ᠮᠠᠨ ᠤ ᠬᠤᠰᠢᠭᠤᠨ ᠤ ᠲᠤᠭᠠᠴᠢᠯᠠᠭᠰᠠᠨ ᠰᠤᠶᠤᠯ ᠤᠨ ᠤᠷᠳᠤᠨ ᠦᠪᠦᠷ ᠮᠤᠩᠭᠤᠯ ᠤᠨ ᠰᠣᠶᠣᠯ ᠤᠨ ᠡᠬᠦᠯᠡᠨ ᠳᠠᠪᠴᠠᠩ ᠢᠶᠠᠷ ᠲᠠᠮᠵᠢᠨ ᠰᠦᠯᠵᠢᠶᠠᠨ ᠬᠢᠴᠢᠶᠡᠯᠯᠡᠭᠡ ᠬᠢᠵᠦ ᠤᠯᠠᠨ ᠲᠦᠮᠠᠨ ᠳᠤ ᠤᠶᠢᠯᠡᠴᠢᠯᠠᠵᠤ ᠪᠠᠶᠢᠨ᠎ᠠ
ᠨᠡᠶᠢᠲᠡᠯᠡᠭᠰᠡᠨ ᠴᠠᠭ᠄
2020-04-15
     ᠮᠠᠨ ᠤ ᠬᠤᠰᠢᠭᠤᠨ ᠤ ᠲᠤᠭᠠᠴᠢᠯᠠᠭᠰᠠᠨ ᠰᠤᠶᠤᠯ ᠤᠨ ᠤᠷᠳᠤᠨ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠰᠤᠶᠤᠯ ᠤᠨ ᠤᠷᠳᠤᠨ ᠲᠠᠢ ᠬᠠᠮᠳᠤᠷᠠᠨ ᠦᠪᠦᠷ ᠮᠤᠩᠭᠤᠯ ᠤᠨ ᠰᠤᠶᠣᠯ ᠤᠨ ᠡᠭᠦᠯᠡᠨ ᠲᠠᠪᠴᠡᠩ ᠎ ᠪᠠᠷ ᠰᠢᠭᠤᠳ ᠨᠡᠪᠳᠡᠷᠡᠭᠦᠯᠭᠡ ᠶᠢᠨ ᠭᠡᠯᠪᠡᠷᠢ ᠪᠠᠷ ᠬᠢᠴᠢᠶᠡᠯᠯᠡᠭᠡ ᠬᠢᠵᠦ ᠪᠥᠭᠦ ᠤᠷᠤᠨ ᠤ ᠠᠷᠡᠳ ᠲᠦᠮᠡᠨ ᠳᠤ ᠰᠤᠶᠤᠯ ᠤᠨ ᠤᠶᠢᠯᠡᠴᠢᠯᠡᠭᠡ ᠬᠠᠩᠭᠠᠵᠤ ᠪᠠᠶᠢᠨ᠎ᠠ᠃      ᠮᠠᠨ ᠤ ᠬᠤᠰᠢᠭᠤᠨ ᠤ ᠲᠤᠭᠠᠴᠢᠯᠠᠬᠰᠠᠨ ᠰᠤᠶᠤᠯ ᠤᠨ ᠤᠷᠳᠤᠨ ᠨᠢ 2020 ᠣᠨ ᠳᠤ ᠲᠠᠭᠤᠤ᠂ ᠪᠦᠵᠢᠭ ᠂ ᠤᠷᠠᠨ ᠪᠢᠴᠢᠯᠭᠡ᠂ ᠵᠢᠷᠤᠭ᠂ ᠬᠡᠯᠡ ᠠᠪᠢᠶᠠᠨ ᠤ ᠪᠤᠯᠪᠠᠰᠤᠷᠠᠯ ᠵᠡᠷᠭᠡ 36 ᠲᠦᠷᠥᠯ ᠤᠨ ᠬᠢᠴᠢᠶᠠᠯ ᠢ ᠰᠢᠭᠤᠳ ᠨᠡᠪᠳᠡᠷᠡᠭᠦᠯᠭᠡ ᠶᠢᠨ ᠭᠡᠯᠪᠡᠷᠢ ᠪᠠᠷ ᠦᠪᠦᠷ ᠮᠤᠩᠭᠤᠯ ᠤᠨ ᠰᠤᠶᠣᠯ ᠤᠨ ᠡᠭᠦᠯᠡᠨ ᠲᠠᠪᠴᠡᠩ ᠪᠠᠷ ᠪᠥᠭᠦ ᠤᠷᠤᠨ ᠤ ᠠᠷᠡᠳ ᠲᠦᠮᠡᠨ ᠳᠤ ᠤᠶᠢᠯᠡᠴᠢᠯᠡᠭᠦ ᠪᠠᠷ ᠲᠦᠰᠦᠪᠯᠡᠵᠦ ᠤᠳᠤᠬᠠᠨ ᠳᠤ ᠪᠡᠶ᠎ᠡ ᠴᠢᠬᠢᠷᠠᠭᠵᠢᠭᠤᠯᠬᠤ ᠲᠠᠮᠢᠷ᠂ ᠬᠡᠯᠡ ᠠᠪᠢᠶᠠᠨ ᠤ ᠪᠤᠯᠪᠠᠰᠤᠷᠠᠯ᠂ ᠪᠦᠵᠢᠭ ᠵᠡᠷᠭᠡ ᠭᠤᠷᠪᠠᠨ ᠲᠦᠷᠥᠯ ᠤᠨ ᠬᠢᠴᠢᠶᠡᠯᠯᠡᠭᠡ ᠨᠢ ᠨᠢᠭᠡᠨᠳᠡ ᠰᠦᠯᠵᠢᠶᠡᠨ ᠲᠡᠭᠡᠷ᠎ᠡ ᠭᠠᠷᠤᠭᠰᠠᠨ ᠪᠠᠶᠢᠨ᠎ᠠ᠃      ᠮᠠᠨ ᠤ ᠬᠤᠰᠢᠭᠤᠨ ᠤ ᠰᠤᠶᠤᠯ ᠤᠨ ᠤᠷᠳᠤᠨ ᠤ ᠲᠠᠷᠤᠭ᠎ᠠ ᠬᠠᠰᠳᠠᠯᠠᠢ᠄ ︽ᠤᠳᠤᠬᠠᠨ ᠳᠤ ᠬᠢᠴᠢᠶᠡᠯᠯᠡᠭᠡ ᠬᠢᠵᠦ ᠪᠠᠶᠢᠭ᠎ᠠ ᠪᠣᠯ ᠮᠠᠨ ᠤ ᠰᠤᠶᠣᠯ ᠤᠨ ᠤᠷᠳᠤᠨ ᠤ ᠰᠤᠶᠤᠯ ᠲᠠᠮᠢᠷ ᠤᠨ ᠲᠤᠮᠢᠯᠠᠭᠴᠢ ᠪᠠᠶᠢᠵᠦ ᠲᠠᠷᠠᠭᠠᠴᠢ ᠪᠠᠷ ᠪᠢᠳᠡ ᠤᠷᠤᠨ ᠪᠣᠶᠤ ᠤᠯᠣᠰ ᠤᠨ ᠨᠡᠷᠡᠳᠡᠢ ᠬᠦᠮᠦᠰ ᠢ ᠠᠪᠴᠢᠷᠠᠵᠤ ᠬᠢᠴᠢᠶᠡᠯᠯᠡᠭᠡ ᠬᠢᠭᠦ ᠵᠤᠷᠢᠯᠭ᠎ᠠ ᠲᠠᠢ ᠪᠠᠶᠢᠨ᠎ᠠ︾ ᠬᠡᠵᠦ ᠰᠦᠯᠵᠢᠶᠡᠨ ᠬᠢᠴᠢᠶᠡᠯᠯᠡᠭᠡ ᠶᠢᠨ ᠲᠤᠬᠠᠢ ᠶᠠᠷᠢᠭᠰᠠᠨ ᠪᠠᠶᠢᠨ᠎ᠠ᠃      ᠮᠠᠨ ᠤ ᠬᠤᠰᠢᠭᠤᠨ ᠤ ᠲᠤᠭᠠᠴᠢᠯᠠᠭᠰᠠᠨ ᠰᠤᠶᠤᠯ ᠤᠨ ᠤᠷᠳᠤᠨ ᠪᠣᠯ ᠮᠠᠨ ᠤ ᠬᠤᠰᠢᠭᠤᠨ ᠤ ᠤᠯᠠᠨ ᠨᠠᠶᠢᠳᠡ ᠶᠢᠨ ᠰᠤᠶᠤᠯ ᠤᠨ ᠤᠶᠢᠯᠡᠴᠢᠯᠡᠭᠡᠨ ᠤ ᠤᠶᠢᠯᠡᠳᠤᠯ ᠴᠢᠳᠠᠪᠤᠷᠢ ᠶᠢ ᠬᠦᠢᠴᠡᠳ ᠪᠠᠳᠠᠷᠠᠭᠤᠯᠬᠤ ᠪᠠᠷ ᠪᠠᠶᠢᠭᠤᠯᠤᠭᠰᠠᠨ ᠰᠤᠶᠤᠯ ᠤᠨ ᠤᠶᠢᠯᠡᠴᠢᠯᠡᠭᠡᠨ ᠤ ᠰᠢᠰᠲ᠋ᠧᠮ ᠪᠠᠶᠢᠵᠤ ᠲᠤᠭ᠎ᠠ ᠪᠠᠷᠢᠮᠳᠡ ᠶᠢᠨ ᠬᠦᠮᠦᠷᠭᠡ᠂ ᠲᠤᠭᠤᠷᠢᠭ ᠭᠡᠰᠡᠭ ᠤᠨ ᠭᠡᠯᠬᠢᠶᠠᠵᠢᠯ᠂ ᠨᠡᠶᠢᠯᠡᠮᠡᠯ ᠢᠯᠡᠷᠡᠭᠦᠯᠥᠯᠳᠡ᠂ ᠪᠠᠶᠠᠴᠢᠯᠠᠨ ᠤᠶᠢᠯᠡᠳᠤᠯᠭᠡᠵᠢᠭᠦᠯᠭᠦ ᠵᠡᠷᠭᠡ ᠲᠡᠷᠢᠭᠦᠨ ᠤ ᠮᠡᠷᠭᠡᠵᠢᠯ ᠢ ᠠᠰᠢᠭᠯᠠᠵᠤ ᠦᠷᠭᠡᠨ ᠤᠯᠠᠨ ᠠᠷᠡᠳ ᠲᠦᠮᠡᠨ ᠳᠤ ᠰᠤᠶᠣᠯ ᠤᠨ ᠤᠶᠢᠯᠡᠴᠢᠯᠡᠭᠡ ᠬᠠᠩᠭᠠᠳᠠᠭ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号