ᠬᠠᠪᠤᠷ ᠤᠨ ᠣᠶᠢᠵᠢᠭᠤᠯᠤᠯᠳᠠ ᠶᠢᠨ ᠴᠠᠭ ᠬᠦᠷᠴᠦ ᠢᠷᠡᠬᠦ ᠪᠠᠷ ᠣᠷᠳᠤᠰ ᠬᠤᠳᠠ ᠶᠢᠨ ︽ᠲᠤᠰᠤᠯ ᠲᠠᠯᠠᠢ︾ | ᠪᠤᠶᠠᠨ ᠤ ᠦᠢᠯᠡᠰ ᠤᠨ ᠨᠡᠶᠢᠬᠡᠮᠯᠢᠭ ᠤᠨ ᠬᠢᠨ ᠪᠦᠬᠦ ᠬᠡᠰᠢᠬᠦᠳ ᠢᠶᠠᠨ ᠵᠤᠬᠢᠶᠠᠨ ᠪᠠᠶᠢᠭᠤᠯᠵᠦ ᠭᠠᠯᠠᠭᠤᠳᠣ | ᠪᠠᠯᠭᠠᠰᠣᠨ ᠤ ᠬᠦᠬᠡᠳᠣᠯᠣᠭᠠᠢ ᠭᠠᠴᠠᠭᠠᠨ ᠳᠤ ᠰᠠᠶᠢᠨ ᠳᠤᠷ᠎ᠠ ᠶᠢᠨ ᠣᠶᠢᠵᠢᠭᠤᠯᠣᠯᠲᠠ ᠶᠢᠨ ᠠᠵᠢᠯᠯᠠᠭ᠎ᠠ ᠦᠷᠨᠢᠭᠦᠯᠵᠣ | ᠠᠮᠢ ᠠᠬᠤᠢ ᠶᠢᠨ ᠪᠦᠲᠦᠭᠡᠨ ᠪᠠᠶᠢᠭᠤᠯᠤᠯᠳᠠ ᠳᠤ ᠲᠤᠰᠤᠯ ᠨᠡᠮᠡᠷᠢ ᠪᠠᠨ ᠦᠵᠡᠭᠦᠯᠣᠯᠡ᠃ | ᠡᠨᠡ ᠣᠳᠠᠭᠠᠨ ᠤ ᠣᠶᠢᠵᠢᠭᠤᠯᠤᠯᠳᠠ ᠶᠢᠨ ᠠᠵᠢᠯᠯᠠᠭ᠎ᠠ ᠳᠤ ᠰᠢᠯᠢ ᠶᠢᠨ ᠭᠤᠤᠯ ᠠᠶᠢᠮᠠᠭ᠂ ᠠᠯᠠᠱᠠ ᠠᠶᠢᠮᠠᠭ | ᠪᠠ ᠮᠠᠨ ᠤ ᠬᠤᠳᠠ ᠶᠢᠨ ᠡᠯ᠎ᠡ ᠬᠤᠰᠢᠭᠤ ᠲᠤᠭᠤᠷᠢᠭ ᠠᠴᠠ ᠨᠡᠶᠢᠳᠡ 70 ᠭᠠᠷᠤᠢ ᠬᠦᠮᠤᠨ ᠢᠳᠡᠪᠬᠢᠯᠡᠨ | ᠣᠷᠤᠯᠴᠠᠵᠦ ᠶᠡᠷᠡ ᠶᠢ ᠲᠦᠬᠦᠭᠰᠡᠨ ᠨᠠᠰᠤᠳᠠᠨ ᠪᠤᠭᠤᠷᠤᠯ ᠠᠴᠠ ᠠᠷᠪᠠ ᠬᠦᠷᠴᠦ ᠪᠠᠶᠢᠭ᠎ᠠ ᠠᠩᠭ᠎ᠠ ᠪᠠᠭᠠᠴᠤᠣᠯ | ᠬᠦᠷᠳᠡᠯ᠎ᠡ ᠪᠦᠬᠦᠯᠢ ᠨᠢᠭᠡ ᠡᠳᠤᠷ ᠤᠨ ᠴᠠᠭ ᠢ ᠵᠠᠷᠤᠴᠠᠭᠤᠯᠤᠨ 800 ᠭᠠᠷᠤᠢ ᠰᠠᠭᠤᠷᠢ ᠤᠳᠠ ᠮᠤᠳᠤ᠂ 50000 | ᠭᠠᠷᠣᠢ ᠲᠤᠷᠯᠤᠭ᠂ ᠬᠠᠷᠭᠠᠨ᠎ᠠ ᠶᠢᠨ ᠰᠣᠶᠤᠭ᠎ᠠ ᠶᠢ ᠲᠠᠷᠢᠵᠦ 1000 ᠭᠠᠷᠤᠢ ᠮᠤ᠋ ᠶᠢᠨ ᠨᠤᠭᠤᠭᠠᠷᠠᠭᠤᠯᠤᠯᠳᠠ ᠶᠢ | ᠪᠠᠶᠠᠯᠠᠭᠦᠯᠦᠭᠰᠡᠨ ᠪᠠᠶᠢᠨ᠎ᠠ᠃ | ᠣᠷᠳᠤᠰ ᠬᠤᠳᠠ ᠶᠢᠨ ︽ᠲᠤᠰᠤᠯ ᠲᠠᠯᠠᠢ︾ ᠪᠤᠶᠠᠨ ᠤ ᠦᠢᠯᠡᠰ ᠤᠨ ᠨᠡᠶᠢᠬᠡᠮᠯᠢᠭ ᠨᠢ 2018 ᠣᠨ ᠳᠤ | ᠪᠦᠬᠦ ᠣᠯᠣᠰ ᠤᠨ ᠡᠯ᠎ᠡ ᠭᠠᠵᠠᠷ ᠣᠷᠤᠨ ᠤ ᠪᠤᠶᠠᠠᠰᠠᠭ ᠰᠡᠳᠬᠢᠯᠳᠡᠳ ᠢᠶᠠᠷ ᠪᠦᠷᠢᠯᠳᠦᠵᠦ ︽ᠲᠤᠰᠤᠯ ᠢ ᠬᠤᠷᠢᠶᠠᠪᠠᠯ | ᠲᠠᠯᠠᠢ ᠪᠤᠯᠤᠨ᠎ᠠ︾ ᠬᠡᠬᠦ ᠶᠡᠷᠤᠩᠬᠡᠢ ᠰᠡᠳᠬᠢᠴᠡ ᠪᠠᠷ ᠬᠡᠰᠢᠬᠦᠳ ᠪᠣᠯᠭᠠᠨ ᠠᠴᠠ ᠡᠳᠤᠷ ᠪᠦᠷᠢ ᠨᠢᠭᠡ ᠲᠦᠬᠦᠷᠢᠭ ᠤᠨ | ᠬᠠᠨᠳᠢᠪ ᠤᠨ ᠮᠥᠩᠬᠦ ᠶᠢ ᠬᠤᠷᠠᠮᠳᠤᠭᠤᠯᠤᠨ ᠨᠡᠶᠢᠬᠡᠮ ᠨᠡᠶᠢᠳᠡ ᠶᠢᠨ ᠶᠠᠳᠠᠭᠤ ᠬᠦᠴᠢᠷᠳᠡᠯᠳᠡᠢ ᠲᠤᠷᠤᠢ | ᠪᠠᠭᠤᠷᠠᠶᠢᠴᠤᠤᠯ ᠢ ᠣᠯᠠᠨ ᠵᠦᠢᠯ ᠤᠨ ᠠᠷᠭ᠎ᠠ ᠠᠪᠴᠠᠯ ᠢᠶᠠᠷ ᠲᠤᠰᠠᠯᠠᠨ ᠲᠡᠮᠵᠢᠬᠦ ᠶᠢᠨ ᠬᠠᠮᠳᠤ ᠪᠦᠬᠦ ᠬᠡᠰᠢᠬᠦᠳ | ᠢᠶᠠᠨ ᠲᠠᠶᠢᠴᠢᠯᠠᠨ ᠰᠠᠶᠢᠨ ᠲᠤᠷ᠎ᠠ ᠶᠢᠨ ᠣᠶᠢᠵᠢᠭᠤᠯᠤᠯᠳᠠ ᠨᠤᠭᠤᠭᠠᠷᠠᠭᠤᠯᠤᠯᠳᠠ ᠶᠢᠨ ᠠᠵᠢᠯᠯᠠᠭᠠᠨ ᠳᠤ ᠢᠳᠡᠪᠬᠢᠳᠡᠢ | ᠣᠷᠤᠯᠴᠠᠭᠤᠯᠵᠦ ᠡᠶ᠎ᠡ ᠵᠤᠬᠢᠴᠠᠯᠳᠠᠢ ᠨᠡᠶᠢᠬᠡᠮ ᠪᠠ ᠨᠤᠮᠢᠨ ᠨᠤᠭᠤᠭᠠᠨ ᠬᠡᠷ ᠣᠷᠤᠨ ᠢᠶᠠᠨ ᠪᠦᠲᠦᠭᠡᠨ ᠪᠠᠶᠢᠭᠤᠯᠬᠤ ᠳᠤ | ᠦᠪᠡᠷ ᠤᠨ ᠨᠡᠮᠡᠷᠢ ᠬᠠᠨᠳᠢᠪ ᠢᠶᠠᠨ ᠡᠷᠬᠦᠬᠦ ᠶᠢ ᠵᠤᠷᠢᠭᠰᠠᠨ ᠪᠠᠶᠢᠨ᠎ᠠ᠃ | ᠤᠶᠢᠯᠠᠭᠠᠭᠰᠠᠨ ᠢᠶᠠᠷ᠂ ᠡᠨ᠋ᠨ ᠤᠳᠠᠭ᠎ᠠ ︽ᠲᠤᠰᠤᠯ ᠲᠠᠯᠠᠢ︾ ᠪᠤᠶᠠᠨ ᠤ ᠦᠢᠯᠡᠰ ᠤᠨ ᠨᠡᠶᠢᠬᠡᠮᠯᠢᠭ ᠤᠨ | ᠣᠶᠢᠵᠢᠭᠤᠯᠤᠯᠳᠠ ᠶᠢᠨ ᠰᠠᠭᠤᠷᠢᠨ ᠭᠠᠵᠠᠷ ᠤᠨ ᠫᠠᠶᠢᠰᠠ ᠡᠯᠬᠦᠵᠦ ᠬᠤᠵᠢᠮ ᠰᠠᠶᠢᠨ ᠲᠤᠷ᠎ᠠ ᠶᠢᠨ ᠣᠶᠢᠵᠢᠭᠤᠯᠤᠯᠳᠠ | ᠶᠢᠨ ᠠᠵᠢᠯᠯᠠᠭ᠎ᠠ ᠶᠢ ᠵᠢᠯ ᠪᠦᠷᠢ ᠢᠳᠡᠪᠬᠢᠳᠡᠢ ᠦᠷᠨᠢᠬᠦᠯᠬᠦ ᠪᠠᠷ ᠲᠤᠭᠳᠠᠭᠰᠠᠨ ᠪᠠᠶᠢᠨ᠎ᠠ᠃ |