ᠣᠯᠠᠭᠠᠨᠳᠣᠯᠣᠭᠠᠢ ᠪᠠᠯᠭᠠᠰᠣ ᠬᠤᠰᠢᠭᠤ ᠨᠠᠮ ᠤᠨ ᠬᠤᠷᠢᠶᠠᠨ ᠤ ᠳᠣᠭᠤᠷᠢᠨ ᠪᠠᠶᠢᠴᠠᠭᠠᠬᠤ ᠬᠤᠶᠠᠳᠣᠭᠠᠷ ᠳᠣᠭᠤᠶᠢᠯᠠᠩ ᠤᠨ ᠣᠯᠠᠭᠠᠨᠳᠣᠯᠣᠭᠠᠢ ᠪᠠᠯᠭᠠᠰᠣᠨ ᠤ ᠡᠯ᠎ᠡ ᠭᠠᠴᠠᠭ᠎ᠠ ᠳᠣᠰᠬᠤᠨ ︵ᠨᠡᠶᠢᠬᠡᠮ ᠳᠣᠭᠤᠷᠢᠭ︶  ᠤ ᠠᠵᠢᠯ ᠢ ᠳᠣᠭᠤᠷᠢᠨ ᠪᠠᠶᠢᠴᠠᠭᠠᠬᠤ ᠳᠠᠶᠢᠴᠢᠯᠠᠯᠳᠠ ᠶᠢᠨ ᠬᠤᠷᠠᠯ ᠢ ᠵᠤᠬᠢᠶᠠᠨ ᠪᠠᠶᠢᠭᠤᠯᠤᠨ ᠬᠤᠷᠠᠯᠳᠣᠭᠤᠯᠪᠠ
ᠨᠡᠶᠢᠲᠡᠯᠡᠭᠰᠡᠨ ᠴᠠᠭ᠄
2020-04-16
     4 ᠰᠠᠷ᠎ᠠ ᠶᠢᠨ 15 ᠤ ᠡᠳᠦᠷ᠂ ᠣᠯᠠᠭᠠᠨᠳᠣᠯᠣᠭᠠᠢ ᠪᠠᠯᠭᠠᠰᠣ ᠬᠤᠰᠢᠭᠤ ᠨᠠᠮ ᠤᠨ ᠬᠤᠷᠢᠶᠠᠨ ᠤ ᠳᠣᠭᠤᠷᠢᠨ ᠪᠠᠶᠢᠴᠠᠭᠠᠬᠤ ᠬᠤᠶᠠᠳᠣᠭᠠᠷ ᠳᠣᠭᠤᠶᠢᠯᠠᠩ ᠤᠨ ᠣᠯᠠᠭᠠᠨᠳᠣᠯᠣᠭᠠᠢ ᠪᠠᠯᠭᠠᠰᠣᠨ ᠤ ᠡᠯ᠎ᠡ ᠭᠠᠴᠠᠭ᠎ᠠ ᠳᠣᠰᠬᠤᠨ ︵ᠨᠡᠶᠢᠬᠡᠮ ᠳᠣᠭᠤᠷᠢᠭ︶ ᠤ ᠠᠵᠢᠯ ᠢ ᠳᠣᠭᠤᠷᠢᠨ ᠪᠠᠶᠢᠴᠠᠭᠠᠬᠤ ᠳᠠᠶᠢᠴᠢᠯᠠᠯᠳᠠ ᠶᠢᠨ ᠬᠤᠷᠠᠯ ᠢ ᠵᠤᠬᠢᠶᠠᠨ ᠪᠠᠶᠢᠭᠤᠯᠤᠨ ᠬᠤᠷᠠᠯᠳᠣᠭᠤᠯᠪᠠ᠃      ᠬᠤᠰᠢᠭᠤ ᠨᠠᠮ ᠤᠨ ᠬᠤᠷᠢᠶᠠᠨ ᠤ ᠳᠣᠭᠤᠷᠢᠨ ᠪᠠᠶᠢᠴᠠᠭᠠᠬᠤ ᠠᠯᠪᠠᠨ ᠬᠡᠷ ᠤᠨ ᠬᠠᠮᠢᠶ᠎ᠠ ᠪᠦᠬᠦᠢ ᠬᠠᠷᠢᠭᠤᠴᠠᠯᠭᠠᠳᠠᠨ᠂ ᠬᠤᠰᠢᠭᠤ ᠨᠠᠮ ᠤᠨ ᠬᠤᠷᠢᠶᠠᠨ ᠤ ᠳᠣᠭᠤᠷᠢᠨ ᠪᠠᠶᠢᠴᠠᠭᠠᠬᠤ ᠬᠤᠶᠠᠳᠣᠭᠠᠷ ᠳᠣᠭᠤᠶᠢᠯᠠᠩ ᠤᠨ ᠬᠠᠷᠢᠭᠤᠴᠠᠯᠭᠠᠳᠠᠨ ᠵᠢᠴᠢ ᠬᠡᠰᠢᠬᠦᠳ᠂ ᠣᠯᠠᠭᠠᠨᠳᠣᠯᠣᠭᠠᠢ ᠪᠠᠯᠭᠠᠰᠣᠨ ᠤ ᠰᠠᠯᠠᠭᠠᠨ ᠳᠡᠰ ᠤᠨ ᠣᠳᠣᠷᠢᠳᠣᠯᠭ᠎ᠠ᠂ ᠺᠠᠳ᠋ᠷᠴᠣᠳ᠂ ᠡᠯ᠎ᠡ ᠭᠠᠴᠠᠭ᠎ᠠ  ᠳᠣᠰᠬᠤᠨ ᠳᠤ ᠳᠣᠮᠢᠯᠠᠨ ᠠᠵᠢᠯᠯᠠᠵᠦ ᠪᠠᠶᠢᠭ᠎ᠠ ᠨᠢᠬᠡᠳᠦᠬᠡᠷ ᠱᠦᠵᠢ᠂ ᠠᠵᠢᠯᠳᠠᠳ᠂ ᠡᠯ᠎ᠡ ᠭᠠᠴᠠᠭ᠎ᠠ ᠳᠣᠰᠬᠤᠨ ︵ᠨᠠᠶᠢᠭᠡᠮ ᠳᠣᠭᠤᠷᠢᠭ︶ ᠤ ︽ᠬᠤᠶᠠᠷ ᠵᠦᠪᠯᠡᠯ︾ ᠵᠢᠴᠢ ᠬᠢᠨᠠᠨ ᠪᠠᠶᠢᠴᠠᠭᠠᠬᠤ ᠵᠦᠪᠯᠡᠯ  ᠤᠨ ᠬᠡᠰᠢᠬᠦᠳ ᠬᠤᠷᠠᠯ ᠳᠤ ᠣᠷᠣᠯᠴᠠᠪᠠ᠃      ᠬᠤᠰᠢᠭᠤ ᠨᠠᠮ ᠤᠨ ᠬᠤᠷᠢᠶᠠᠨ ᠤ ᠳᠣᠭᠤᠷᠢᠨ ᠪᠠᠶᠢᠴᠠᠭᠠᠬᠤ ᠬᠤᠶᠠᠳᠣᠭᠠᠷ ᠳᠣᠭᠤᠶᠢᠯᠠᠩ ᠤᠨ ᠬᠠᠷᠢᠭᠤᠴᠠᠯᠭᠠᠳᠠᠨ  ᠬᠠᠮᠢᠶ᠎ᠠ ᠪᠦᠬᠦᠢ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠣᠯᠠᠮᠵᠢᠯᠠᠬᠤ ᠶᠢᠨ ᠬᠠᠮᠲᠣ ᠳᠣᠰ ᠣᠳᠠᠭᠠᠨ ᠤ ᠳᠣᠭᠤᠷᠢᠨ ᠪᠠᠶᠢᠴᠠᠭᠠᠬᠤ ᠠᠵᠢᠯ ᠤᠨ ᠡᠬᠦᠷᠭᠡ᠂ ᠶᠠᠪᠣᠴᠠ ᠵᠢᠴᠢ ᠬᠠᠮᠢᠶ᠎ᠠ ᠪᠦᠬᠦᠢ ᠱᠠᠭᠠᠷᠳᠠᠯᠭ᠎ᠠ ᠶᠢᠨ ᠳᠣᠬᠠᠢ ᠳᠣᠳᠣᠷᠬᠠᠶᠢᠯᠠᠪᠠ᠃      ᠬᠤᠷᠠᠯ ᠠᠴᠠ ᠴᠢᠬᠤᠯᠠᠴᠢᠯᠠᠬᠤ ᠳᠠᠭᠠᠨ᠂ ᠳᠣᠰ ᠣᠳᠠᠭᠠᠨ ᠤ ᠳᠣᠭᠤᠷᠢᠨ ᠪᠠᠶᠢᠴᠠᠭᠠᠯᠳᠠ ᠪᠣᠯ ᠪᠦᠬᠦ ᠳᠠᠯ᠎ᠠ  ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠣᠷᠢᠵᠢᠭᠤᠯᠬᠤ ᠪᠣᠳᠠᠳᠠᠢ ᠢᠯᠡᠷᠡᠯ ᠮᠦᠨ᠃ ᠳᠣᠭᠤᠷᠢᠨ ᠪᠠᠶᠢᠴᠠᠭᠠᠬᠤ ᠠᠵᠢᠯ ᠢᠶᠠᠷ ᠬᠦᠳᠡᠯᠬᠡᠭᠴᠢ ᠬᠦᠴᠦᠨ ᠪᠣᠯᠭᠠᠵᠦ ᠳᠡᠭᠡᠲᠦ ᠬᠡᠮᠵᠢᠶᠡᠨ ᠤ ᠬᠠᠷᠢᠭᠤᠴᠠᠯᠭᠠᠳᠣ ᠣᠪᠣᠷ ᠢᠶᠠᠷ ᠳᠣᠭᠤᠷᠢᠨ ᠪᠠᠶᠢᠴᠠᠭᠠᠬᠤ ᠠᠵᠢᠯ ᠢ ᠪᠦᠬᠦ ᠳᠠᠯ᠎ᠠ ᠪᠠᠷ ᠠᠬᠢᠭᠤᠯᠣᠨ ᠡᠬᠦᠷᠭᠡ ᠬᠠᠷᠢᠭᠤᠴᠠᠯᠭ᠎ᠠ ᠪᠠᠨ ᠨᠡᠩ ᠰᠠᠶᠢᠨ ᠬᠦᠢᠴᠡᠳᠬᠡᠵᠦ  ᠨᠢᠬᠡᠳᠦᠯᠳᠡᠢ ᠪᠠᠶᠢᠷᠢᠯᠠᠭᠤᠯᠤᠨ ᠳᠣᠭᠤᠷᠢᠨ ᠪᠠᠶᠢᠴᠠᠭᠠᠬᠤ ᠠᠵᠢᠯ  ᠳᠤ ᠪᠠᠳᠣᠯᠠᠭ᠎ᠠ ᠬᠠᠩᠭᠠᠬᠤ ᠬᠡᠷᠡᠭᠲᠡᠢ ᠬᠡᠪᠡ᠃      ᠬᠤᠷᠠᠯ ᠳᠡᠭᠡᠷ᠎ᠡ ᠣᠯᠠᠭᠠᠨᠳᠣᠯᠣᠭᠠᠢ ᠪᠠᠯᠭᠠᠰᠣᠨ ᠤ ᠬᠠᠷᠢᠭᠤᠴᠠᠯᠭᠠᠳᠠᠨ ᠠᠴᠠ ᠣᠪᠣᠷ ᠢᠶᠠᠨ ᠢᠯᠡᠳᠬᠡᠵᠦ ᠬᠡᠯᠡᠬᠦ  ᠳᠡᠭᠡᠨ᠂ ᠪᠦᠬᠦ ᠪᠠᠯᠭᠠᠰᠣᠨ ᠤ ᠳᠡᠭᠡᠲᠦ ᠳᠣᠣᠷᠠᠲᠣ ᠱᠠᠳᠣ ᠪᠠᠷ ᠢᠶᠠᠨ ᠣᠷᠣᠨ ᠪᠠᠶᠢᠷᠢ ᠪᠠᠨ ᠵᠠᠰᠠᠵᠦ ᠣᠪᠣᠷ ᠢᠶᠠᠨ ᠳᠦᠪ ᠪᠣᠯᠭᠠᠨ ᠣᠬᠠᠮᠰᠠᠷ ᠠᠴᠠ ᠪᠠᠨ ᠪᠠᠶᠢᠴᠠᠭᠠᠯᠳᠠ ᠶᠢ ᠬᠦᠯᠢᠶᠡᠵᠦ ᠦᠨᠡᠨ ᠪᠣᠳᠠᠳᠠᠢ ᠪᠠᠷ ᠠᠵᠢᠯ ᠤᠨ ᠮᠡᠳᠡᠬᠦᠯᠦᠯᠲᠡ ᠬᠢᠨ᠎ᠡ ᠬᠡᠪᠡ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号