4 ᠰᠠᠷ᠎ᠠ ᠶᠢᠨ 10 ᠤ ᠡᠳᠦᠷ᠂ ᠪᠥᠬᠦ ᠬᠤᠰᠢᠭᠤᠨ ᠤ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ | ᠲᠤᠰᠬᠠᠶ ᠲᠡᠮᠡᠴᠡᠯ ᠤᠨ ᠤᠳᠤᠷᠢᠳᠬᠤ ᠳᠤᠭᠤᠶᠢᠯᠠᠩ ᠤᠨ ᠳᠣᠯᠣᠳᠤᠭᠠᠷ ᠤᠳᠠᠭᠠᠨ ᠤ ᠠᠵᠢᠯ ᠤᠨ ᠲᠣᠬᠢᠷᠠᠭᠤᠯᠤᠯᠲᠠ | ᠶᠢᠨ ᠬᠤᠷᠠᠯ ᠬᠤᠷᠠᠯᠳᠤᠪᠠ᠃ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ ᠬᠤᠷᠠᠯ ᠢ ᠡᠷᠭᠢᠯᠡᠭᠰᠡᠨ | ᠪᠥᠭᠡᠳ ᠶᠠᠷᠢᠶ᠎ᠠ ᠲᠠᠯᠪᠢᠵᠤ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠵᠣᠣ ᠹᠸᠢ ᠯᠦ᠂ | ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠬᠤᠤ ᠸᠧᠶ᠂ ᠬᠤᠰᠢᠭᠤ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ ᠬᠢᠨᠠᠨ ᠪᠠᠶᠢᠴᠠᠭᠠᠬᠤ ᠵᠥᠪᠯᠡᠯ ᠤᠨ | ᠡᠷᠬᠢᠯᠡᠭᠴᠢ ᠯᠠᠨ ᠲᠢᠶᠠᠨ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠤᠬᠠᠭᠤᠯᠬᠤ ᠬᠡᠯᠲᠡᠰ ᠤᠨ | ᠳᠠᠷᠤᠭ᠎ᠠ ᠹᠧᠩ ᡁᠢ ᠮᠢᠩ ᠬᠤᠷᠠᠯ ᠳᠤ ᠣᠷᠣᠯᠴᠠᠪᠠ᠃ ᠡᠯ᠎ᠡ ᠰᠤᠮᠤ ᠪᠠᠯᠭᠠᠰᠤᠨ ᠤ ᠨᠠᠮ ᠤᠨ ᠬᠤᠷᠢᠶᠠᠨ ᠤ ᠱᠦᠵᠢ᠂ | ᠬᠤᠰᠢᠭᠤᠨ ᠤ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠤᠨ ᠤᠳᠤᠷᠢᠳᠬᠤ | ᠳᠤᠭᠤᠶᠢᠯᠠᠩ ᠤᠨ ᠡᠯ᠎ᠡ ᠪᠦᠷᠢᠯᠳᠦᠬᠦᠨ ᠨᠢᠭᠡᠴᠢ ᠶᠢᠨ ᠭᠤᠤᠯ ᠬᠠᠷᠢᠭᠤᠴᠠᠯᠭᠠᠳᠠᠨ ᠬᠤᠷᠠᠯ ᠳᠤ ᠣᠷᠣᠯᠴᠠᠵᠠᠶ᠃ | ᠬᠤᠷᠠᠯ ᠠᠴᠠ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠬᠠᠷ᠎ᠠ ᠪᠦᠯᠦᠭᠲᠡᠨ ᠬᠠᠷᠭᠢᠰ | ᠬᠦᠴᠦᠨ ᠢ ᠠᠷᠢᠯᠭᠠᠬᠤ ᠲᠤᠰᠬᠠᠶ ᠲᠡᠮᠡᠴᠡᠯ ᠤᠨ ᠤᠳᠤᠷᠢᠳᠬᠤ ᠳᠤᠭᠤᠶᠢᠯᠠᠩ ᠤᠨ ᠬᠠᠮᠢᠶ᠎ᠠ ᠪᠥᠬᠦᠶ ᠬᠤᠷᠠᠯ ᠤᠨ | ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠪᠥᠬᠦ ᠬᠤᠰᠢᠭᠤᠨ ᠤ ᠬᠠᠷ᠎ᠠ ᠪᠦᠯᠦᠭᠲᠡᠨ ᠬᠠᠷᠭᠢᠰ ᠬᠦᠴᠦᠨ ᠢ | ᠠᠷᠢᠯᠭᠠᠬᠤ ᠲᠤᠰᠬᠠᠢ ᠲᠡᠮᠡᠴᠡᠯ ᠤᠨ ᠠᠵᠢᠯ ᠤᠨ ᠬᠠᠷᠢᠭᠤ ᠮᠡᠳᠡᠭᠦᠯᠦᠯᠲᠡ ᠪᠣᠯᠤᠨ ᠬᠠᠮᠢᠶ᠎ᠠ ᠪᠥᠬᠦᠶ ᠰᠠᠯᠠᠭ᠎ᠠ ᠮᠥᠴᠢᠷ | ᠤᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ | ᠡᠷᠳᠡᠨᠢᠪᠢᠯᠢᠭ ᠵᠢᠭᠠᠵᠤ ᠭᠠᠷᠭᠠᠭᠰᠠᠨ ᠨᠢ᠂ ᠡᠨᠡ ᠵᠢᠯ ᠪᠣᠯ ᠬᠠᠷ᠎ᠠ ᠪᠦᠯᠦᠭᠲᠡᠨ ᠬᠠᠷᠭᠢᠰ ᠬᠦᠴᠦᠨ ᠢ | ᠠᠷᠢᠯᠭᠠᠬᠤ ᠲᠤᠰᠬᠠᠶ ᠲᠡᠮᠡᠴᠡᠯ ᠤᠨ ᠭᠤᠷᠪᠠᠨ ᠵᠢᠯ ᠤᠨ ᠬᠤᠭᠤᠴᠠᠭ᠎ᠠ ᠲᠠᠢ ᠬᠠᠷᠠᠯᠲᠠ ᠶᠢᠨ ᠰᠢᠶᠳᠪᠦᠷᠢᠲᠦ ᠢᠯᠠᠯᠲᠠ | ᠤᠯᠬᠤ ᠵᠢᠯ ᠪᠣᠯᠤᠨ᠎ᠠ᠂ ᠡᠯ᠎ᠡ ᠭᠠᠵᠠᠷ ᠤᠷᠤᠨ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠶ ᠱᠦᠵᠢ ᠰᠢ ᠶᠢᠨ ᠫᠢᠩ | ᠤᠨ ᠬᠠᠷ᠎ᠠ ᠪᠥᠯᠥᠭᠳᠠᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠤᠨ ᠠᠵᠢᠯ ᠤᠨ ᠲᠤᠬᠠᠶ ᠴᠢᠬᠤᠯᠠ | ᠥᠭᠦᠯᠡᠯᠲᠡ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠦ ᠨᠠᠮ ᠤᠨ ᠠᠷᠪᠠ ᠶᠢᠰᠦᠳᠦᠭᠡᠷ | ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠪᠠ ᠨᠠᠮ ᠤᠨ ᠲᠥᠪ | ᠬᠤᠷᠢᠶᠠᠨ ᠤ ᠴᠢᠬᠤᠯᠠ ᠶᠡᠭᠡ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠵᠢᠴᠢ ᠥᠪᠠᠷᠳᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶᠠᠨ ᠤ ᠬᠠᠷ᠎ᠠ ᠪᠦᠯᠦᠭᠲᠡᠨ ᠬᠠᠷᠭᠢᠰ ᠬᠦᠴᠦᠨ ᠢ | ᠠᠷᠢᠯᠭᠠᠬᠤ ᠲᠤᠰᠬᠠᠶ ᠲᠡᠮᠡᠴᠡᠯ ᠤᠨ ᠲᠤᠬᠠᠶ ᠪᠣᠳᠠᠲᠠᠶ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ | ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ | ᠳᠣᠪᠣᠶᠢᠯᠭᠠᠵᠦ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠤᠨ ᠢᠯᠠᠯᠲᠠ ᠶᠢ ᠡᠷᠡᠰ | ᠣᠯᠵᠤ ᠪᠥᠬᠦ ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠶᠢ ᠳᠥᠯᠭᠢᠨ ᠠᠬᠢᠭᠤᠯᠬᠤ ᠳᠤ ᠨᠠᠩ ᠠᠮᠤᠷ ᠲᠦᠪᠰᠢᠨ | ᠲᠣᠭᠲᠠᠭᠤᠨ ᠤᠯᠤᠰ ᠲᠥᠷᠥ ᠨᠡᠶᠢᠭᠡᠮ ᠤᠨ ᠣᠷᠴᠢᠨ ᠢ ᠪᠣᠶ ᠪᠣᠯᠭᠠᠬᠤ ᠭᠡᠷᠡᠭᠳᠡᠢ ᠭᠡᠵᠡᠢ᠃ | ᠡᠷᠳᠡᠨᠢᠪᠢᠯᠢᠭ ᠴᠢᠬᠤᠯᠠᠴᠢᠯᠠᠭᠰᠠᠨ ᠨᠢ᠂ ᠤᠯᠤᠰ ᠲᠥᠷᠥ ᠶᠢᠨ ᠵᠣᠭᠰᠣᠴᠠ ᠪᠠᠨ ᠴᠢᠩᠭᠠᠳᠬᠠᠨ ᠤᠯᠤᠰ | ᠲᠥᠷᠥ ᠶᠢᠨ ᠬᠠᠷᠢᠭᠤᠴᠠᠯᠭ᠎ᠠ ᠶᠢ ᠡᠭᠦᠷᠭᠡᠯᠡᠵᠦ ᠤᠬᠠᠮᠰᠠᠷ ᠠᠴᠠ ᠪᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ | ᠴᠢᠷᠮᠠᠶᠢᠯᠭ᠎ᠠ ᠭᠠᠷᠭᠠᠵᠤ ᠲᠤᠰᠢᠶᠠᠯ ᠬᠠᠷᠢᠭᠤᠴᠠᠯᠭ᠎ᠠ ᠪᠠᠨ ᠭᠦᠶᠴᠡᠳᠬᠡᠬᠦ ᠤᠳᠤᠷᠢᠳᠬᠤ ᠬᠦᠴᠦᠨ ᠢᠶᠠᠨ ᠲᠠᠰᠤᠷᠠᠯᠲᠠ | ᠥᠬᠡᠶ ᠲᠡᠭᠡᠭᠰᠢᠯᠠᠭᠦᠯᠭᠦ ᠬᠡᠷᠡᠭᠲᠡᠶ᠃ ᠭᠦᠨᠵᠡᠭᠡᠢ ᠠᠭᠤᠳᠠᠯᠵᠤ ᠲᠤᠶᠢᠯᠪᠤᠷᠢᠲᠠᠢ ᠪᠠᠶᠢᠴᠠᠭᠠᠬᠤ ᠪᠠᠨ ᠴᠢᠩᠭᠠᠳᠬᠠᠨ ︽ | ᠵᠢᠷᠭᠤᠭ᠎ᠠ ᠶᠢ ᠴᠡᠪᠡᠷᠯᠡᠬᠦ︾ ᠠᠵᠢᠯᠯᠠᠭ᠎ᠠ ᠶᠢ ᠭᠦᠨᠵᠡᠭᠡᠢ ᠥᠷᠨᠢᠭᠦᠯᠵᠦ ᠬᠠᠷ᠎ᠠ ᠪᠦᠯᠦᠭᠲᠡᠨ ᠬᠠᠷᠭᠢᠰ ᠬᠦᠴᠦᠨ ᠳᠤ | ᠴᠣᠬᠢᠯᠲᠠ ᠥᠭᠬᠦ ᠴᠢᠳᠠᠪᠤᠷᠢ ᠪᠠᠨ ᠲᠠᠰᠤᠷᠠᠯᠲᠠ ᠦᠭᠡᠢ ᠨᠡᠮᠡᠭᠳᠡᠭᠦᠯᠬᠦ ᠬᠡᠷᠡᠭᠲᠡᠢ᠃ ᠠᠵᠢᠯ ᠲᠥᠷᠥᠯ ᠤᠨ ᠴᠡᠭᠴᠡᠯᠡᠨ | ᠵᠠᠰᠠᠯᠲᠠ ᠶᠢ ᠴᠢᠩᠭᠠᠳᠬᠠᠵᠤ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠵᠠᠰᠠᠯᠳᠠ ᠶᠢᠨ ᠴᠢᠳᠠᠪᠤᠷᠢ ᠶᠢ | ᠳᠡᠭᠡᠭᠰᠢᠯᠡᠭᠦᠯᠣᠨ ᠵᠢᠷᠤᠮᠵᠢᠭᠤᠯᠤᠨ ᠬᠠᠮᠢᠶᠠᠷᠬᠤ᠂ ᠭᠤᠤᠯᠳᠠᠯᠭ᠎ᠠ ᠲᠠᠢ ᠬᠢᠨᠠᠨ ᠡᠵᠡᠮᠳᠠᠭᠦ ᠵᠡᠷᠭᠡ ᠲᠣᠭᠲᠠᠴᠠ ᠶᠢ ᠤᠯᠠᠮ | ᠨᠢᠭᠡ ᠠᠯᠬᠤᠮ ᠲᠡᠭᠦᠯᠳᠡᠷᠵᠢᠭᠦᠯᠵᠦ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠬᠡᠷᠡᠭᠲᠡᠶ᠃ ᠦᠨᠳᠦᠰᠦᠨ | ᠱᠠᠲᠤᠨ ᠤ ᠵᠤᠬᠢᠶᠠᠨ ᠪᠠᠶᠢᠭᠤᠯᠤᠯᠲᠠ ᠶᠢ ᠴᠢᠩᠭᠠᠳᠬᠠᠵᠤ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ | ᠥᠪᠠᠷᠳᠡᠭᠡᠨ ᠵᠠᠰᠠᠬᠤ ᠴᠢᠳᠠᠪᠤᠷᠢ ᠶᠢ ᠴᠢᠩᠭᠠᠷᠠᠭᠤᠯᠤᠨ ᠮᠠᠯᠵᠢᠬᠤ ᠲᠠᠷᠢᠶᠠᠯᠠᠬᠤ ᠣᠷᠣᠨ ᠤ ᠦᠨᠳᠦᠰᠦᠨ ᠱᠠᠲᠤᠨ ᠤ | ᠵᠣᠬᠢᠶᠠᠨ ᠪᠠᠶᠢᠭᠤᠯᠤᠯᠲᠠ ᠶᠢᠨ ᠬᠠᠷ᠎ᠠ ᠪᠦᠯᠦᠭᠲᠡᠨ ᠬᠠᠷᠭᠢᠰ ᠬᠦᠴᠦᠨ ᠢ ᠵᠢᠭᠰᠠᠭᠠᠨ ᠪᠠᠶᠢᠴᠠᠭᠠᠬᠤ᠂ ᠠᠶᠢᠯ ᠲᠣᠰᠬᠤᠨ | ᠤ ᠵᠠᠰᠠᠯᠲᠠ ᠶᠢ ᠴᠢᠩᠭᠠᠳᠬᠠᠬᠤ᠂ ᠤᠬᠠᠭᠤᠯᠭ᠎ᠠ ᠬᠥᠮᠦᠵᠢᠯ ᠬᠢᠵᠦ ᠬᠥᠲᠥᠯᠦᠨ ᠵᠢᠯᠣᠭᠤᠳᠬᠤ ᠵᠡᠷᠭᠡ ᠲᠠᠯ᠎ᠠ ᠪᠠᠷ ᠬᠢ | ᠦᠶᠯᠡᠳᠦᠯ ᠢ ᠦᠨᠡᠨᠬᠦ ᠰᠠᠶᠢᠲᠤᠷ ᠪᠠᠳᠠᠷᠠᠭᠤᠯᠵᠤ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠨᠡᠶᠢᠯᠡᠮᠡᠯ | ᠬᠦᠴᠦᠨ ᠢ ᠨᠢᠭᠲᠠᠷᠠᠭᠤᠯᠬᠤ ᠬᠡᠷᠡᠭᠲᠡᠶ᠃ ᠲᠣᠭᠲᠠᠴᠠ ᠶᠢᠨ ᠪᠠᠶᠢᠭᠤᠯᠤᠯᠲᠠ ᠶᠢ ᠴᠢᠩᠭᠠᠳᠬᠠᠨ ᠲᠤᠰᠬᠠᠶ ᠲᠡᠮᠡᠴᠡᠯ ᠤᠨ | ᠦᠷ᠎ᠡ ᠪᠦᠲᠦᠭᠡᠯ ᠢ ᠤᠯᠠᠮ ᠨᠢᠭᠡ ᠠᠯᠬᠤᠮ ᠪᠠᠬᠢᠵᠢᠭᠦᠯᠦᠨ ᠬᠥᠭᠵᠢᠭᠦᠯᠵᠦ ᠪᠥᠬᠦ ᠬᠤᠰᠢᠭᠤᠨ ᠤ ᠨᠡᠶᠢᠭᠡᠮ ᠤᠨ | ᠵᠠᠰᠠᠯᠲᠠ ᠶᠢᠨ ᠤᠳᠤᠭᠢᠴᠢᠯᠠᠯᠳᠠ ᠶᠢᠨ ᠠᠵᠢᠯ ᠤᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠶ ᠭᠡᠵᠡᠢ᠃ |