ᠲᠠᠭᠤᠯᠠᠬᠤ ᠶᠤᠮ ᠰᠠᠨ ᠬᠡᠵᠦ ᠤᠷ᠎ᠠ ᠶᠢᠨ ᠵᠢᠯᠤᠭᠤ ᠵᠠᠯᠠᠬᠰᠠᠨ ᠨᠠ᠊ · ᠵᠤᠯᠠ
ᠨᠡᠶᠢᠲᠡᠯᠡᠭᠰᠡᠨ ᠴᠠᠭ᠄
2020-04-15
  ᠲᠠᠭᠤᠴᠢᠨ ᠪᠤᠯᠬᠤ ᠰᠠᠨ ᠬᠡᠵᠦ ᠤᠷᠠᠯᠢᠭ ᠤᠨ ᠲᠦᠷᠦᠬᠡ ᠲᠦᠷᠦᠬᠡᠯᠡᠯ᠎ᠠ᠃   ᠲᠠᠭᠤᠯᠠᠬᠤ ᠶᠤᠮ ᠰᠠᠨ ᠬᠡᠵᠦ ᠤᠷ᠎ᠠ ᠶᠢᠨ ᠵᠢᠯᠤᠭᠤ ᠵᠠᠯᠠᠯ᠎ᠠ︕   ᠤᠬᠠᠭᠠᠷᠠᠵᠦ ᠠᠮᠢᠳᠤᠷᠠᠬᠤ ᠬᠤᠷᠸ᠎ᠠ ᠶᠢᠨ ᠤᠨ ᠵᠢᠯ ᠤᠨ ᠴᠡᠩᠬᠡᠷ ᠤᠷᠤᠰᠬᠠᠯ ᠦᠬᠢᠨ ᠵᠠᠶᠠᠭᠠᠨ ᠤ ᠮᠢᠨᠢ ᠪᠦᠷᠢᠨ ᠮᠦᠷᠦᠬᠡᠳᠦᠯ ᠢ ᠤᠴᠢᠷᠯᠠᠨ ᠪᠦᠬᠦᠳᠠ ᠠᠮᠤᠭᠤᠯᠠᠩ ᠳᠤ ᠠᠷᠭ᠎ᠠ ᠦᠬᠡᠢ ᠲᠠᠰᠤᠬᠰᠠᠨ᠂ ᠤᠨᠠᠭᠠᠨ ᠨᠠᠰᠤᠨ ᠳᠤ ᠮᠢᠨᠢ ᠤᠬᠠᠭᠠᠨ ᠢᠶᠠᠷ ᠨᠠᠷᠠᠯᠠᠬᠰᠠᠨ ᠵᠠᠮᠨᠠᠯ ᠴᠡᠩᠬᠡᠷᠯᠡᠬᠦ ᠤᠭᠤᠷᠠᠭ ᠲᠠᠷᠢᠬᠢᠨ᠎ᠠ ᠤᠷᠮ᠎ᠠ ᠪᠠᠷ ᠦᠢᠯᠠᠰᠯᠡᠭᠰᠡᠨ ᠤᠶᠤᠳᠠᠨ ᠤ ᠬᠦᠷᠢᠶᠠᠯᠠᠩ ᠳᠤ ᠤᠷᠴᠢᠯᠠᠩ ᠬᠤᠷᠸ᠎ᠠ ᠶᠢᠨ ᠬᠠᠳᠠᠭᠤ ᠵᠦᠬᠡᠯᠡᠨ ᠢ ᠤᠬᠠᠮᠰᠠᠷᠠᠨ᠂ ᠤᠶᠠᠷᠠᠨ ᠰᠠᠨᠠᠬᠤ ᠶᠢᠨ ᠢᠭᠳᠦᠯᠤᠯ ᠳᠤ ᠤᠷᠠᠨ ᠪᠢᠷ ᠤᠨ ᠮᠢᠨᠢ ᠦᠵᠦᠭ ᠤᠶᠠᠩᠭ᠎ᠠ ᠶᠢᠨ ᠰᠠᠨᠰᠠᠷ ᠢᠶᠠᠷ ᠤᠯᠠ ᠮᠦᠷ ᠤᠨ ᠮᠢᠨᠢ ᠤᠡᠭᠭᠤᠳ ᠢ ᠡᠬᠡᠰᠢᠭᠯᠡᠬᠦ‍ ᠰᠢᠭ ᠪᠤᠯᠤᠨ᠎ᠠ᠃
   — ᠨᠠ᠊ · ᠵᠤᠯᠠ ᠶᠢᠨ ᠵᠤᠭᠢᠶᠠᠬᠰᠡᠨ ︽ᠡᠷᠢᠭᠳᠡᠭᠡᠳ ᠪᠠᠶᠢᠭ᠎ᠠ ᠡᠮᠧ ᠮᠢᠨᠢ︾ ᠬᠡᠬᠦ ᠲᠠᠭᠤᠤ ᠶᠢᠨ ᠦᠬᠡ ᠠᠴᠠ ᠡᠰᠢᠯᠡᠪᠡ    ᠨᠠ᠊ · ᠵᠤᠯᠠ᠂ ᠦᠤᠰᠢᠨ ᠬᠤᠰᠢᠭᠤᠨ ᠤ ᠭᠠᠯᠠᠭᠤᠳᠤ ᠪᠠᠯᠭᠠᠰᠤᠨ ᠤ ᠬᠦᠬᠡᠨᠠᠭᠤᠷ ᠪᠠᠯᠭᠠᠰᠤᠨ ᠤ ᠬᠦᠬᠡᠨᠠᠭᠤᠷ ᠭᠠᠴᠠᠭ᠎ᠠ ᠪᠠᠷ ᠨᠤᠳᠤᠬᠳᠡᠢ᠃ ᠦᠪᠦᠷ ᠮᠤᠩᠭᠤᠯ ᠤᠨ ᠤᠷᠳᠤ ᠶᠢᠨ ᠲᠠᠭᠤᠤ ᠶᠢᠨ ᠨᠡᠶᠢᠬᠡᠮᠯᠢᠭ ᠤᠨ ᠬᠡᠰᠢᠬᠦᠨ᠂ ᠤᠷᠳᠤᠰ ᠠᠷᠠᠳ ᠤᠨ ᠲᠠᠭᠤᠤ ᠶᠢᠨ ᠨᠡᠶᠢᠬᠡᠮᠯᠢᠭ ᠤᠨ ᠬᠡᠰᠢᠬᠦᠨ᠃ 2003 ᠤᠨ ᠳᠤ ᠦᠪᠦᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠲᠠᠭᠤᠤ ᠬᠦᠭᠵᠢᠮ ᠤᠨ ᠲᠡᠬᠡᠳᠤ ᠰᠤᠷᠭᠠᠭᠤᠯᠢ ᠳᠤ ᠲᠠᠭᠤᠯᠠᠬᠤᠢ ᠶᠢᠨ ᠮᠡᠷᠬᠡᠵᠢᠯ ᠢᠶᠠᠷ ᠰᠤᠷᠤᠯᠴᠠᠵᠦ᠂ 2009 ᠤᠨ ᠳᠤ ᠦᠪᠦᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ ᠳᠠᠭᠠᠨ ᠲᠤᠮᠳᠠᠳᠤ ᠶᠢᠨ ᠴᠦᠬᠡᠨ ᠲᠤᠭᠠᠳᠤ ᠦᠨᠳᠦᠰᠤᠳᠡᠨ ᠤ ᠤᠷᠠᠯᠢᠭ ᠤᠨ ᠴᠡᠭ ᠪᠤᠯᠬᠤ ︽ᠤᠷᠳᠤ ᠶᠢᠨ ᠲᠠᠭᠤᠤ ᠶᠢᠨ ᠲᠠᠭᠤᠯᠠᠬᠤᠢ ᠪᠠ ᠤᠨᠤᠯ ᠤᠨ ᠰᠤᠳᠤᠯᠭᠠᠨ︾ ᠤ ᠴᠢᠭᠯᠡᠯ ᠢᠶᠠᠷ ᠠᠰᠫᠢᠷᠡᠨᠲ ᠰᠢᠯᠭᠠᠨ ᠤᠷᠤᠵᠡᠢ᠃ ᠤᠳᠤ ᠦᠪᠦᠷ ᠮᠤᠩᠭᠤᠯ ᠤᠨ ᠦᠨᠳᠦᠰᠦᠳᠡᠨ ᠤ ᠲᠡᠭᠡᠳᠤ ᠰᠤᠷᠭᠠᠭᠤᠯᠢ ᠳᠤ ᠤᠷᠳᠤ ᠶᠢᠨ ᠲᠠᠭᠤᠤ ᠶᠢᠨ ᠪᠠᠭᠰᠢ ᠪᠠᠷ ᠠᠵᠢᠯᠯᠠᠵᠦ ᠪᠠᠶᠢᠨ᠎ᠠ᠃    ᠤᠷᠠᠨ ᠪᠦᠳᠦᠬᠡᠯ᠄ ︽ᠰᠡᠳᠬᠢᠯ ᠤᠨ ᠬᠠᠨᠢ︾ ᠲᠠᠭᠤᠤ ᠶᠢᠨ ᠴᠤᠮᠤᠭ ᠲᠠᠢ᠃ ︽ᠲᠡᠨᠵᠢᠨᠳᠤ ᠲᠤᠬᠤᠢ︾᠂ ︽ᠮᠠᠨᠳᠤᠴᠢᠯᠡᠶ᠎ᠠ︾᠂ ︽ᠮᠦᠡᠭᠬᠦᠨᠵᠤᠯᠠ︾᠂ ︽ᠱᠢᠷᠤᠨᠴᠡᠴᠡᠭ︾᠂ ︽ᠰᠡᠳᠬᠢᠯ ᠤᠨ ᠬᠠᠨᠢ︾᠂ ︽ᠲᠠᠪᠤᠨ ᠪᠤᠯᠠᠭ ᠤᠨ ᠷᠠᠰᠢᠶᠠᠨ︾᠂ ︽ᠡᠷᠢᠭᠳᠡᠬᠡᠳ ᠪᠠᠶᠢᠭ᠎ᠠ ᠡᠮᠧ ᠮᠢᠨᠢ︾ ᠵᠡᠷᠬᠡ ᠰᠤᠨᠤᠰᠤᠬᠴᠢᠳ ᠲᠠᠭᠠᠨ ᠲᠠᠭᠠᠯᠠᠬᠳᠠᠬᠰᠠᠨ ᠤᠯᠠᠨ ᠰᠠᠶᠢᠬᠠᠨ ᠪᠦᠳᠦᠬᠡᠯ ᠲᠠᠢ ᠶᠤᠮᠰᠠᠨ᠃    ᠲᠤᠬᠯᠠᠯᠳᠠ ᠶᠢᠨ ᠠᠮᠵᠢᠯᠳᠠ᠄    ★2004 ᠤᠨ ᠳᠤ ᠳᠤᠮᠳᠠᠳᠤ ᠤᠯᠤᠰ ᠤᠨ ᠳᠣᠯᠣᠳᠤᠭᠠᠷ ᠬᠤᠭᠤᠴᠠᠭᠠᠨ ᠤ ᠣᠯᠠᠨ ᠤᠯᠤᠰ ᠤᠨ ᠨᠠᠶᠢᠷᠠᠯ ᠳᠠᠭᠤᠤ ᠶᠢᠨ ᠤᠷᠤᠯᠳᠤᠭᠠᠨ ᠳᠤ ᠬᠠᠮᠲᠤ ᠶᠢᠨ ᠲᠣᠭᠯᠠᠯᠲᠠ ᠶᠢᠨ ᠳᠤᠭᠤᠶᠢᠯᠠᠩ ᠤᠨ ᠬᠦᠷᠡᠯ ᠱᠠᠩᠨᠠᠯ ᠢ ᠬᠦᠷᠲᠡᠵᠡᠶ᠃    ★2005 ᠤᠨ ᠤ ᠳᠡᠯᠡᠬᠡᠶ ᠶᠢᠨ ᠳᠥᠷᠪᠡᠳᠦᠭᠡᠷ ᠬᠤᠭᠤᠴᠠᠭᠠᠨ ᠤ ᠨᠠᠶᠢᠷᠠᠯ ᠳᠠᠭᠤᠤ ᠶᠢᠨ ᠤᠷᠤᠯᠳᠤᠭᠠᠨ ᠳᠤ ᠬᠠᠮᠲᠤ ᠶᠢᠨ ᠲᠣᠭᠯᠠᠯᠲᠠ ᠶᠢᠨ ᠳᠤᠭᠤᠶᠢᠯᠠᠩ ᠤᠨ ᠮᠥᠩᠭᠦᠨ ᠱᠠᠩᠨᠠᠯ ᠢ ᠬᠦᠷᠲᠡᠵᠡᠶ᠃    ★2010 ᠣᠨ ᠳᠤ ︽ᠴᠢᠩᠭᠢᠰ ᠬᠠᠭᠠᠨ ᠬᠤᠨᠳᠠᠭᠠᠲᠤ︾ ᠨᠠᠶ᠋ᠮᠠᠨ ᠮᠤᠵᠢ ᠣᠷᠣᠨ ᠤ ᠠᠩᠬᠠᠳᠤᠭᠠᠷ ᠬᠤᠭᠤᠴᠠᠭᠠᠨ ᠤ ᠣᠷᠳᠣᠰ ᠤᠨ ᠮᠣᠩᠭᠤᠯ ᠠᠷᠠᠳ ᠤᠨ ᠳᠠᠭᠤᠤ ᠶᠢᠨ ᠲᠧᠯᠸᠢᠰ ᠱᠠᠩᠨᠠᠯᠲᠤ ᠤᠷᠤᠯᠳᠤᠭᠠᠨ ᠤ ᠣᠷᠳᠣ ᠶᠢᠨ ᠳᠠᠭᠤᠤ ᠶᠢᠨ ᠳᠤᠭᠤᠶᠢᠯᠠᠩ ᠤᠨ ᠮᠥᠩᠭᠦᠨ ᠱᠠᠩᠨᠠᠯ ᠢ ᠬᠦᠷᠳᠡᠵᠡᠢ᠃    ★2014 ᠣᠨ ᠳᠤ ︽ᠤᠳᠤᠮᠪᠠᠷᠠ ᠬᠤᠨᠳᠠᠭᠠᠲᠤ︾ ᠠᠩᠬᠠᠳᠤᠭᠠᠷ ᠬᠤᠭᠤᠴᠠᠭᠠᠨ ᠤ ᠣᠷᠳᠣᠰ ᠠᠷᠠᠳ ᠤᠨ ᠤᠷᠲᠤ ᠶᠢᠨ ᠳᠠᠭᠤᠤ ᠶᠢᠨ ᠤᠷᠤᠯᠳᠤᠭᠠᠨ ᠳᠤ ᠬᠤᠶᠠᠳᠤᠭᠠᠷ ᠳᠡᠰ ᠤᠨ ᠱᠠᠩᠨᠠᠯ ᠢ ᠬᠦᠷᠳᠡᠵᠡᠢ᠃    ★2015 ᠤᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠪᠤᠳᠤᠭᠠᠷ ᠬᠤᠭᠤᠴᠠᠭᠠᠨ ᠤ ᠥᠷᠥᠭᠡᠨ ᠳᠣᠲᠣᠷᠠᠬᠢ ᠬᠥᠭᠵᠢᠮ ᠤᠨ ᠤᠷᠤᠯᠳᠤᠭᠠᠨ ᠤ ᠤᠷᠲᠤ ᠶᠢᠨ ᠲᠠᠭᠤᠤ ᠶᠢᠨ ᠳᠤᠭᠤᠶᠢᠯᠠᠩ ᠳᠤ ᠭᠤᠷᠪᠠᠳᠤᠭᠠᠷ ᠳᠡᠰ ᠤᠨ ᠱᠠᠩᠨᠠᠯ ᠬᠦᠷᠳᠡᠪᠡ᠃    ★2015 ᠤᠨ ᠤ ᠪᠦᠬᠦ ᠤᠯᠤᠰ ᠤᠨ ᠠᠩᠬᠠᠳᠤᠭᠠᠷ ᠬᠤᠭᠤᠴᠠᠭᠠᠨ ᠤ ᠴᠥᠭᠡᠨ ᠲᠣᠭᠠᠲᠤ ᠦᠨᠳᠦᠰᠦᠲᠡᠨ ᠤ ᠢᠵᠠᠭᠤᠷ ᠠᠷᠠᠳ ᠤᠨ ᠳᠠᠭᠤᠤ ᠶᠢᠨ ᠦᠵᠡᠭᠦᠯᠭᠡ ᠶᠢᠨ ᠲᠣᠭᠯᠠᠯᠲᠠ ᠶᠢᠨ ᠭᠠᠨᠨᠠᠨ ᠤᠷᠤᠯᠳᠤᠭᠠᠨ ᠤ ᠥᠪᠥᠷ ᠮᠣᠩᠭᠤᠯ ᠣᠷᠣᠨ ᠤ ᠰᠢᠯᠭᠠᠷᠠᠭᠤᠯᠤᠯᠲᠠ ᠶᠢᠨ ᠤᠷᠤᠯᠳᠤᠭᠠᠨ ᠳᠤ ᠨᠢᠭᠡᠳᠦᠭᠡᠷ ᠳᠡᠰ ᠤᠨ ᠱᠠᠩᠨᠠᠯ ᠢ ᠬᠦᠷᠳᠡᠵᠡᠢ᠃    ★2015 ᠣᠨ ᠤ ᠪᠥᠬᠦ ᠤᠯᠤᠰ ᠤᠨ ᠠᠩᠬᠠᠳᠤᠭᠠᠷ ᠬᠤᠭᠤᠴᠠᠭᠠᠨ ᠤ ᠴᠥᠭᠡᠨ ᠲᠣᠭᠠᠲᠤ ᠦᠨᠳᠦᠰᠦᠲᠡᠨ ᠤ ᠢᠵᠠᠭᠤᠷ ᠠᠷᠠᠳ ᠤᠨ ᠳᠠᠭᠤᠤ ᠶᠢᠨ ᠦᠵᠡᠭᠦᠯᠭᠡ ᠭᠠᠨᠨᠠᠨ ᠤ ᠤᠷᠤᠯᠳᠤᠭᠠᠨ ᠤ ᠪᠥᠬᠦ ᠤᠯᠤᠰ ᠤᠨ ᠰᠢᠶ᠋ᠳᠪᠦᠷᠢᠲᠦ ᠤᠷᠤᠯᠳᠤᠭᠠᠨ ᠳᠤ ᠠᠯᠲᠠᠨ ᠮᠧᠳᠠᠯ ᠢ ᠬᠦᠷᠳᠡᠪᠡ᠃    ★2015 ᠤᠨ ᠳᠤ ︽ᠲᠠᠭᠤᠤ ᠲᠠᠯ᠎ᠠ ᠨᠤᠲᠤᠭ ᠠᠴᠠ ᠠᠶᠢᠰᠤᠢ︾ ᠣᠷᠳᠣᠰ ᠠᠷᠠᠳ ᠤᠨ ᠳᠠᠭᠤᠤ ᠶᠢᠨ ᠤᠷᠤᠯᠳᠤᠭᠠᠨ ᠤ ᠠᠯᠲᠠᠨ ᠱᠠᠩᠨᠠᠯ ᠢ ᠬᠦᠷᠳᠡᠪᠡ᠃    ★2015 ᠣᠨ ᠤ ᠪᠥᠬᠦ ᠣᠷᠣᠨ ᠤ ᠠᠩᠬᠠᠳᠤᠭᠠᠷ ᠬᠤᠭᠤᠴᠠᠭᠠᠨ ᠤ ᠶᠡᠭᠡ ᠳᠡᠭᠡᠳᠦ ᠰᠤᠷᠭᠠᠭᠤᠯᠢ ᠶᠢᠨ ᠣᠷᠳᠣ ᠶᠢᠨ ᠳᠠᠭᠤᠤ ᠶᠢᠨ ᠤᠷᠤᠯᠳᠤᠭᠠᠨ ᠳᠤ ᠬᠤᠪᠢ ᠬᠥᠮᠦᠨ ᠤ ᠵᠢᠯᠣᠭᠤᠳᠤᠭᠰᠠᠨ ︽ᠤᠶᠠᠩᠭ᠎ᠠ ᠬᠠᠮᠲᠤᠯᠢᠭ︾ ᠨᠢ ᠰᠢᠯᠢᠳᠡᠭ ᠱᠠᠩᠨᠠᠯ ᠬᠦᠷᠳᠡᠪᠡ᠃    ★2015 ᠤᠨ ᠤ ᠪᠦᠬᠦ ᠤᠯᠤᠰ ᠤᠨ ᠠᠩᠬᠠᠳᠤᠭᠠᠷ ᠬᠤᠭᠤᠴᠠᠭᠠᠨ ᠤ ᠴᠥᠭᠡᠨ ᠲᠣᠭᠠᠲᠤ ᠦᠨᠳᠦᠰᠦᠲᠡᠨ ᠤ ᠢᠵᠭᠠᠤᠷ ᠠᠷᠠᠳ ᠤᠨ ᠳᠠᠭᠤᠤ ᠶᠢᠨ ᠦᠵᠡᠭᠦᠯᠭᠡ ᠶᠢᠨ ᠲᠣᠭᠯᠠᠯᠲᠠ ᠭᠠᠨᠨᠠᠨ ᠤ ᠤᠷᠤᠯᠳᠤᠭᠠᠨ ᠤ ᠪᠦᠬᠦ ᠤᠯᠤᠰ ᠤᠨ ᠰᠢᠶ᠋ᠳᠪᠦᠷᠢᠲᠦ ᠤᠷᠤᠯᠳᠤᠭᠠᠨ ᠳᠤ ᠬᠤᠪᠢ ᠬᠥᠮᠦᠨ ᠤ ᠵᠢᠯᠣᠭᠤᠳᠤᠭᠰᠠᠨ ᠰᠤᠷᠤᠭᠴᠢ ᠽᠠᠨᠳᠠᠨ ᠨᠢ ᠬᠠᠮᠤᠭ ᠤᠨ ᠰᠠᠶᠢᠨ ᠳᠠᠯᠳᠠ ᠬᠦᠴᠦᠨ ᠪᠦ᠋ᠬᠦᠢ ᠱᠠᠩᠨᠠᠯ ᠢ ᠬᠦᠷᠲᠡᠪᠡ᠃    ★2016 ᠣᠨ ᠳᠤ ᠬᠤᠪᠢ ᠬᠥᠮᠦᠨ ᠤ ᠵᠢᠯᠣᠭᠤᠳᠤᠭᠰᠠᠨ ︽ᠤᠶᠠᠩᠭ᠎ᠠ ᠬᠠᠮᠳᠤᠯᠢᠭ︾ ᠨᠢ ᠰᠤᠷᠭᠠᠭᠤᠯᠢ ᠶᠢᠨ ᠬᠦᠷᠢᠶᠡᠨ ᠤ ᠰᠠᠶᠢᠨ ᠳᠠᠭᠤᠴᠢᠨ ᠤ ᠨᠢᠭᠡᠳᠦᠭᠡᠷ ᠳᠡᠰ ᠤᠨ ᠱᠠᠩᠨᠠᠯ ᠢ ᠬᠦᠷᠲᠡᠪᠡ᠃    ★2015 ᠤᠨ ᠤ ︽ᠲᠠᠯ᠎ᠠ ᠨᠤᠳᠤᠭ ᠤᠨ ᠲᠠᠭᠤᠯᠠᠯ︾ ᠤᠷᠳᠤᠰ ᠠᠷᠠᠳ ᠤᠨ ᠲᠠᠭᠤᠤ ᠶᠢᠨ ᠤᠷᠤᠯᠳᠤᠭᠠᠨ ᠤ ᠠᠯᠳᠠᠨ ᠮᠧᠳᠠᠯ ᠢ ᠬᠦᠷᠳᠡᠪᠡ᠃    ★2016 ᠤᠨ ᠳᠤ ︽ᠦᠨᠳᠦᠰᠦᠳᠡᠨ ᠤ ᠪᠦᠯᠬᠦᠮᠳᠠᠯ ᠬᠤᠨᠳᠠᠭᠠᠳᠤ︾ ᠤᠷᠳᠤᠰ ᠠᠷᠠᠳ ᠤᠨ ᠲᠠᠭᠤᠤ ᠶᠢᠨ ᠤᠷᠤᠯᠳᠤᠭᠠᠨ ᠤ ᠤᠷᠳᠤ ᠶᠢᠨ ᠲᠠᠭᠤᠤ ᠶᠢᠨ ᠲᠤᠭᠤᠢᠢᠯᠠᠩ ᠤᠨ ᠠᠯᠳᠠᠨ ᠮᠧᠳᠠᠯ᠃    ★2017 ᠣᠨ ᠳᠤ ᠬᠤᠪᠢ ᠬᠥᠮᠦᠨ ᠤ ᠠᠩᠬᠠᠨ ᠤ ᠴᠤᠮᠤᠭ ︽ᠰᠡᠳᠬᠢᠯ ᠤᠨ ᠬᠠᠨᠢ︾ ᠪᠠᠨ ᠲᠠᠷᠬᠠᠭᠠᠪᠠ᠃    ★2017 ᠣᠨ ᠳᠤ ᠥᠪᠥᠷ ᠮᠣᠩᠭᠤᠯ ᠤᠨ ᠵᠠᠯᠠᠭᠤ ᠳᠠᠭᠤᠴᠢᠳ ᠤᠨ ︽ᠬᠠᠶᠢᠯᠠᠷ ᠬᠤᠨᠳᠠᠭᠠᠲᠤ︾ ᠲᠠᠯ᠎ᠠ ᠨᠤᠲᠤᠭ ᠤᠨ ᠣᠳᠣᠨ ᠲᠠᠪᠤᠳᠤᠭᠠᠷ ᠬᠤᠭᠤᠴᠠᠭᠠᠨ ᠤ ᠲᠧᠯᠸᠢᠰ ᠱᠠᠩᠨᠠᠯᠲᠤ ᠤᠷᠤᠯᠳᠤᠭᠠᠨ ᠤ ︽ᠬᠦᠰᠡᠯᠡᠩ ᠤᠨ ᠣᠳᠣᠨ︾ ᠬᠤᠶᠠᠳᠤᠭᠠᠷ ᠳᠡᠰ ᠤᠨ ᠱᠠᠩᠨᠠᠯ ᠭᠥᠷᠳᠡᠪᠡ᠃    ★2017 ᠣᠨ ᠤ ᠥᠪᠥᠷ ᠮᠣᠩᠭᠤᠯ ᠤᠨ ᠵᠠᠯᠠᠭᠤ ᠳᠠᠭᠤᠴᠢᠳ ᠤᠨ ︽ᠬᠠᠶᠢᠯᠠᠷ ᠬᠤᠨᠳᠠᠭᠠᠲᠤ︾ ᠲᠠᠯ᠎ᠠ ᠨᠤᠲᠤᠭ ᠤᠨ ᠣᠳᠣᠨ ᠲᠠᠪᠤᠳᠤᠭᠠᠷ ᠬᠤᠭᠤᠴᠠᠭᠠᠨ ᠤ ᠲᠧᠯᠸᠢᠰ ᠱᠠᠩᠨᠠᠯᠲᠤ ᠤᠷᠤᠯᠳᠤᠭᠠᠨ ᠳᠤ ︽ᠣᠷᠳᠣ ᠶᠢᠨ ᠳᠠᠭᠤᠤ ᠶᠢᠨ ᠳᠠᠭᠤᠯᠠᠬᠤ ᠠᠷᠭ᠎ᠠ︾ ᠶᠢᠨ ᠬᠦᠷᠡᠯ ᠮᠧᠳᠠᠯ ᠢ ᠬᠦᠷᠳᠡᠪᠡ᠃
 
ᠢᠷᠡᠯᠲᠡ᠄ ᠣᠷᠳᠣᠰ ᠮᠣᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号