ᠰᠢᠨᠬᠤᠸᠠ ᠬᠤᠷᠢᠶᠠᠨ ᠤ ᠪᠡᠭᠡᠵᠢᠩ ᠤᠨ 4 ᠰᠠᠷ᠎ᠠ ᠶᠢᠨ 10 ᠤ ᠴᠠᠬᠢᠯᠭᠠᠨ ᠮᠡᠳᠡᠭᠡ ᠤᠯᠤᠰ ᠤᠨ | ᠲᠡᠷᠢᠬᠦᠯᠡᠭᠴᠢ ᠰᠢ ᠶᠢᠨ ᠫᠢᠩ 10 ᠤ ᠤᠷᠤᠢ ᠮᠧᠺᠰᠢᠺᠦ ᠶᠢᠨ ᠶᠡᠷᠦᠩᠭᠡᠶᠢᠯᠡᠭᠴᠢ ᠯᠦᠸᠧᠫᠸᠢᠢᠰ ᠲᠠᠢ ᠤᠳᠠᠰᠤ ᠪᠠᠷ | ᠶᠠᠷᠢᠯᠴᠠᠪᠠ᠃ | ᠰᠢ ᠶᠢᠨ ᠫᠢᠩ᠂ ᠤᠳᠤᠬᠠᠨ ᠳᠤ ᠮᠧᠺᠰᠢᠺᠦ ᠵᠡᠷᠭᠡ ᠯᠠᠲ᠋ᠢᠨ ᠠᠮᠧᠷᠢᠺᠠ ᠪᠠ ᠺᠠᠷᠢᠪᠧ ᠲᠠᠩᠬᠢᠰ ᠤᠨ | ᠤᠯᠤᠰ ᠤᠳ ᠤᠨ ᠬᠢᠵᠢᠭ ᠤᠨ ᠪᠠᠶᠢᠳᠠᠯ ᠳᠠᠰᠤᠷᠠᠯᠳᠠ ᠦᠭᠡᠢ ᠰᠢᠷᠦᠬᠦᠰᠴᠦ ᠪᠤᠢ᠂ ᠪᠢ ᠳᠤᠮᠳᠠᠳᠤ ᠤᠯᠤᠰ ᠤᠨ | ᠵᠠᠰᠠᠭ ᠤᠨ ᠤᠷᠳᠤᠨ ᠪᠠ ᠳᠤᠮᠳᠠᠳᠤ ᠤᠯᠤᠰ ᠤᠨ ᠠᠷᠠᠳ ᠲᠦᠮᠡᠨ ᠤ ᠡᠮᠦᠨ᠎ᠠ ᠠᠴᠠ᠂ ᠮᠧᠺᠰᠢᠺᠦ ᠶᠢᠨ ᠵᠠᠰᠠᠭ ᠤᠨ | ᠤᠷᠳᠤᠨ ᠪᠠ ᠠᠷᠠᠳ ᠲᠦᠮᠡᠨ ᠢ ᠴᠢᠩ ᠰᠡᠳᠬᠢᠯ ᠠᠴᠠ ᠪᠠᠨ ᠲᠤᠬᠤᠨᠢᠭᠤᠯᠵᠦ ᠪᠠᠶᠢᠬᠤ ᠶᠢᠨ ᠬᠠᠮᠳᠦ ᠡᠷᠡᠰ ᠪᠠᠳᠤ | ᠳᠡᠮᠵᠢᠨ᠎ᠠ ᠭᠡᠳᠡᠭ ᠢᠶᠠᠨ ᠢᠯᠡᠳᠭᠡᠶ᠎ᠠ᠃ ᠶᠡᠷᠦᠩᠭᠡᠶᠢᠯᠡᠭᠴᠢ ᠠᠪᠤᠭᠠᠢ ᠶᠢᠨ ᠤᠳᠤᠷᠢᠳᠤᠯᠭ᠎ᠠ ᠳᠤᠤᠷ᠎ᠠ᠂ | ᠮᠧᠺᠰᠢᠺᠦ ᠶᠢᠨ ᠬᠢᠨ ᠬᠢᠵᠢᠭ ᠤᠨ ᠪᠠᠶᠢᠳᠠᠯ ᠢ ᠤᠳᠠᠯ ᠦᠭᠡᠢ ᠢᠯᠠᠨ ᠲᠠᠪᠠᠨ᠎ᠠ ᠭᠡᠳᠡᠭ ᠢ ᠢᠳᠡᠭᠡᠵᠦ ᠪᠠᠶᠢᠨ᠎ᠠ᠃ | ᠳᠤᠮᠳᠠᠳᠤ ᠶᠢᠨ ᠲᠠᠯ᠎ᠠ ᠳᠤᠷᠠᠳᠠᠶ᠎ᠠ ᠮᠧᠺᠰᠢᠺᠦ ᠶᠢᠨ ᠲᠠᠯ᠎ᠠ ᠳᠤ ᠴᠢᠳᠠᠯ ᠤᠨ ᠢᠶᠠᠨ ᠬᠢᠷᠢ ᠪᠠᠷ ᠳᠡᠮᠵᠢᠯᠭᠡ ᠦᠵᠡᠬᠦᠯᠤᠨ᠎ᠠ᠂ | ᠡᠬᠦᠨ ᠳᠤ ᠮᠧᠺᠰᠢᠺᠦ ᠶᠢᠨ ᠲᠠᠯ᠎ᠠ ᠳᠤᠮᠳᠠᠳᠤ ᠤᠯᠤᠰ ᠠᠴᠠ ᠪᠠᠴᠢᠮ ᠭᠡᠷᠡᠭᠰᠡᠬᠦ ᠬᠢᠵᠢᠭ ᠢ ᠰᠡᠷᠭᠡᠶᠢᠯᠡᠬᠦ ᠡᠳ᠋ ᠪᠤᠳᠠᠰ | ᠬᠤᠳᠠᠯᠳᠤᠨ ᠠᠪᠬᠤ ᠶᠢ ᠪᠠᠭᠳᠠᠭᠠᠵᠦ ᠪᠤᠢ᠃ ᠬᠤᠶᠠᠷ ᠲᠠᠯ᠎ᠠ ᠪᠠᠷ ᠢᠶᠠᠨ ᠪᠠᠰᠠ ᠲᠤᠰᠬᠠᠢ ᠮᠡᠷᠭᠡᠵᠢᠯᠳᠠᠨ ᠤ ᠸᠢᠳᠢᠣ᠋ | ᠬᠤᠷᠠᠯ ᠵᠡᠷᠭᠡ ᠠᠷᠭ᠎ᠠ ᠭᠡᠯᠪᠡᠷᠢ ᠪᠠᠷ ᠰᠡᠷᠭᠡᠶᠢᠯᠡᠨ ᠡᠵᠡᠮᠳᠡᠬᠦ ᠪᠠ ᠤᠨᠤᠰᠢᠯᠠᠨ ᠡᠮᠴᠢᠯᠡᠬᠦ ᠲᠤᠷᠰᠢᠯᠭ᠎ᠠ ᠪᠠᠨ | ᠦᠷᠬᠦᠯᠵᠢᠯᠡᠨ ᠰᠤᠯᠢᠯᠴᠠᠵᠦ ᠪᠤᠯᠤᠨ᠎ᠠ ᠭᠡᠵᠦ ᠵᠢᠭᠠᠵᠦ ᠭᠠᠷᠭᠠᠪᠠ᠃ | ᠰᠢ ᠶᠢᠨ ᠫᠢᠩ᠂ ᠳᠤᠮᠳᠠᠳᠤ ᠶᠢᠨ ᠲᠠᠯ ᠠ ᠬᠦᠮᠦᠨ ᠲᠦᠷᠦᠯᠬᠢᠳᠡᠨ ᠤ ᠬᠤᠪᠢ ᠵᠠᠶᠠᠭᠠᠨ ᠤ ᠬᠠᠮᠳᠦ ᠶᠢᠨ | ᠴᠤᠬᠴᠠ ᠶᠢᠨ ᠤᠢᠢᠯᠠᠭᠠᠭᠳᠠᠬᠤᠨ ᠢ ᠢᠮᠠᠬᠳᠠ ᠪᠠᠷᠢᠮᠳᠠᠯᠠᠵᠦ᠂ ᠬᠢᠵᠢᠭ ᠲᠠᠢ ᠲᠡᠮᠡᠴᠡᠬᠦ ᠤᠯᠠᠨ ᠤᠯᠤᠰ ᠤᠨ | ᠬᠠᠮᠳᠤᠷᠠᠯᠴᠠᠭ᠎ᠠ ᠶᠢ ᠢᠳᠡᠪᠬᠢᠳᠠᠢ ᠦᠷᠨᠢᠬᠦᠯᠦᠨ᠂ ᠳᠡᠯᠡᠭᠡᠢ ᠶᠢᠨ ᠡᠷᠡᠬᠦᠯ ᠬᠠᠮᠠᠭᠠᠯᠠᠯ ᠤᠨ ᠵᠤᠬᠢᠶᠠᠨ | ᠪᠠᠶᠢᠭᠤᠯᠤᠯᠳᠠ ᠶᠢᠨ ᠠᠵᠢᠯ ᠢ ᠡᠷᠡᠰ ᠳᠡᠮᠵᠢᠨ᠎ᠠ᠃ ᠬᠤᠷᠢᠨ ᠤᠯᠤᠰ ᠤᠨ ᠪᠦᠯᠦᠭᠯᠡᠯ ᠤᠨ ᠤᠳᠤᠷᠢᠳᠬᠤ ᠬᠦᠮᠦᠰ ᠤᠨ | ᠰᠢᠨ᠎ᠠ ᠳᠢᠳᠢᠮᠯᠢᠭ ᠠᠭᠤᠰᠬᠢᠨ ᠦᠷᠪᠢᠰᠤᠯ ᠢ ᠠᠷᠭᠠᠴᠠᠭᠠᠬᠤ ᠤᠨᠴᠠᠭᠠᠢ ᠲᠦᠷᠦᠬᠦᠴᠤᠳ ᠤᠨ ᠬᠤᠷᠠᠯ ᠳᠡᠭᠡᠷ᠎ᠠ᠂ ᠪᠢ | ᠬᠢᠵᠢᠭ ᠲᠠᠢ ᠲᠡᠮᠡᠴᠡᠬᠦ ᠤᠯᠠᠨ ᠤᠯᠤᠰ ᠤᠨ ᠬᠠᠮᠳᠤᠷᠠᠯᠴᠠᠭ᠎ᠠ ᠪᠠ ᠳᠡᠯᠡᠭᠡᠢ ᠳ᠋ᠠᠬᠢᠨ ᠤ ᠠᠵᠤ ᠠᠬᠤᠢ ᠶᠢ | ᠲᠤᠬᠳᠠᠪᠤᠷᠢᠵᠢᠭᠤᠯᠬᠤ ᠲᠤᠬᠠᠢ 4 ᠲᠠᠯ᠎ᠠ ᠶᠢᠨ ᠰᠠᠨᠠᠭᠠᠴᠢᠯᠠᠭ᠎ᠠ ᠳᠤᠷᠠᠳᠤᠭᠰᠠᠨ ᠶᠤᠮ᠃ ᠳᠤᠮᠳᠠᠳᠤ ᠶᠢᠨ ᠲᠠᠯ᠎ᠠ | ᠳᠤᠷᠠᠳᠠᠶ᠎ᠠ ᠮᠧᠺᠰᠢᠺᠦ ᠶᠢ ᠪᠠᠭᠳᠠᠭᠠᠭᠰᠠᠨ ᠡᠯ᠎ᠠ ᠪᠦᠷᠢᠯᠳᠦᠬᠦᠨ ᠤᠯᠤᠰ ᠯᠤᠭ᠎ᠠ ᠤᠯᠤᠯᠴᠠᠭ᠎ᠠ ᠵᠤᠬᠢᠴᠠᠭᠤᠯᠭ᠎ᠠ ᠪᠠᠨ | ᠴᠢᠩᠭᠠᠳᠬᠠᠵᠦ᠂ ᠲᠦᠷᠦᠬᠦᠴᠤᠳ ᠤᠨ ᠬᠤᠷᠠᠯ ᠤᠨ ᠬᠠᠮᠳᠦ ᠶᠢᠨ ᠲᠠᠨᠢᠯᠳᠠ ᠶᠢ ᠨᠠᠶᠢᠳᠠᠪᠤᠷᠢᠵᠢᠭᠤᠯᠤᠨ᠎ᠠ᠃ ᠲᠤᠰ | ᠤᠳᠠᠭ᠎ᠠ ᠶᠢᠨ ᠬᠢᠵᠢᠭ ᠲᠠᠢ ᠲᠡᠮᠡᠴᠡᠬᠦ ᠬᠠᠮᠳᠤᠷᠠᠯᠴᠠᠭ᠎ᠠ ᠪᠠᠷ ᠳᠠᠮᠵᠢᠭᠤᠯᠤᠨ ᠳᠤᠮᠳᠠᠳᠤ ᠮᠧᠺᠰᠢᠺᠦ ᠬᠤᠶᠠᠷ ᠤᠯᠤᠰ ᠤᠨ | ᠠᠷᠠᠳ ᠲᠦᠮᠡᠨ ᠤ ᠨᠦᠬᠦᠷᠯᠡᠯ ᠳᠠᠰᠤᠷᠠᠯᠳᠠ ᠦᠭᠡᠢ ᠬᠦᠨᠵᠡᠭᠡᠶᠢᠷᠡᠵᠦ᠂ ᠬᠤᠶᠠᠷ ᠲᠠᠯ᠎ᠠ ᠶᠢᠨ ᠬᠠᠷᠢᠯᠴᠠᠭᠠᠨ ᠤ | ᠪᠠᠶᠢᠯᠳᠤᠬᠤ ᠪᠤᠳᠤᠯᠭ᠎ᠠ ᠶᠢᠨ ᠴᠢᠨᠠᠷ ᠳᠠᠰᠤᠷᠠᠯᠳᠠ ᠦᠭᠡᠢ ᠳᠡᠭᠡᠭᠰᠢᠯᠡᠨᠠ ᠭᠡᠳᠡᠭ ᠢ ᠢᠳᠡᠭᠡᠵᠦ ᠪᠠᠶᠢᠨ᠎ᠠ᠃ | ᠳᠤᠮᠳᠠᠳᠤ ᠶᠢᠨ ᠲᠠᠯ᠎ᠠ ᠳᠤᠷᠠᠳᠠᠶ᠎ᠠ ᠮᠧᠺᠰᠢᠺᠦ ᠶᠢᠨ ᠲᠠᠯ᠎ᠠ ᠲᠠᠢ ᠬᠠᠮᠳᠦ ᠤᠯᠠᠨ ᠤᠯᠤᠰ ᠤᠨ ᠬᠤᠯᠪᠤᠭᠠᠳᠦ | ᠪᠠᠶᠢᠭᠤᠯᠭ᠎ᠠ ᠵᠡᠷᠭᠡ ᠤᠯᠠᠨ ᠲᠠᠯ ᠠ ᠶᠢᠨ ᠪᠤᠷᠤ ᠲᠦᠯᠦᠪ ᠤᠨ ᠳᠤᠳᠤᠷᠠᠬᠢ ᠤᠯᠤᠯᠴᠠᠭ᠎ᠠ ᠵᠤᠬᠢᠴᠠᠭᠤᠯᠭ᠎ᠠ ᠪᠠᠨ | ᠴᠢᠩᠭᠠᠳᠬᠠᠵᠦ᠂ ᠬᠦᠮᠦᠨ ᠲᠦᠷᠦᠯᠬᠢᠳᠡᠨ ᠤ ᠬᠤᠪᠢ ᠵᠠᠶᠠᠭᠠᠨ ᠤ ᠬᠠᠮᠳᠦ ᠶᠢᠨ ᠴᠤᠬᠴᠠ ᠶᠢ ᠬᠠᠮᠳᠤ ᠪᠠᠷ | ᠠᠬᠢᠭᠤᠯᠤᠨ ᠴᠤᠬᠴᠠᠯᠠᠨ᠎ᠠ ᠭᠡᠵᠦ ᠴᠢᠬᠤᠯᠠᠴᠢᠯᠠᠵᠠᠢ᠃ | ᠯᠦᠸᠧᠫᠸᠢᠢᠰ᠂ ᠮᠧᠺᠰᠢᠺᠦ ᠶᠢᠨ ᠲᠠᠯ᠎ᠠ ᠤᠳᠤᠬᠠᠨ ᠳᠤ ᠰᠢᠨ᠎ᠠ ᠳᠢᠳᠢᠮᠯᠢᠭ ᠠᠭᠤᠰᠬᠢᠨ ᠦᠷᠪᠢᠰᠤᠯ ᠤᠨ | ᠬᠢᠵᠢᠭ ᠤᠨ ᠪᠠᠶᠢᠳᠠᠯ ᠲᠠᠢ ᠲᠡᠮᠡᠴᠡᠬᠦ ᠬᠦᠴᠢᠷᠳᠡᠯ ᠲᠠᠢ ᠴᠠᠭ ᠬᠤᠭᠤᠴᠠᠭᠠᠨ ᠳᠤ ᠤᠷᠤᠭᠠᠳ ᠪᠠᠶᠢᠨ᠎ᠠ᠂ | ᠳᠤᠮᠳᠠᠳᠤ ᠶᠢᠨ ᠲᠠᠯ᠎ᠠ ᠠᠴᠠ ᠮᠧᠺᠰᠢᠬᠦ ᠶᠢᠨ ᠲᠠᠯ᠎ᠠ ᠳᠤ ᠬᠢᠵᠢᠭ ᠲᠠᠢ ᠲᠡᠮᠡᠴᠡᠬᠦ ᠬᠤᠪᠤᠷ ᠨᠠᠨᠳᠢᠨ ᠳᠡᠮᠵᠢᠯᠭᠡ ᠪᠠ | ᠬᠠᠪᠰᠤᠷᠤᠯᠭ᠎ᠠ ᠦᠵᠡᠬᠦᠯᠪᠠ᠂ ᠡᠨᠡ ᠨᠢ ᠮᠧᠺᠰᠢᠺᠦ ᠶᠢᠨ ᠲᠠᠯ᠎ᠠ ᠳᠤ ᠮᠠᠰᠢ ᠴᠢᠬᠤᠯᠠ ᠶᠤᠮ᠃ ᠮᠧᠺᠰᠢᠺᠦ ᠶᠢᠨ ᠬᠢᠨ | ᠳᠤᠮᠳᠠᠳᠤ ᠤᠯᠤᠰ ᠯᠤᠭ᠎ᠠ ᠠᠬ᠎ᠠ ᠳᠡᠬᠦᠦ ᠮᠡᠳᠦ ᠨᠦᠬᠦᠷᠰᠡᠭ ᠬᠠᠷᠢᠯᠴᠠᠭ᠎ᠠ ᠪᠠᠨ ᠢᠮᠠᠬᠳᠠ ᠪᠠᠳᠤᠯᠠᠵᠦ ᠪᠠᠶᠢᠨ᠎ᠠ᠂ | ᠮᠧᠺᠰᠢᠺᠦ ᠶᠢᠨ ᠲᠠᠯ᠎ᠠ ᠶᠢᠨ ᠬᠢᠨ ᠳᠤᠮᠳᠠᠳᠤ ᠤᠯᠤᠰ ᠯᠤᠭ᠎ᠠ ᠶᠢᠨ ᠬᠠᠷᠢᠯᠴᠠᠭ᠎ᠠ ᠪᠠᠨ ᠢᠳᠡᠪᠬᠢᠳᠠᠢ ᠬᠦᠭᠵᠢᠬᠦᠯᠬᠦ ᠳᠤ | ᠦᠷᠬᠦᠯᠵᠢᠯᠡᠨ ᠬᠦᠴᠦᠯᠡᠵᠦ᠂ ᠳᠤᠮᠳᠠᠳᠤ ᠶᠢᠨ ᠲᠠᠯ᠎ᠠ ᠯᠤᠭ᠎ᠠ ᠬᠢᠵᠢᠭ ᠲᠠᠢ ᠲᠡᠮᠡᠴᠡᠬᠦ ᠪᠠ ᠤᠯᠠᠨ ᠨᠡᠶᠢᠳᠡ ᠶᠢᠨ | ᠡᠷᠡᠬᠦᠯ ᠬᠠᠮᠠᠭᠠᠯᠠᠯ ᠵᠡᠷᠭᠡ ᠡᠯ᠎ᠠ ᠬᠦᠷᠢᠶᠡᠨ ᠤ ᠰᠤᠯᠢᠯᠴᠠᠭ᠎ᠠ ᠬᠠᠮᠳᠤᠷᠠᠯᠴᠠᠭ᠎ᠠ ᠪᠠᠨ ᠴᠢᠩᠭᠠᠳᠬᠠᠨ᠎ᠠ ᠭᠡᠵᠦ ᠢᠯᠡᠳᠭᠡᠪᠡ | ᠃ | |