ᠮᠠᠨ ᠤ ᠬᠤᠰᠢᠭᠤ ᠨᠢᠭᠡ ᠰᠣᠮᠣ ᠪᠠᠯᠭᠠᠰᠤᠨ ᠤ ᠨᠢᠭᠡ ᠭᠠᠴᠠᠭ᠎ᠠ ᠲᠤᠰᠬᠤᠨ ᠤ ᠪᠦᠬᠦ ᠮᠠᠯ ᠰᠦᠷᠦᠭ ᠲᠤ | ᠪᠷᠦ᠋ᠼᠧᠯ ᠡᠪᠡᠳᠴᠢᠨ ᠤ ᠰᠢᠯᠭᠠᠨ ᠪᠠᠶᠢᠴᠠᠭᠠᠯᠳᠠ ᠬᠢᠬᠦ ᠬᠡᠯᠪᠡᠷᠢ ᠪᠠᠷ ᠭᠠᠴᠠᠭ᠎ᠠ ᠲᠤᠰᠬᠤᠨ᠂ ᠠᠶᠢᠯ ᠡᠷᠦᠬᠡ ᠶᠢ | ᠠᠯᠳᠠᠯ ᠦᠬᠡᠢ ᠰᠢᠭ᠍ᠰᠢᠵᠤ ᠡᠪᠡᠳᠴᠢᠨ ᠲᠠᠢ ᠮᠠᠯ ᠢ ᠪᠦᠬᠦᠨ ᠢ ᠴᠡᠪᠡᠷᠯᠡᠬᠦ ᠠᠵᠢᠯ ᠤᠨ ᠠᠷᠭ᠎ᠠ ᠪᠠᠷ ᠪᠷᠦ᠋ᠼᠧᠯ | ᠡᠪᠡᠳᠴᠢᠨ ᠤ ᠰᠢᠯᠭᠠᠨ ᠪᠠᠶᠢᠴᠠᠭᠠᠯᠳᠠ ᠶᠢ ᠡᠷᠲᠡ ᠠᠴᠠ ᠡᠷᠴᠢᠮᠳᠠᠢ ᠦᠷᠨᠢᠬᠦᠯᠵᠤ ᠮᠠᠯ ᠰᠦᠷᠦᠭ ᠤᠨ ᠮᠠᠨᠳᠤ | ᠤᠨᠳᠤᠷᠤᠯᠳᠠ᠂ ᠮᠠᠯ ᠠᠴᠠ ᠬᠦᠮᠦᠨ ᠳᠤ ᠬᠠᠯᠳᠠᠪᠤᠷᠢᠯᠠᠬᠤ ᠶᠢ ᠲᠤᠶᠢᠯᠪᠤᠷᠢᠲᠠᠢ ᠰᠡᠷᠭᠡᠶᠢᠯᠡᠵᠤ ᠪᠠᠶᠢᠨ᠎ᠠ᠃ | ᠮᠠᠨ ᠤ ᠬᠤᠰᠢᠭᠤᠨ ᠤ ᠮᠠᠯ ᠡᠮᠨᠡᠯᠭᠡ ᠶᠢᠨ ᠲᠣᠪᠴᠢᠶ᠎ᠠ᠂ ᠭᠠᠯᠠᠭᠤᠲᠤ ᠪᠠᠯᠭᠠᠰᠤ᠂ ᠰᠠᠷᠠᠭᠤᠯᠨᠤᠲᠤᠭ ᠭᠠᠴᠠᠭ᠎ᠠ | ᠭᠤᠷᠪᠠᠨ ᠱᠠᠲᠤᠨ ᠤ ᠮᠠᠯ ᠡᠮᠨᠡᠯᠭᠡ ᠶᠢᠨ ᠮᠡᠷᠭᠡᠵᠢᠯᠲᠡᠨ᠂ ᠠᠵᠢᠯᠲᠠᠨ᠂ ᠡᠮᠴᠢ ᠨᠠᠷ ᠡᠨᠡ ᠬᠡᠳᠦᠨ ᠡᠳᠦᠷ ᠭᠠᠯᠠᠭᠤᠲᠤ | ᠪᠠᠯᠭᠠᠰᠤᠨ ᠤ ᠰᠠᠷᠠᠭᠤᠯᠨᠤᠲᠤᠭ ᠭᠠᠴᠠᠭᠠᠨ ᠤ ᠠᠶᠢᠯ ᠡᠷᠦᠬᠡ ᠪᠠᠷ ᠭᠦᠨᠵᠡᠭᠡᠶᠢᠷᠡᠵᠦ ᠮᠠᠯ ᠤᠨ ᠪᠷᠦ᠋ᠼᠧᠯ ᠡᠪᠡᠳᠴᠢᠨ ᠤ | ᠰᠢᠯᠭᠠᠨ ᠪᠠᠶᠢᠴᠠᠭᠠᠯᠲᠠ ᠬᠢᠪᠡ᠃ | ᠪᠷᠦᠽᠧᠯ ᠡᠪᠡᠳᠴᠢᠨ ᠪᠣᠯ ᠠᠮᠢᠲᠠᠨ ᠠᠴᠠ ᠡᠭᠦᠰᠦᠯᠲᠡᠢ ᠬᠠᠯᠳᠠᠪᠤᠷᠢᠲᠤ ᠡᠪᠡᠳᠴᠢᠨ ᠶᠤᠮ᠃ ᠦᠷ᠎ᠡ ᠶᠢᠨ ᠮᠠᠯ | ᠤᠨ ᠡᠪᠡᠳᠴᠢᠨ ᠬᠠᠯᠳᠠᠭᠠᠬᠤ ᠨᠤᠷᠮ᠎ᠠ ᠨᠢ ᠦᠷᠡᠵᠢᠯ ᠤᠨ ᠮᠠᠯ ᠠᠴᠠ ᠦᠨᠳᠦᠷ ᠪᠠᠶᠢᠳᠠᠭ᠃ ᠬᠡᠷᠪᠡ ᠬᠤᠨᠢ᠂ ᠦᠬᠡᠷ | ᠵᠡᠷᠬᠡ ᠭᠡᠷ ᠤᠨ ᠲᠡᠵᠢᠬᠡᠪᠤᠷᠢ ᠪᠷᠦ᠋ᠼᠧᠯ ᠡᠪᠡᠳᠴᠢᠨ ᠳᠤ ᠬᠠᠯᠳᠠᠪᠤᠷᠢᠯᠠᠭᠳᠠᠪᠠᠯ ᠬᠤᠬᠢᠷᠠᠯ ᠶᠡᠭᠡ ᠪᠤᠯᠤᠨ᠎ᠠ᠃ ᠬᠦᠮᠦᠨ | ᠬᠡᠷᠪᠡ ᠪᠷᠦ᠋ᠼᠧᠯ ᠡᠪᠡᠳᠴᠢᠨ ᠤᠷᠤᠭᠰᠠᠨ ᠠᠮᠢᠲᠠᠨ ᠤ ᠢᠯᠭᠠᠳᠠᠰᠤ ᠵᠡᠷᠭᠡ ᠳᠤ ᠤᠶᠢᠷᠠᠳᠤᠭᠰᠠᠨ ᠪᠤᠶᠤ ᠪᠷᠦ᠋ᠼᠧᠯ | ᠡᠪᠡᠳᠴᠢᠨ ᠤᠷᠤᠭᠰᠠᠨ ᠠᠮᠢᠲᠠᠨ ᠤ ᠮᠢᠬ᠎ᠠ᠂ ᠰᠦ ᠰᠠᠭᠠᠯᠢ ᠵᠡᠷᠭᠡ ᠶᠢ ᠢᠳᠡᠭᠰᠡᠨ ᠪᠠᠶᠢᠪᠠᠯ ᠲᠤᠰ ᠡᠪᠡᠳᠴᠢᠨ ᠳᠤ | ᠬᠠᠯᠳᠠᠪᠤᠷᠢᠯᠠᠭᠳᠠᠳᠠᠭ᠃ ᠡᠶᠢᠮᠦ ᠠᠴᠠ ᠲᠥᠯ ᠲᠤᠰᠬᠤ᠂ ᠰᠠᠭᠠᠯᠢ ᠪᠠᠷᠢᠬᠤ ᠬᠤᠭᠤᠴᠠᠭᠠᠨ ᠳᠠᠬᠢ ᠪᠷᠦ᠋ᠼᠧᠯ | ᠡᠪᠡᠳᠴᠢᠨ ᠤ ᠬᠠᠯᠳᠠᠪᠤᠷᠢᠯᠠᠬᠤ ᠨᠤᠷᠮ᠎ᠠ ᠦᠨᠳᠦᠷ ᠪᠠᠶᠢᠵᠤ ᠬᠥᠮᠥᠨ ᠬᠥᠮᠥᠨ ᠳᠡᠭᠡᠨ ᠬᠠᠯᠳᠠᠪᠤᠷᠢᠯᠠᠬᠤ ᠪᠤᠯᠤᠮᠵᠢ | ᠪᠠᠭ᠎ᠠ ᠪᠠᠶᠢᠳᠠᠭ ᠪᠠᠶᠢᠨ᠎ᠠ᠃ | ᠮᠠᠨ ᠤ ᠬᠤᠰᠢᠭᠤ ᠨᠢᠳᠤᠨᠤᠨ ᠬᠤᠷᠢᠨ ᠨᠢᠭᠡᠨ ᠲᠦᠮᠡ ᠭᠠᠷᠤᠢ ᠮᠠᠯ ᠳᠤ ᠪᠷᠦ᠋ᠼᠧᠯ ᠡᠪᠡᠳᠴᠢᠨ ᠤ ᠰᠢᠯᠭᠠᠨ | ᠪᠠᠶᠢᠴᠠᠭᠠᠯᠳᠠ ᠬᠢᠭᠰᠡᠨ ᠪᠣᠯ ᠡᠨᠡ ᠵᠢᠯ ᠰᠦᠯᠳᠡ ᠰᠣᠮᠣ᠂ ᠲᠤᠭ ᠪᠠᠯᠭᠠᠰᠤ᠂ ᠦᠥᠰᠢᠨᠵᠤᠤ ᠪᠠᠯᠭᠠᠰᠤ ᠵᠡᠷᠭᠡ | ᠵᠢᠷᠭᠤᠭᠠᠨ ᠰᠤᠮᠤ ᠪᠠᠯᠭᠠᠰᠤᠨ ᠤ ᠲᠤᠯᠤᠭᠠᠨ ᠭᠠᠴᠠᠭ᠎ᠠ ᠲᠤᠰᠬᠤᠨ ᠳᠠᠬᠢ ᠪᠠᠶᠢᠴᠠᠭᠠᠯᠳᠠ ᠶᠢ ᠵᠢᠷᠭᠤᠳᠤᠭᠠᠷ ᠰᠠᠷ᠎ᠠ | ᠪᠣᠯᠬᠤ ᠳᠤ ᠲᠠᠭᠤᠰᠬᠠᠬᠤ ᠪᠠᠷ ᠪᠠᠶᠢᠨ᠎ᠠ᠃ | | |