ᠰᠢ ᠶᠢᠨ ᠫᠢᠩ ᠺᠢᠷᠬᠢᠽᠰᠲ᠋ᠠᠨ ᠤ ᠶᠡᠷᠦᠩᠭᠡᠶᠢᠯᠡᠭᠴᠢ ᠷᠤ᠊ ᠊ ᠡᠸ᠋ᠨᠪᠢᠶᠧᠺᠧᠹ ᠲᠠᠢ ᠤᠳᠠᠰᠤ ᠪᠠᠷ ᠶᠠᠷᠢᠯᠴᠠᠵᠠᠢ
ᠨᠡᠶᠢᠲᠡᠯᠡᠭᠰᠡᠨ ᠴᠠᠭ᠄
2020-04-15
     ᠰᠢᠨᠬᠤᠸ᠋ᠨ ᠬᠤᠷᠢᠶᠠᠨ ᠤ ᠪᠡᠭᠡᠵᠢᠩ ᠤᠨ 4 ᠰᠠᠷ᠎ᠠ ᠶᠢᠨ 14 ᠤ ᠴᠠᠬᠢᠯᠭᠠᠨ ᠮᠡᠳᠡᠭᠡ ᠤᠯᠤᠰ ᠤᠨ ᠲᠡᠷᠢᠬᠦᠯᠡᠭᠴᠢ ᠰᠢ ᠶᠢᠨ ᠫᠢᠩ 14 ᠤ ᠤᠷᠤᠢ ᠺᠢᠷᠬᠢᠽᠰᠲ᠋ᠠᠨ ᠤ ᠶᠡᠷᠦᠩᠭᠡᠶᠢᠯᠡᠭᠴᠢ ᠷᠤ᠊ ᠊ ᠡᠸ᠋ᠨᠪᠢᠶᠧᠺᠧᠹ ᠲᠠᠢ ᠤᠳᠠᠰᠤ ᠪᠠᠷ ᠶᠠᠷᠢᠯᠴᠠᠪᠠ᠃      ᠰᠢ ᠶᠢᠨ ᠫᠢᠩ᠂ ᠰᠢᠨ᠎ᠠ ᠳᠢᠳᠢᠮᠯᠢᠭ ᠠᠭᠤᠰᠬᠢᠨ ᠦᠷᠪᠢᠰᠤᠯ ᠤᠨ ᠬᠢᠵᠢᠭ ᠤᠨ ᠪᠠᠶᠢᠳᠠᠯ ᠪᠦᠬᠦ ᠪᠦᠮᠪᠦᠷᠴᠡᠭ ᠲᠤ ᠦᠷᠪᠢᠰᠤᠨ ᠳᠡᠯᠭᠡᠷᠡᠵᠦ᠂ ᠡᠯ᠎ᠠ ᠤᠯᠤᠰ ᠤᠨ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠠ ᠪᠠᠶ᠎ᠠ ᠮᠠᠬᠠᠪᠤᠳ ᠤᠨ ᠡᠷᠡᠬᠦᠯ ᠮᠡᠨᠳᠦ ᠳᠤ ᠯᠤᠳᠤ ᠶᠡᠭᠡ ᠰᠦᠷᠳᠡᠬᠦᠯᠦᠯ ᠤᠴᠠᠷᠠᠭᠤᠯᠪᠠ᠃ ᠳᠤᠮᠳᠠᠳᠤ ᠤᠯᠤᠰ ᠤᠨ ᠬᠢᠵᠢᠭ ᠢ ᠰᠡᠷᠭᠡᠶᠢᠯᠡᠨ ᠡᠵᠡᠮᠳᠡᠬᠦ ᠪᠠᠶᠢᠳᠠᠯ ᠬᠠᠮᠤᠭ ᠤᠨ ᠬᠦᠴᠢᠷ ᠪᠡᠷᠭᠡᠰᠢᠶᠠᠯ ᠲᠠᠢ ᠪᠠᠶᠢᠬᠰᠠᠨ ᠦᠶ᠎ᠡ ᠳᠤ ᠂ ᠺᠢᠷᠬᠢᠽᠰᠲ᠋ᠠᠨ ᠤ ᠵᠠᠰᠠᠭ ᠤᠨ ᠤᠷᠳᠤᠨ ᠬᠦᠴᠢᠷ ᠪᠡᠷᠭᠡ ᠶᠢ ᠢᠯᠠᠨ ᠲᠠᠪᠠᠵᠦ ᠳᠤᠮᠳᠠᠳᠤ ᠶᠢᠨ ᠲᠠᠯ᠎ᠠ ᠳᠤ ᠲᠡᠷᠡ ᠳᠠᠷᠤᠢ ᠳᠤᠨᠢ ᠡᠮᠴᠢᠯᠡᠭᠡᠨ ᠤ ᠡᠳ᠋ ᠪᠤᠳᠠᠰ ᠤᠨ ᠲᠤᠰᠠᠯᠠᠮᠵᠢ ᠬᠠᠩᠭᠠᠨ᠂ ᠺᠢᠷᠬᠢᠽᠰᠲ᠋ᠠᠨ ᠤ ᠨᠡᠶᠢᠭᠡᠮ ᠤᠨ ᠡᠯ᠎ᠠ ᠡᠳᠡᠭᠡᠳ ᠠᠳᠠᠯᠢ ᠪᠤᠰᠤ ᠭᠡᠯᠪᠡᠷᠢ ᠪᠠᠷ ᠳᠤᠮᠳᠠᠳᠤ ᠤᠯᠤᠰ ᠤᠨ ᠬᠢᠵᠢᠭ ᠲᠠᠢ ᠲᠡᠮᠡᠴᠡᠬᠦ ᠠᠵᠢᠯ ᠢ ᠲᠤᠰᠠᠯᠠᠵᠦ᠂ ᠮᠠᠰᠢ ᠤᠯᠠᠨ ᠰᠡᠳᠬᠢᠯ ᠲᠤᠯᠠᠭᠠᠴᠠᠭᠤᠯᠤᠮ᠎ᠠ ᠴᠠᠬ ᠮᠦᠴᠡ ᠶᠢ ᠦᠯᠡᠳᠡᠭᠡᠭᠰᠡᠨ ᠶᠤᠮ᠃ ᠳᠤᠮᠳᠠᠳᠤ ᠤᠯᠤᠰ ᠤᠨ ᠠᠷᠠᠳ ᠲᠦᠮᠡᠨ ᠺᠢᠷᠬᠢᠽᠰᠲ᠋ᠠᠨ ᠤ ᠠᠷᠠᠳ ᠲᠦᠮᠡᠨ ᠯᠦᠭᠡ ᠠᠬ᠎ᠠ ᠳᠡᠬᠦᠦ ᠮᠡᠳᠦ ᠨᠦᠬᠦᠷᠰᠡᠭ ᠰᠡᠳᠬᠢᠯᠭᠡ ᠲᠠᠢ ᠪᠠᠶᠢᠭ᠎ᠠ ᠶᠤᠮ᠃ ᠳᠤᠮᠳᠠᠳᠤ ᠶᠢᠨ ᠲᠠᠯ᠎ᠠ ᠺᠢᠷᠬᠢᠽᠰᠲ᠋ᠠᠨ ᠳᠤ ᠲᠤᠯᠭᠠᠷᠠᠵᠦ ᠪᠠᠶᠢᠭ᠎ᠠ ᠬᠦᠴᠢᠷᠳᠡᠯ ᠢ ᠤᠢᠢᠯᠠᠭᠠᠵᠦ᠂ ᠳᠤᠷᠠᠳᠠᠶ᠎ᠠ ᠺᠢᠷᠬᠢᠽᠰᠲ᠋ᠠᠨ ᠤ ᠠᠷᠠᠳ ᠲᠦᠮᠡᠨ ᠲᠠᠢ ᠮᠦᠷᠦ ᠵᠡᠷᠭᠡᠴᠡᠨ ᠬᠢᠵᠢᠭ ᠲᠠᠢ ᠲᠡᠮᠡᠴᠡᠵᠦ᠂ ᠺᠢᠷᠬᠢᠽᠰᠲ᠋ᠠᠨ ᠤ ᠲᠠᠯ᠎ᠠ ᠳᠤ ᠦᠷᠬᠦᠯᠵᠢᠯᠡᠨ ᠴᠢᠳᠠᠯ ᠤᠨ ᠢᠶᠠᠨ ᠬᠢᠷᠢ ᠪᠠᠷ ᠬᠠᠪᠰᠤᠷᠤᠯᠭ᠎ᠠ ᠦᠵᠡᠬᠦᠯᠦᠨ᠂ ᠰᠡᠷᠭᠡᠶᠢᠯᠡᠨ ᠡᠵᠡᠮᠳᠡᠬᠦ ᠲᠤᠷᠰᠢᠯᠭ᠎ᠠ ᠪᠠ ᠤᠨᠤᠰᠢᠯᠠᠨ ᠵᠠᠰᠠᠬᠤ ᠲᠦᠰᠦᠯ ᠢᠶᠠᠨ ᠬᠤᠪᠢᠶᠠᠯᠴᠠᠵᠦ᠂ ᠡᠮᠴᠢᠯᠡᠭᠡᠨ ᠤ ᠲᠤᠰᠬᠠᠢ ᠮᠡᠷᠭᠡᠵᠢᠯᠳᠠᠳ ᠢ ᠡᠷᠳᠡᠭᠡᠨ ᠲᠤᠮᠢᠯᠠᠬᠤ ᠪᠠᠷ ᠪᠠᠶᠢᠨ᠎ᠠ᠃ ᠲᠠᠨ ᠤ ᠤᠳᠤᠷᠢᠳᠤᠯᠭ᠎ᠠ ᠳᠤᠤᠷ᠎ᠠ᠂ ᠺᠢᠷᠬᠢᠽᠰᠲ᠋ᠠᠨ ᠤ ᠬᠢᠨ ᠬᠢᠵᠢᠭ ᠤᠨ ᠪᠠᠶᠢᠳᠠᠯ ᠢ ᠯᠠᠪᠳᠠᠢ ᠲᠠᠶᠢᠯᠠᠨ ᠢᠯᠠᠨ᠎ᠠ ᠭᠡᠳᠡᠭ ᠢ ᠢᠳᠡᠭᠡᠵᠦ ᠪᠠᠶᠢᠨ᠎ᠠ ᠭᠡᠵᠦ ᠵᠢᠭᠠᠵᠦ ᠭᠠᠷᠭᠠᠪᠠ᠃      ᠰᠢ ᠶᠢᠨ ᠫᠢᠩ᠂ ᠳᠤᠮᠳᠠᠳᠤ ᠺᠢᠷᠬᠢᠽᠰᠲ᠋ᠠᠨ ᠪᠤᠯ ᠠᠭᠤᠯᠠ ᠤᠰᠤ ᠪᠠᠷ ᠢᠶᠠᠨ ᠵᠠᠯᠭᠠᠯᠳᠤᠭᠰᠠᠨ ᠡᠶᠡᠯᠳᠡᠭ ᠬᠦᠷᠰᠢ ᠪᠠ ᠪᠦᠬᠦ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠨᠢᠳᠠᠨ ᠮᠦᠨ᠃ ᠳᠤᠮᠳᠠᠳᠤ ᠶᠢᠨ ᠲᠠᠯ᠎ᠠ ᠲᠤᠷᠠᠳᠠᠶ᠎ᠠ ᠺᠢᠷᠬᠢᠽᠰᠲ᠋ᠠᠨ ᠤ ᠬᠢᠨ ᠲᠠᠢ ᠬᠠᠮᠳᠤ ᠪᠠᠷ ᠬᠦᠮᠦᠨ ᠲᠦᠷᠦᠯᠬᠢᠳᠡᠨ ᠤ ᠬᠤᠪᠢ ᠵᠠᠶᠠᠭᠠᠨ ᠤ ᠬᠠᠮᠳᠦ ᠶᠢᠨ ᠴᠤᠬᠴᠠ ᠶᠢᠨ ᠤᠢᠢᠯᠠᠭᠠᠭᠳᠠᠬᠤᠨ ᠢ ᠪᠠᠷᠢᠮᠳᠠᠯᠠᠵᠦ᠂ ᠬᠤᠶᠠᠷ ᠲᠠᠯ᠎ᠠ ᠶᠢᠨ ᠲᠡᠰ ᠳᠠᠪᠬᠤᠷᠭ᠎ᠠ ᠪᠠ ᠱᠠᠩᠬᠠᠢ ᠶᠢᠨ ᠬᠠᠮᠳᠤᠷᠠᠯᠴᠠᠭᠠᠨ ᠤ ᠵᠤᠬᠢᠶᠠᠨ ᠪᠠᠶᠢᠭᠤᠯᠤᠯᠳᠠ ᠵᠡᠷᠭᠡ ᠤᠯᠠᠨ ᠲᠠᠯ᠎ᠠ ᠶᠢᠨ ᠪᠤᠷᠤ ᠲᠦᠯᠦᠪ ᠤᠨ ᠳᠤᠳᠤᠷ᠎ᠠ ᠪᠦᠯᠬᠦᠮᠳᠡᠯ᠂ ᠵᠤᠬᠢᠴᠠᠭᠤᠯᠭ᠎ᠠ᠂ ᠬᠠᠮᠳᠤᠷᠠᠯᠴᠠᠭ᠎ᠠ ᠪᠠᠨ ᠴᠢᠩᠭᠠᠳᠬᠠᠵᠦ᠂ ᠬᠠᠳᠠᠭᠤ ᠪᠡᠷᠬᠡᠰᠢᠶᠡᠯ ᠢ ᠬᠠᠮᠳᠤ ᠪᠠᠷ ᠲᠤᠭᠤᠯᠤᠨ᠂ ᠰᠠᠬᠢᠨ ᠪᠠᠷᠠᠯᠠᠵᠦ ᠬᠠᠷᠢᠯᠴᠠᠨ ᠬᠠᠪᠰᠤᠷᠤᠯᠴᠠᠵᠦ᠂ ᠤᠯᠠᠨ ᠨᠡᠶᠢᠳᠡ ᠶᠢᠨ ᠡᠷᠡᠬᠦᠯ ᠬᠠᠮᠠᠭᠠᠯᠠᠯ ᠤᠨ ᠠᠮᠤᠷ ᠲᠦᠪᠰᠢᠨ ᠢ ᠬᠠᠮᠠᠭᠠᠯᠠᠬᠤ᠂ ᠳᠡᠯᠡᠭᠡᠢ ᠶᠢᠨ ᠠᠵᠤ ᠠᠬᠤᠢ ᠶᠢᠨ ᠨᠡᠮᠡᠭᠳᠡᠯ ᠢ ᠰᠡᠷᠬᠦᠭᠡᠬᠦ ᠳᠤ ᠢᠳᠡᠪᠬᠢᠳᠠᠢ ᠬᠤᠪᠢ ᠨᠡᠮᠡᠷᠢ ᠦᠵᠡᠬᠦᠯᠦᠨ᠎ᠠ᠃ ᠬᠤᠶᠠᠷ ᠲᠠᠯ᠎ᠠ ᠪᠠᠷ ᠢᠶᠠᠨ ᠲᠤᠰ ᠲᠤᠰ ᠤᠨ ᠢᠶᠠᠨ ᠭᠤᠤᠯᠯᠠᠬᠴᠢ ᠠᠰᠢᠬ ᠲᠤᠰᠠ ᠳᠤ ᠬᠤᠯᠪᠤᠭᠳᠠᠭᠰᠠᠨ ᠠᠰᠠᠭᠤᠳᠠᠯ ᠳᠡᠭᠡᠷ᠎ᠠ ᠬᠠᠷᠢᠯᠴᠠᠨ ᠳᠡᠮᠵᠢᠬᠦ ᠪᠠᠨ ᠴᠢᠩᠭᠠᠳᠬᠠᠵᠦ᠂ ︽ᠨᠢᠭᠡ ᠪᠦᠰᠡ ᠨᠢᠭᠡ ᠵᠠᠮ︾ ᠢ ᠬᠠᠮᠳᠤ ᠪᠠᠷ ᠪᠦᠳᠦᠭᠡᠨ ᠪᠠᠶᠢᠭᠤᠯᠬᠤ ᠶᠢ ᠠᠬᠢᠭᠤᠯᠤᠨ᠂ ᠡᠯ᠎ᠠ ᠬᠦᠷᠢᠶᠡᠨ ᠳᠠᠬᠢ ᠬᠠᠮᠳᠤᠷᠠᠯᠴᠠᠭ᠎ᠠ ᠶᠢ ᠬᠦᠨᠵᠡᠭᠡᠶᠢᠷᠡᠬᠦᠯᠵᠦ᠂ ᠬᠤᠶᠠᠷ ᠤᠯᠤᠰ ᠤᠨ ᠪᠦᠬᠦ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠨᠢᠳᠠᠨ ᠤ ᠬᠠᠷᠢᠯᠴᠠᠭ᠎ᠠ ᠳᠠᠰᠤᠷᠠᠯᠳᠠ ᠦᠭᠡᠢ ᠰᠢᠨ᠎ᠠ ᠳᠡᠭᠳᠡᠷ ᠲᠤ ᠭᠠᠷᠬᠤ ᠶᠢ ᠠᠬᠢᠭᠤᠯᠤᠶ᠎ᠠ ᠭᠡᠵᠦ ᠴᠢᠬᠤᠯᠠᠴᠢᠯᠠᠵᠠᠢ᠃      ᠷᠤ᠊ ᠊ ᠡᠸ᠋ᠨᠪᠢᠶᠧᠺᠧᠹ᠂ ᠳᠤᠮᠳᠠᠳᠤ ᠤᠯᠤᠰ ᠤᠨ ᠬᠢᠵᠢᠭ ᠲᠠᠢ ᠲᠡᠮᠡᠴᠡᠬᠦ ᠲᠠᠯ᠎ᠠ ᠪᠠᠷ ᠤᠯᠤᠭᠰᠠᠨ ᠴᠢᠬᠤᠯᠠ ᠶᠡᠭᠡ ᠱᠠᠳᠤᠴᠢ ᠴᠢᠨᠠᠷᠳᠠᠢ ᠠᠮᠵᠢᠯᠳᠠ ᠨᠢ ᠪᠦᠬᠦ ᠪᠦᠮᠪᠦᠷᠴᠡᠭ ᠤᠨ ᠬᠢᠵᠢᠭ ᠲᠠᠢ ᠲᠠᠶᠢᠯᠠᠯᠳᠤᠨ ᠲᠡᠮᠡᠴᠡᠬᠦ ᠳᠤ ᠯᠤᠳᠤ ᠶᠡᠭᠡ ᠳᠡᠮᠵᠢᠯᠭᠡ ᠦᠵᠡᠬᠦᠯᠬᠦ ᠶᠢᠨ ᠬᠠᠮᠳᠦ ᠬᠦᠳᠦᠯᠦᠨ ᠳᠠᠭᠠᠭᠤᠯᠬᠤ ᠦᠢᠯᠡᠳᠦᠯ ᠦᠵᠡᠭᠦᠯᠵᠠᠢ᠂ ᠺᠢᠷᠬᠢᠽᠰᠲ᠋ᠠᠨ ᠤ ᠬᠢᠨ ᠡᠬᠦᠨ ᠢ ᠴᠢᠩ ᠰᠡᠳᠬᠢᠯ ᠠᠴᠠ ᠪᠠᠨ ᠪᠢᠰᠢᠷᠡᠵᠦ ᠪᠠᠶᠢᠨ᠎ᠠ᠃ ᠡᠨᠡ ᠤᠳᠠᠭ᠎ᠠ ᠶᠢᠨ ᠬᠢᠵᠢᠭ ᠤᠨ ᠪᠠᠶᠢᠳᠠᠯ ᠨᠢ ᠲᠠᠨ ᠤ ᠳᠤᠷᠠᠳᠤᠭᠰᠠᠨ ᠬᠦᠮᠦᠨ ᠲᠦᠷᠦᠯᠬᠢᠳᠡᠨ ᠤ ᠬᠤᠪᠢ ᠵᠠᠶᠠᠭᠠᠨ ᠤ ᠬᠠᠮᠳᠦ ᠶᠢᠨ ᠴᠤᠬᠴᠠ ᠶᠢᠨ ᠤᠢᠢᠯᠠᠭᠠᠭᠳᠠᠬᠤᠨ ᠢ ᠦᠢᠯᠡᠳᠦᠯᠭᠡᠵᠢᠬᠦᠯᠬᠦ ᠲᠤᠯᠭᠠᠮ ᠴᠢᠨᠠᠷ᠂ ᠠᠬᠤᠢᠢᠴᠢ ᠴᠢᠨᠠᠷ ᠪᠠ ᠴᠠᠭ ᠦᠶᠡᠴᠢ ᠴᠢᠨᠠᠷ ᠢ ᠲᠤᠪᠤᠶᠢᠮ᠎ᠠ ᠢᠯᠡᠷᠡᠬᠦᠯᠵᠡᠢ᠃ ᠳᠤᠮᠳᠠᠳᠤ ᠶᠢᠨ ᠲᠠᠯ᠎ᠠ ᠶᠢᠨ ᠬᠢᠨ ᠤ ᠳᠤᠮᠳᠠᠳᠤ ᠤᠯᠤᠰ ᠲᠤ ᠪᠠᠶᠢᠭ᠎ᠠ ᠺᠢᠷᠬᠢᠽᠰᠲ᠋ᠠᠨ ᠤ ᠠᠷᠠᠳ ᠢᠷᠭᠡᠨ ᠢ ᠬᠠᠯᠠᠮᠵᠢᠯᠠᠨ ᠬᠠᠷᠠᠭᠠᠯᠵᠠᠬᠤ ᠶᠢᠨ ᠬᠠᠮᠳᠦ ᠺᠢᠷᠬᠢᠽᠰᠲ᠋ᠠᠨ ᠤ ᠬᠢᠵᠢᠭ ᠲᠠᠢ ᠲᠠᠶᠢᠯᠠᠯᠳᠤᠨ ᠲᠡᠮᠡᠴᠡᠬᠦ ᠳᠤ ᠳᠠᠷᠡ ᠳᠠᠷᠤᠢ ᠳᠤᠨᠢ ᠬᠤᠪᠤᠷ ᠨᠠᠨᠳᠢᠨ ᠳᠡᠮᠵᠢᠯᠭᠡ ᠪᠠ ᠬᠠᠪᠰᠤᠷᠤᠯᠭ᠎ᠠ ᠦᠵᠡᠬᠦᠯᠦᠭᠰᠡᠨ ᠳᠤ ᠳᠠᠯᠠᠷᠬᠠᠵᠦ ᠪᠠᠶᠢᠨ᠎ᠠ᠃ ᠺᠢᠷᠬᠢᠽᠰᠲ᠋ᠠᠨ ᠪᠤᠯ ᠳᠤᠮᠳᠠᠳᠤ ᠤᠯᠤᠰ ᠤᠨ ᠠᠷᠠᠳ ᠲᠦᠮᠡᠨ ᠤ ᠦᠨᠢᠳᠠ ᠶᠢᠨ ᠬᠠᠮᠤᠭ ᠤᠨ ᠨᠠᠶᠢᠳᠠᠪᠤᠷᠢᠳᠠᠢ ᠰᠠᠶᠢᠨ ᠨᠠᠶᠢᠵᠨ᠂ ᠰᠠᠶᠢᠨ ᠬᠠᠨᠢᠳᠠᠨ ᠮᠦᠨ᠃ ᠺᠢᠷᠬᠢᠽᠰᠲ᠋ᠠᠨ ᠤ ᠲᠠᠯ᠎ᠠ ᠳᠤᠷᠠᠳᠠᠶ᠎ᠠ ᠳᠤᠮᠳᠠᠳᠤ ᠶᠢᠨ ᠲᠠᠯ᠎ᠠ ᠯᠤᠭ᠎ᠠ ᠬᠦᠳᠡᠭᠡ ᠠᠵᠤ ᠠᠬᠤᠢ ᠵᠡᠷᠭᠡ ᠬᠦᠷᠢᠶᠡᠨ ᠳᠠᠬᠢ ᠬᠠᠮᠳᠤᠷᠠᠯᠴᠠᠭ᠎ᠠ ᠶᠢ ᠬᠦᠨᠵᠡᠭᠡᠶᠢᠷᠡᠬᠦᠯᠦᠨ᠂ ︽ᠨᠢᠭᠡ ᠪᠦᠰᠡ ᠨᠢᠭᠡ ᠵᠠᠮ︾ ᠢ ᠬᠠᠮᠳᠤ ᠪᠠᠷ ᠪᠦᠳᠦᠭᠡᠨ ᠪᠠᠶᠢᠭᠤᠯᠵᠦ᠂ ᠬᠦᠮᠦᠨ ᠲᠦᠷᠦᠯᠬᠢᠳᠡᠨ ᠤ ᠬᠤᠪᠢ ᠵᠠᠶᠠᠭᠠᠨ ᠤ ᠬᠠᠮᠳᠤ ᠶᠢᠨ ᠴᠤᠬᠴᠠ ᠶᠢᠨ ᠪᠠᠶᠢᠭᠤᠯᠤᠯᠳᠠ ᠶᠢ ᠠᠬᠢᠭᠤᠯᠤᠨ᠎ᠠ ᠭᠡᠵᠦ ᠢᠯᠡᠳᠭᠡᠪᠡ᠃
 
ᠢᠷᠡᠯᠲᠡ᠄ ᠲᠤᠮᠳᠠᠲᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠬᠡᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号