ᠰᠢᠨᠬᠤᠸᠠ ᠬᠤᠷᠢᠶᠠᠨ ᠤ ᠪᠡᠭᠡᠵᠢᠩ ᠤᠨ 4 ᠰᠠᠷ᠎ᠡ ᠶᠢᠨ 10 ᠤ ᠴᠠᠬᠢᠯᠭᠠᠨ ᠮᠡᠳᠡᠭᠡ ᠤᠯᠤᠰ ᠤᠨ | ᠲᠡᠷᠢᠬᠦᠯᠡᠭᠴᠢ ᠰᠢ ᠶᠢᠨ ᠫᠢᠩ 10 ᠤ ᠤᠷᠤᠢ ᠸᠧᠨᠧᠽᠦ᠋ᠸ᠋ᠯᠠ ᠶᠢᠨ ᠶᠡᠷᠤᠩᠭᠡᠶᠢᠯᠡᠭᠴᠢ ᠮᠠᠳᠦ᠋ᠯᠦ᠋ᠸᠧ ᠲᠠᠢ | ᠤᠳᠠᠰᠤ ᠪᠠᠷ ᠶᠠᠷᠢᠯᠴᠠᠪᠠ᠃ | ᠰᠢ ᠶᠢᠨ ᠫᠢᠩ ᠲᠤᠮᠳᠠᠳᠤ ᠤᠯᠤᠰ ᠤᠨ ᠵᠠᠰᠠᠭ ᠤᠨ ᠤᠷᠳᠤᠨ ᠪᠤᠯᠤᠨ ᠲᠤᠮᠳᠠᠳᠤ ᠤᠯᠤᠰ ᠤᠨ ᠠᠷᠠᠳ | ᠲᠦᠮᠡᠨ ᠤ ᠡᠮᠤᠨ᠎ᠡ ᠠᠴᠠ ᠸᠧᠨᠧᠽᠦ᠋ᠸ᠋ᠯᠠ ᠶᠢᠨ ᠵᠠᠰᠠᠭ ᠤᠨ ᠤᠷᠳᠤᠨ ᠪᠤᠯᠤᠨ ᠠᠷᠠᠳ ᠲᠦᠮᠡᠨ ᠢ ᠴᠢᠩ | ᠰᠡᠳᠬᠢᠯ ᠠᠴᠠ ᠪᠠᠨ ᠲᠤᠬᠤᠨᠢᠭᠤᠯᠵᠦ ᠪᠠᠶᠢᠬᠤ ᠶᠢᠨ ᠬᠠᠮᠳᠦ ᠡᠷᠡᠰ ᠪᠠᠳᠤ ᠲᠠᠮᠵᠢᠵᠦ ᠪᠠᠶᠢᠬᠤ ᠪᠠᠨ ᠢᠯᠡᠳᠭᠡᠪᠡ᠃ | ᠰᠢ ᠶᠢᠨ ᠫᠢᠩ᠂ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠭᠠᠷᠤᠬᠰᠡᠨ ᠠᠴᠠ ᠨᠠᠭᠠᠰᠢ᠂ | ᠲᠤᠮᠳᠠᠳᠤ ᠤᠯᠤᠰ ᠢᠮᠠᠬᠳᠠ ᠢᠯᠡ ᠲᠤᠳᠤᠷᠬᠠᠢ ᠬᠠᠷᠢᠭᠤᠴᠠᠯᠭᠠᠳᠤ ᠤᠪᠤᠷ ᠢᠶᠠᠷ ᠲᠡᠯᠡᠭᠡᠢ ᠶᠢᠨ ᠡᠷᠡᠬᠦᠯ | ᠬᠠᠮᠠᠭᠠᠯᠠᠯ ᠤᠨ ᠵᠤᠬᠢᠶᠠᠨ ᠪᠠᠶᠢᠭᠤᠯᠤᠯᠳᠠ ᠪᠤᠯᠤᠨ ᠲᠡᠯᠡᠭᠡᠢ ᠨᠡᠶᠢᠭᠡᠮ ᠤᠨ ᠬᠢᠨ ᠳᠤ ᠬᠢᠵᠢᠭ ᠤᠨ ᠪᠠᠶᠢᠳᠠᠯ ᠤᠨ ᠲᠤᠬᠠᠢ | ᠮᠡᠳᠡᠭᠡ ᠵᠠᠩᠭᠢ ᠪᠠᠨ ᠴᠠᠭ ᠲᠤᠬᠠᠢ ᠳᠤᠨᠢ ᠬᠤᠪᠢᠶᠠᠯᠴᠠᠵᠤ᠂ ᠦᠷᠭᠡᠨ ᠬᠡᠪᠴᠢᠶ᠎ᠡ ᠪᠦᠬᠦᠢ ᠤᠯᠠᠨ ᠤᠯᠤᠰ ᠤᠨ | ᠬᠠᠮᠳᠤᠷᠠᠯᠴᠠᠭ᠎ᠠ ᠦᠷᠨᠢᠬᠦᠯᠪᠠ᠃ ᠪᠢᠳᠠ ᠬᠦᠮᠦᠨ ᠲᠦᠷᠦᠯᠬᠢᠳᠠᠨ ᠤ ᠬᠤᠪᠢ ᠵᠠᠶᠠᠭᠠᠨ ᠤ ᠬᠠᠮᠳᠤ ᠶᠢᠨ ᠴᠤᠬᠴᠠ ᠶᠢᠨ | ᠤᠢᠢᠯᠠᠭᠠᠬᠳᠠᠬᠤᠨ ᠢ ᠪᠠᠷᠢᠮᠳᠠᠯᠠᠵᠤ᠂ ᠭᠡᠷᠡᠭᠴᠡᠭᠡ ᠲᠠᠢ ᠤᠯᠤᠰ ᠲᠤ ᠴᠢᠳᠠᠯ ᠤᠨ ᠬᠢᠷᠢ ᠪᠠᠷ ᠲᠠᠮᠵᠢᠯᠭᠡ ᠪᠠ ᠲᠤᠰᠠᠯᠠᠮᠵᠢ | ᠦᠵᠡᠬᠦᠯᠤᠨ᠎ᠡ᠃ ᠪᠢ ᠸᠧᠨᠧᠽᠦ᠋ᠸ᠋ᠯᠠ ᠶᠢᠨ ᠬᠢᠵᠢᠭ ᠤᠨ ᠪᠠᠶᠢᠳᠠᠯ ᠤᠨ ᠬᠦᠭᠵᠢᠯᠳᠠ ᠶᠢ ᠮᠠᠰᠢ ᠠᠩᠬᠠᠷᠴᠤ ᠪᠠᠶᠢᠨ᠎ᠡ᠃ | ᠸᠧᠨᠧᠽᠦ᠋ᠸ᠋ᠯᠠ ᠶᠢᠨ ᠵᠠᠰᠠᠭ ᠤᠨ ᠤᠷᠳᠤᠨ ᠦᠳᠳᠡᠷ ᠲᠦᠷᠭᠡᠨ ᠢᠶᠠᠷ ᠬᠢᠵᠢᠭ ᠢ ᠰᠡᠷᠭᠡᠶᠢᠯᠡᠬᠦ ᠡᠷᠡᠰ ᠰᠢᠭᠤᠷᠬᠠᠢ | ᠠᠷᠭ᠎ᠠ ᠬᠡᠮᠵᠢᠶ᠎ᠡ ᠠᠪᠤᠬᠰᠡᠨ ᠨᠢ ᠲᠤᠰ ᠤᠯᠤᠰ ᠤᠨ ᠠᠷᠠᠳ ᠲᠦᠮᠡᠨ ᠤ ᠠᠮᠢ ᠨᠠᠰᠤ ᠪᠤᠯᠤᠨ ᠪᠠᠶ᠎ᠡ ᠮᠠᠬᠠᠪᠤᠳ ᠤᠨ | ᠡᠷᠡᠬᠦᠯ ᠮᠠᠨᠳᠤ ᠳᠤ ᠲᠡᠭᠡᠳᠤ ᠭᠡᠮᠵᠢᠶ᠎ᠡ ᠪᠠᠷ ᠬᠠᠷᠢᠭᠤᠴᠠᠵᠤ ᠪᠠᠶᠢᠬᠤ ᠤᠪᠤᠷ ᠢᠶᠠᠨ ᠬᠦᠢᠴᠡᠳ ᠢᠯᠡᠷᠡᠬᠦᠯᠦᠭᠰᠡᠨ ᠢ ᠪᠢ | ᠠᠩᠬᠠᠷᠴᠦ ᠤᠯᠤᠯ᠎ᠠ᠃ ᠲᠤᠮᠳᠠᠳᠤ ᠤᠯᠤᠰ ᠸᠧᠨᠧᠽᠦ᠋ᠸ᠋ᠯᠠ ᠶᠢᠨ ᠬᠢᠨ ᠤ ᠤᠳᠤᠬᠠᠨ ᠤ ᠪᠠᠶᠢᠳᠠᠯ ᠢ ᠤᠢᠢᠯᠠᠭᠠᠨᠡ᠂ | ᠨᠢᠭᠡᠨᠳᠠ ᠸᠧᠨᠧᠽᠦ᠋ᠸ᠋ᠯᠠ ᠶᠢᠨ ᠬᠢᠨ ᠳᠤ ᠤᠯᠠᠨ ᠤᠳᠠᠭ᠎ᠠ ᠬᠢᠵᠢᠭ ᠢ ᠰᠡᠷᠭᠡᠶᠢᠯᠡᠬᠦ ᠡᠳ᠋ ᠪᠤᠳᠠᠰ ᠤᠨ ᠲᠤᠰᠠᠯᠠᠮᠵᠢ | ᠬᠠᠨᠭ᠍ᠭᠠᠬᠰᠡᠨ ᠪᠦᠭᠡᠳ ᠦᠨᠳᠤᠷ ᠲᠦᠪᠰᠢᠨ ᠪᠦᠬᠦᠢ ᠡᠮᠴᠢᠯᠡᠭᠡᠨ ᠤ ᠲᠤᠰᠬᠠᠢ ᠮᠡᠷᠭᠡᠵᠢᠯᠳᠠᠨ ᠤ ᠲᠤᠭᠤᠢᠢᠯᠠᠩ | ᠲᠤᠮᠢᠯᠠᠪᠠ᠃ ᠪᠢᠳᠠ ᠲᠤᠷᠠᠳᠠᠶ᠎ᠡ ᠸᠧᠨᠧᠽᠦ᠋ᠸ᠋ᠯᠠ ᠶᠢᠨ ᠬᠢᠨ ᠲᠠᠢ ᠬᠠᠮᠳᠤ ᠪᠠᠷ ᠰᠡᠷᠭᠡᠶᠢᠯᠡᠨ ᠡᠵᠡᠮᠳᠡᠬᠦ | ᠬᠠᠮᠳᠤᠷᠠᠯᠴᠠᠭ᠎ᠠ ᠪᠠᠨ ᠴᠢᠩᠭᠠᠳᠬᠠᠵᠤ᠂ ᠦᠷᠬᠦᠯᠵᠢᠯᠡᠨ ᠲᠠᠮᠵᠢᠯᠭᠡ ᠬᠠᠨᠭ᠍ᠭᠠᠨ᠎ᠡ ᠭᠡᠵᠤ ᠵᠢᠭᠠᠵᠤ ᠭᠠᠷᠭᠠᠪᠠ᠃ | ᠰᠢ ᠶᠢᠨ ᠫᠢᠩ᠂ ᠲᠤᠮᠳᠠᠳᠤ ᠸᠧᠨᠧᠽᠦ᠋ᠸ᠋ᠯᠠ ᠪᠤᠯ ᠪᠦᠬᠦ ᠲᠠᠯ᠎ᠡ ᠶᠢᠨ ᠪᠠᠶᠢᠯᠳᠤᠬᠤ ᠪᠤᠳᠤᠯᠭ᠎ᠠ ᠶᠢᠨ ᠬᠠᠨᠢᠳᠠᠨ | ᠮᠦᠨ᠂ ᠬᠤᠶᠠᠷ ᠤᠯᠤᠰ ᠤᠨ ᠠᠷᠠᠳ ᠲᠦᠮᠡᠨ ᠬᠦᠨ ᠵᠤᠵᠠᠭᠠᠨ ᠨᠦᠬᠦᠷᠯᠡᠯ ᠲᠠᠢ ᠶᠤᠮ᠃ ᠲᠤᠮᠳᠠᠳᠤ ᠤᠯᠤᠰ | ᠸᠧᠨᠧᠽᠦ᠋ᠸ᠋ᠯᠠ ᠶᠢᠨ ᠵᠠᠰᠠᠭ ᠤᠨ ᠤᠷᠳᠤᠨ ᠪᠤᠯᠤᠨ ᠠᠷᠠᠳ ᠲᠦᠮᠡᠨ ᠤ ᠤᠯᠤᠰ ᠤᠨ ᠡᠷᠭᠡ ᠮᠠᠳᠠᠯ ᠢᠶᠠᠨ ᠬᠠᠮᠠᠭᠠᠯᠠᠬᠤ᠂ | ᠨᠡᠶᠢᠭᠡᠮ ᠤᠨ ᠲᠤᠬᠳᠠᠭᠤᠨ ᠪᠠᠶᠢᠳᠠᠯ ᠢᠶᠠᠨ ᠬᠠᠮᠠᠭᠠᠯᠠᠬᠤ᠂ ᠠᠷᠠᠳ ᠤᠨ ᠠᠮᠢᠳᠤᠷᠠᠯ ᠢᠶᠠᠨ ᠰᠠᠶᠢᠵᠢᠷᠠᠭᠤᠯᠬᠤ ᠶᠢ | ᠲᠠᠮᠵᠢᠨ᠎ᠡ᠂ ᠸᠧᠨᠧᠽᠦ᠋ᠸ᠋ᠯᠠ ᠶᠢᠨ ᠠᠷᠠᠳ ᠲᠦᠮᠡᠨ ᠤ ᠤᠯᠤᠰ ᠤᠨ ᠪᠠᠶᠢᠳᠠᠯ ᠳᠠᠭᠠᠨ ᠵᠤᠬᠢᠴᠠᠬᠰᠡᠨ ᠬᠦᠭᠵᠢᠯᠳᠠ ᠶᠢᠨ | ᠵᠠᠮ ᠢ ᠬᠠᠶᠢᠨ ᠰᠦᠪᠡᠭᠴᠢᠯᠡᠬᠦ ᠶᠢ ᠨᠢ ᠲᠠᠮᠵᠢᠨ᠎ᠡ᠃ ᠲᠤᠮᠳᠠᠳᠤ ᠤᠯᠤᠰ ᠲᠤᠷᠠᠳᠠᠶ᠎ᠡ ᠸᠧᠨᠧᠽᠦ᠋ᠸ᠋ᠯᠠ ᠶᠢᠨ | ᠠᠰᠠᠭᠤᠳᠠᠯ ᠢ ᠤᠯᠤᠰ ᠲᠦᠷᠦ ᠪᠠᠷ ᠰᠢᠢᠳᠪᠤᠷᠢᠯᠡᠬᠦ ᠶᠢ ᠠᠬᠢᠭᠤᠯᠬᠤ ᠳᠤ ᠦᠷᠬᠦᠯᠵᠢᠯᠡᠨ ᠪᠦᠳᠦᠭᠡᠯᠴᠢ ᠴᠢᠨᠠᠷᠳᠠᠢ | ᠦᠢᠯᠡᠳᠦᠯ ᠦᠵᠡᠬᠦᠯᠤᠨ᠎ᠡ ᠭᠡᠵᠤ ᠵᠢᠭᠠᠵᠤ ᠭᠠᠷᠭᠠᠪᠠ᠃ | ᠮᠠᠳᠦ᠋ᠯᠦ᠋ᠸᠧ᠂ ᠲᠤᠮᠳᠠᠳᠤ ᠶᠢᠨ ᠲᠠᠯ᠎ᠡ ᠶᠢᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ | ᠪᠠᠶᠢᠳᠠᠯ ᠯᠤᠭ᠎ᠠ ᠶᠢᠨ ᠲᠡᠮᠡᠴᠡᠯ ᠴᠢᠬᠤᠯᠠ ᠶᠡᠭᠡ ᠱᠠᠳᠤᠴᠢ ᠴᠢᠨᠠᠷᠳᠠᠢ ᠦᠷ᠎ᠡ ᠪᠦᠳᠦᠭᠡᠯ ᠤᠯᠪᠠ᠂ ᠲᠤᠮᠳᠠᠳᠤ ᠶᠢᠨ | ᠲᠠᠯ᠎ᠡ ᠶᠢᠨ ᠠᠮᠵᠢᠯᠳᠠ ᠲᠠᠢ ᠠᠷᠭ᠎ᠠ ᠬᠢᠳᠠᠯ ᠨᠢ ᠸᠧᠨᠧᠽᠦ᠋ᠸ᠋ᠯᠠ ᠶᠢᠨ ᠬᠢᠨ ᠰᠤᠷᠤᠯᠴᠠᠨ ᠲᠤᠯᠢᠯᠠᠭᠤᠰᠢᠳᠠᠢ ᠶᠤᠮ᠃ | ᠲᠤᠮᠳᠠᠳᠤ ᠤᠯᠤᠰ ᠸᠧᠨᠧᠽᠦ᠋ᠸ᠋ᠯᠠ ᠶᠢᠨ ᠬᠢᠨ ᠤ ᠬᠢᠵᠢᠭ ᠲᠠᠢ ᠲᠡᠮᠡᠴᠡᠬᠦ ᠳᠤ ᠶᠡᠭᠡ ᠬᠡᠮᠵᠢᠶᠠᠨ ᠤ ᠲᠤᠰᠠᠯᠠᠮᠵᠢ | ᠬᠠᠨᠭ᠍ᠭᠠᠬᠰᠡᠨ ᠪᠦᠭᠡᠳ ᠡᠮᠴᠢᠯᠡᠭᠡᠨ ᠤ ᠲᠤᠰᠬᠠᠢ ᠮᠡᠷᠭᠡᠵᠢᠯᠳᠠᠨ ᠤ ᠲᠤᠭᠤᠢᠢᠯᠠᠩ ᠲᠤᠮᠢᠯᠠᠵᠤ ᠸᠧᠨᠧᠽᠦ᠋ᠸ᠋ᠯᠠ ᠶᠢᠨ | ᠠᠷᠠᠳ ᠲᠦᠮᠡᠨ ᠲᠠᠢ ᠮᠦᠷᠤ ᠵᠡᠷᠭᠡᠴᠡᠨ ᠪᠠᠶᠢᠯᠳᠤᠪᠠ᠃ ᠶᠠᠭ ᠬᠦᠴᠢᠷ ᠪᠡᠷᠭᠡᠰᠢᠶᠠᠯ ᠲᠠᠢ ᠴᠠᠭ ᠮᠦᠴᠡ ᠳᠤ | ᠤᠷᠤᠰᠢᠵᠤ ᠪᠠᠶᠢᠭ᠎ᠠ ᠸᠧᠨᠧᠽᠦ᠋ᠸ᠋ᠯᠠ ᠶᠢᠨ ᠠᠷᠠᠳ ᠲᠦᠮᠡᠨ ᠳᠤ ᠠᠪᠴᠤ ᠬᠡᠯᠡᠪᠡᠯ᠂ ᠲᠤᠮᠳᠠᠳᠤ ᠶᠢᠨ ᠲᠠᠯ᠎ᠡ ᠶᠢᠨ | ᠲᠠᠮᠵᠢᠯᠭᠡ ᠪᠤᠯᠤᠨ ᠲᠤᠰᠠᠯᠠᠮᠵᠢ ᠲᠦᠢᠯ ᠤᠨ ᠡᠷᠬᠢᠮ ᠨᠠᠨᠳᠢᠨ ᠶᠤᠮ᠂ ᠪᠤᠳᠠᠳᠤ ᠠᠵᠢᠯᠯᠠᠭ᠎ᠠ ᠪᠠᠷ ᠢᠶᠠᠨ ᠲᠡᠯᠡᠭᠡᠢ | ᠳ᠋ᠠᠬᠢᠨ ᠳᠤ ᠪᠦᠯᠬᠦᠮᠳᠡᠯ ᠬᠠᠮᠳᠤᠷᠠᠯᠴᠠᠭ᠎ᠠ ᠶᠢᠨ ᠵᠤᠷᠢᠭ ᠰᠠᠨᠠᠭ᠎ᠠ ᠶᠢ ᠬᠠᠷᠠᠭᠤᠯᠵᠠᠢ᠃ ᠪᠢ ᠸᠧᠨᠧᠽᠦ᠋ᠸ᠋ᠯᠠ ᠶᠢᠨ ᠠᠷᠠᠳ | ᠲᠦᠮᠡᠨ ᠢ ᠲᠦᠯᠦᠭᠡᠯᠡᠨ ᠲᠤᠮᠳᠠᠳᠤ ᠤᠯᠤᠰ ᠤᠨ ᠡᠪ ᠬᠠᠮᠳᠤ ᠨᠠᠮ᠂ ᠲᠤᠮᠳᠠᠳᠤ ᠤᠯᠤᠰ ᠤᠨ ᠵᠠᠰᠠᠭ ᠤᠨ ᠤᠷᠳᠤᠨ | ᠪᠤᠯᠤᠨ ᠲᠤᠮᠳᠠᠳᠤ ᠤᠯᠤᠰ ᠤᠨ ᠠᠷᠠᠳ ᠲᠦᠮᠡᠨ ᠳᠤ ᠪᠢᠰᠢᠷᠠᠨ ᠬᠦᠨᠳᠦᠳᠭᠡᠬᠦ ᠶᠢᠨ ᠬᠠᠮᠳᠦ ᠲᠠᠯᠠᠷᠬᠠᠵᠦ ᠪᠠᠶᠢᠬᠤ ᠪᠠᠨ | ᠢᠯᠡᠳᠭᠡᠵᠤ ᠪᠠᠶᠢᠨ᠎ᠡ᠃ ᠸᠧᠨᠧᠽᠦ᠋ᠸ᠋ᠯᠠ ᠶᠢᠨ ᠬᠢᠨ ᠲᠤᠷᠠᠳᠠᠶ᠎ᠡ ᠲᠤᠮᠳᠠᠳᠤ ᠤᠯᠤᠰ ᠯᠤᠭ᠎ᠠ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠬᠦᠷᠢᠶᠠᠨ ᠳᠠᠬᠢ ᠰᠤᠯᠢᠯᠴᠠᠭ᠎ᠠ ᠬᠠᠮᠳᠤᠷᠠᠯᠴᠠᠭ᠎ᠠ ᠪᠠᠨ ᠴᠢᠩᠭᠠᠳᠬᠠᠬᠤ ᠪᠦᠭᠡᠳ ᠲᠡᠯᠡᠭᠡᠢ ᠶᠢᠨ | ᠡᠷᠡᠬᠦᠯ ᠬᠠᠮᠠᠭᠠᠯᠠᠯ ᠤᠨ ᠵᠤᠬᠢᠶᠠᠨ ᠪᠠᠶᠢᠭᠤᠯᠤᠯᠳᠠ ᠶᠢᠨ ᠠᠵᠢᠯ ᠢ ᠲᠠᠮᠵᠢᠨ᠎ᠡ᠃ ᠸᠧᠨᠧᠽᠦ᠋ᠸ᠋ᠯᠠ ᠶᠢᠨ ᠬᠢᠨ ᠲᠤᠮᠳᠠᠳᠤ | ᠤᠯᠤᠰ ᠯᠤᠭ᠎ᠠ ᠶᠢᠨ ᠪᠦᠬᠦ ᠲᠠᠯ᠎ᠡ ᠶᠢᠨ ᠪᠠᠶᠢᠯᠳᠤᠬᠤ ᠪᠤᠳᠤᠯᠭ᠎ᠠ ᠶᠢᠨ ᠬᠠᠨᠢᠳᠠᠨ ᠤ ᠬᠠᠷᠢᠯᠴᠠᠭ᠎ᠠ ᠪᠠᠨ ᠨᠠᠨᠳᠢᠩᠨᠠᠵᠤ | ᠪᠠᠶᠢᠨ᠎ᠡ᠂ ᠲᠤᠮᠳᠠᠳᠤ ᠤᠯᠤᠰ ᠯᠤᠭ᠎ᠠ ᠦᠷᠬᠦᠯᠵᠢᠯᠡᠨ ᠬᠠᠮᠳᠤᠷᠠᠯᠴᠠᠭ᠎ᠠ ᠪᠠᠨ ᠴᠢᠩᠭᠠᠳᠬᠠᠵᠤ᠂ ᠬᠦᠮᠦᠨ | ᠲᠦᠷᠦᠯᠬᠢᠳᠠᠨ ᠤ ᠬᠤᠪᠢ ᠵᠠᠶᠠᠭᠠᠨ ᠤ ᠬᠠᠮᠳᠤ ᠶᠢᠨ ᠴᠤᠬᠴᠠ ᠶᠢ ᠪᠠᠶᠢᠭᠤᠯᠬᠤ ᠶᠢ ᠬᠠᠮᠳᠤ ᠪᠠᠷ ᠠᠬᠢᠭᠤᠯᠬᠤ ᠶᠢ | ᠬᠦᠰᠡᠵᠤ ᠪᠠᠶᠢᠨ᠎ᠡ ᠭᠡᠵᠤ ᠢᠯᠡᠳᠭᠡᠪᠡ᠃ |