭᠤᠯᠤᠯᠳᠠ ᠶᠢᠨ ᠴᠣᠭᠴᠠᠯᠠᠯᠲᠠ ᠶᠢ ᠴᠢᠩᠭᠠᠳᠬᠠᠵᠤ ᠤᠷᠮᠠᠰᠢᠭᠤᠯᠬᠤ ᠪᠠᠲᠤᠯᠠᠭ᠎ᠠ ᠶᠢᠨ ᠲᠣᠭᠲᠠᠴᠠ ᠶᠢ | ᠴᠢᠩᠭᠠᠳᠬᠠᠨ ᠴᠠᠭᠳᠠᠭ᠎ᠠ ᠶᠢ ᠪᠥᠬᠦ ᠲᠠᠯ᠎ᠠ ᠪᠠᠷ ᠴᠢᠩᠭ᠎ᠠ ᠵᠠᠰᠠᠵᠤ ᠨᠠᠮ ᠳᠠᠭᠠᠨ ᠦᠨᠡᠨᠴᠢ ᠰᠢᠳᠤᠷᠭᠤ᠂ ᠠᠷᠠᠳ | ᠲᠦᠮᠡᠨ ᠳᠤ ᠥᠢᠯᠡᠴᠢᠯᠠᠨ ᠲᠥᠪ ᠭᠤᠤᠯᠴᠢ ᠬᠠᠤᠯᠢ ᠬᠡᠷᠡᠭᠵᠢᠭᠦᠯᠵᠦ ᠰᠠᠬᠢᠯᠭ᠎ᠠ ᠪᠠᠲᠤ ᠶᠢ ᠴᠢᠩᠭ᠎ᠠ ᠰᠠᠬᠢᠳᠠᠭ | ᠥᠨᠳᠥᠷ ᠬᠡᠪ ᠪᠣᠯᠪᠠᠰᠤᠷᠠᠯ ᠲᠠᠢ ᠳᠣᠲᠣᠭᠠᠳᠤ ᠶᠢ ᠬᠠᠮᠠᠭᠠᠯᠠᠬᠤ ᠴᠠᠭᠳᠠᠭ᠎ᠠ ᠶᠢ ᠭᠥᠮᠤᠵᠢᠭᠦᠯᠭᠦ ᠬᠡᠷᠡᠭᠲᠡᠶ ᠭᠡᠵᠡᠢ᠃ | | | | | | | ᠬᠤᠰᠢᠭᠤ ᠳᠡᠳ᠋ ᠳᠠᠷᠤᠭ᠎ᠠ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠭᠤᠤ ᠬᠤ᠋ 2019 | ᠣᠨ ᠤ ᠪᠥᠬᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠠᠵᠢᠯ ᠢ ᠳ᠋ᠥᠩᠨᠠᠨ ᠣᠳᠣᠬᠠᠨ ᠳᠤ ᠲᠤᠯᠭᠠᠷᠠᠵᠤ | ᠪᠠᠶᠢᠭ᠎ᠠ ᠪᠠᠶᠢᠳᠠᠯ ᠤᠨ ᠥᠷᠢᠰᠥᠯᠳᠦᠭᠡᠨ ᠢ ᠵᠠᠳᠠᠯᠵᠤ ᠡᠨᠡ ᠵᠢᠯ ᠤᠨ ᠳᠣᠲᠣᠭᠠᠳᠤ ᠶᠢ ᠬᠠᠮᠠᠭᠠᠯᠠᠬᠤ ᠠᠵᠢᠯ ᠪᠣᠯᠤᠨ | ᠪᠥᠬᠦ ᠲᠠᠯ᠎ᠠ ᠪᠠᠷ ᠨᠠᠮ ᠢ ᠴᠢᠩᠭ᠎ᠠ ᠬᠠᠮᠢᠶᠠᠷᠴᠤ ᠴᠠᠭᠳᠠᠭ᠎ᠠ ᠶᠢ ᠴᠢᠩᠭ᠎ᠠ ᠵᠠᠰᠠᠬᠤ ᠠᠵᠢᠯ ᠢ ᠪᠠᠶᠢᠷᠢᠯᠠᠭᠤᠯᠪᠠ᠃ ᠲᠠᠷᠠ | ᠴᠢᠬᠤᠯᠠᠴᠢᠯᠠᠬᠤ ᠳᠤ ᠪᠠᠨ ᠤᠯᠤᠰ ᠲᠥᠷᠥ ᠶᠢᠨ ᠰᠢᠨᠵᠢ ᠴᠢᠨᠠᠷ ᠢ ᠨᠠᠩ ᠳᠣᠪᠣᠶᠢᠯᠭᠠᠵᠤ ᠨᠠᠮ ᠤᠨ ᠪᠠᠶᠢᠭᠤᠯᠤᠯᠲᠠ ᠶᠢ | ᠴᠢᠩᠭᠠᠳᠬᠠᠨ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠢ ᠭᠦᠨᠵᠡᠭᠡᠶ ᠥᠷᠨᠢᠭᠦᠯᠵᠦ | ᠨᠠᠷᠢᠯᠢᠭ ᠬᠠᠮᠢᠶᠠᠷᠤᠯᠳᠠ ᠪᠠ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠴᠢᠩᠭᠠᠳᠬᠠᠨ ᠨᠡᠶᠢᠭᠡᠮ ᠤᠨ | ᠲᠣᠭᠲᠠᠭᠤᠨ ᠪᠠᠶᠢᠳᠠᠯ ᠢ ᠪᠥᠬᠦ ᠬᠦᠴᠦᠨ ᠢᠶᠠᠷ ᠢᠶᠠᠨ ᠬᠠᠮᠠᠭᠠᠯᠠᠬᠤ ᠬᠡᠷᠡᠭᠲᠡᠶ ᠭᠡᠵᠡᠢ᠃ | ᠬᠤᠷᠠᠯ ᠳᠡᠭᠡᠷ᠎ᠡ᠂ ᠬᠤᠰᠢᠭᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠰᠠᠬᠢᠯᠭ᠎ᠠ ᠪᠠᠲᠤ ᠪᠠᠶᠢᠴᠠᠭᠠᠬᠤ | ᠬᠢᠨᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠬᠤᠰᠢᠭᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ | ᠬᠤᠷᠢᠶ᠎ᠠ ᠶᠢ ᠲᠥᠯᠥᠭᠡᠯᠡᠨ ᠨᠠᠮ ᠢ ᠪᠥᠬᠦ ᠲᠠᠯ᠎ᠠ ᠪᠠᠷ ᠴᠢᠩᠭ᠎ᠠ ᠬᠠᠮᠢᠶᠠᠷᠴᠤ ᠴᠠᠭᠳᠠᠭ᠎ᠠ ᠶᠢ ᠴᠢᠩᠭ᠎ᠠ ᠵᠠᠰᠠᠬᠤ ᠠᠵᠢᠯ | ᠤᠨ ᠮᠡᠳᠡᠭᠦᠯᠦᠯᠲᠡ ᠬᠢᠪᠠ᠃ |