ᠲᠦᠩᠽᠢ ᠭᠠᠴᠠᠭ᠎ᠠ ᠬᠠᠮᠳᠤ ᠶᠢᠨ ᠠᠵᠦ ᠠᠬᠤᠢ ᠶᠢ ᠬᠦᠭᠵᠢᠬᠦᠯᠦᠨ ᠶᠠᠳᠠᠭᠤ ᠠᠴᠠ ᠠᠩᠬᠢᠵᠢᠷᠠᠭᠤᠯᠬᠤ ᠳᠤ ᠦᠢᠯᠡᠴᠢᠯᠡᠬᠦᠯᠵᠦ ᠪᠠᠶᠢᠨ᠎ᠠ
ᠨᠡᠶᠢᠲᠡᠯᠡᠭᠰᠡᠨ ᠴᠠᠭ᠄
2020-04-16
     ᠰᠦᠯᠳᠠ ᠰᠤᠮᠤᠨ ᠤ ᠲᠦᠩᠽᠢ ᠭᠠᠴᠠᠭ᠎ᠠ ᠬᠠᠮᠳᠤ ᠶᠢᠨ ᠠᠵᠦ ᠠᠬᠤᠢ ᠪᠠᠨ ᠬᠦᠭᠵᠢᠬᠦᠯᠤᠨ ᠪᠤᠵᠠᠭᠠᠶᠢᠷᠠᠭᠤᠯᠵᠦ ᠡᠪᠡᠰᠤ  ᠪᠤᠷᠳᠤᠭ᠎ᠠ ᠮᠥᠬᠦᠯᠢᠭᠵᠢᠬᠦᠯᠬᠦ ᠦᠢᠯᠡᠳᠪᠦᠷᠢ ᠪᠠᠶᠢᠭᠤᠯᠤᠨ ᠶᠠᠳᠠᠭᠤ ᠬᠦᠴᠢᠷᠳᠡᠯᠳᠡᠢ ᠡᠷᠤᠬᠡ ᠳᠤ ᠲᠠᠭᠠᠭᠠᠴᠢᠯᠠᠭᠤᠯᠤᠨ ᠡᠵᠡᠩᠨᠡᠬᠦᠯᠵᠦ ᠦᠨ᠎ᠡ ᠲᠥᠯᠦᠪᠦᠷᠢ ᠦᠭᠡᠢ ᠦᠢᠯᠡᠴᠢᠯᠡᠨ ᠶᠠᠳᠠᠭᠤ ᠠᠴᠠ ᠠᠩᠬᠢᠵᠢᠷᠠᠬᠤ ᠢᠳᠡᠬᠡᠯ ᠵᠤᠷᠢᠭ ᠢ ᠬᠦᠪᠴᠢᠯᠠᠵᠦ ᠪᠠᠶᠢᠨ᠎ᠠ᠃      ᠣᠶᠢᠷ᠎ᠠ ᠶᠢᠨ ᠡᠳᠤᠷ᠂ ᠰᠦᠯᠳᠡ ᠰᠤᠮᠤᠨ ᠤ ᠲᠥᠩᠽᠢ ᠭᠠᠴᠠᠭᠠᠨ ᠤ ᠰᠢᠨᠡᠬᠡᠨ ᠠᠰᠢᠭᠯᠠᠯᠳᠠ ᠳᠤ ᠣᠷᠤᠭᠰᠠᠨ ᠡᠪᠡᠰᠤ ᠪᠤᠷᠳᠤᠭ᠎ᠠ ᠶᠢ ᠮᠥᠬᠦᠯᠢᠭᠵᠢᠬᠦᠯᠬᠦ ᠦᠢᠯᠡᠳᠪᠦᠷᠢ ᠶᠢᠨ ᠲᠠᠰᠤᠭ ᠲᠤ ᠠᠵᠢᠯᠴᠢᠳ ᠮᠥᠬᠦᠯᠢᠭᠵᠢᠬᠦᠯᠦᠭᠰᠡᠨ ᠪᠤᠷᠳᠤᠭ᠎ᠠ ᠶᠢ ᠦᠢᠯᠡᠳᠪᠦᠷᠢᠯᠡᠬᠡᠳ ᠶᠠᠭᠠᠷᠠᠯᠳᠠᠢ ᠠᠵᠢᠯᠯᠠᠵᠦ ᠪᠠᠶᠢᠯ᠎ᠠ᠃ ᠭᠠᠴᠠᠭᠠᠨ ᠤ ᠶᠠᠳᠠᠭᠤ ᠠᠴᠠ ᠠᠩᠬᠢᠵᠢᠷᠠᠨ ᠪᠠᠳᠤᠳᠬᠠᠭᠳᠠᠵᠦ ᠪᠠᠶᠢᠭ᠎ᠠ ᠡᠷᠤᠬᠡ ᠰᠡᠳᠢᠪᠠᠶᠠᠷ ᠮᠠᠯ ᠬᠠᠰᠢᠶᠠᠯᠠᠬᠤ ᠬᠤᠭᠤᠴᠠᠭᠠᠨ ᠤ ᠡᠪᠡᠰᠤ ᠪᠤᠷᠳᠤᠭ᠎ᠠ ᠪᠠᠨ ᠬᠠᠩᠭᠠᠮᠵᠢᠳᠠᠢ ᠪᠡᠯᠡᠳᠬᠡᠬᠦ ᠪᠠᠷ ᠦᠢᠯᠡᠳᠪᠦᠷᠢ ᠳᠤ ᠢᠷᠡᠵᠦ ᠡᠪᠡᠰᠤ ᠪᠤᠷᠳᠤᠭᠠᠨ ᠤ ᠠᠰᠠᠭᠤᠳᠠᠯ ᠢᠶᠠᠨ ᠲᠤᠬᠢᠳᠠᠢ ᠰᠶᠢᠳᠪᠤᠷᠢᠯᠡᠭᠰᠡᠨ ᠢᠶᠠᠷ ᠰᠡᠳᠬᠢᠯ ᠬᠠᠨᠤᠮᠵᠢᠳᠠᠢ ᠪᠠᠶᠢᠯ᠎ᠠ᠃      ᠮᠠᠯᠴᠢᠨ ᠰᠡᠳᠢᠪᠠᠶᠠᠷ᠄ ︽ᠬᠦᠳᠡᠭᠡ ᠳᠤ ᠣᠳᠤ ᠨᠠᠰᠤᠲᠠᠢ ᠬᠦᠮᠦᠨ ᠣᠯᠠᠨ ᠪᠤᠯᠵᠦ ᠵᠠᠯᠠᠭᠤᠴᠤᠳ ᠭᠠᠳᠠᠭᠰᠢ ᠭᠠᠷᠤᠭᠰᠠᠨ ᠠᠴᠠ ᠢᠩᠬᠢᠬᠦᠯᠡᠷ ᠬᠦᠳᠡᠯᠮᠦᠷᠢ ᠬᠦᠴᠦ ᠲᠤᠳᠠᠵᠦ ᠡᠶᠢᠮᠤ ᠡᠪᠡᠰᠤ  ᠪᠤᠷᠳᠤᠭ᠎ᠠ ᠮᠥᠬᠦᠯᠢᠭᠵᠢᠬᠦᠯᠬᠦ ᠦᠢᠯᠡᠳᠪᠦᠷᠢ ᠲᠠᠢ ᠪᠤᠯᠤᠭᠰᠠᠨ ᠨᠢ ᠪᠢᠳᠠᠨ ᠳᠤ ᠶᠡᠭᠡ ᠲᠦᠬᠦᠮ ᠦᠵᠡᠬᠦᠯᠵᠠᠢ᠃ ᠪᠠᠰᠠ ᠨᠢᠭᠡ ᠲᠠᠯ᠎ᠠ ᠪᠠᠷ ᠬᠦᠳᠡᠭᠡ  ᠳᠤ ᠬᠠᠶᠠᠭᠳᠠᠮᠠᠯ ᠪᠤᠳᠠᠰ ᠪᠠᠰᠠ ᠠᠷᠪᠢᠨ  ᠪᠠᠶᠢᠵᠦ ᠨᠠᠶᠢᠷᠠᠭᠤᠯᠤᠨ ᠬᠡᠷᠡᠭᠯᠡᠬᠡᠨ ᠳᠤ ᠣᠷᠤᠭᠤᠯᠵᠦ ᠪᠠᠶᠢᠬᠤ ᠨᠢ ᠰᠠᠶᠢᠨ ᠤᠴᠢᠷ ᠪᠠᠶᠢᠨ᠎ᠠ︾ ᠭᠡᠪᠡ᠃      ᠲᠥᠩᠽᠢ ᠭᠠᠴᠠᠭ᠎ᠠ ᠬᠦᠳᠡᠯᠮᠦᠷᠢ ᠬᠦᠴᠦ ᠲᠤᠳᠠᠮᠠᠭ᠂ ᠲᠡᠵᠢᠬᠡᠨ ᠦᠷᠡᠵᠢᠬᠦᠯᠬᠦ ᠦᠢᠯᠡᠰ ᠡᠷᠬᠢᠯᠡᠬᠦ ᠡᠪᠡᠰᠤ ᠪᠤᠷᠳᠤᠭᠠᠨ ᠤ ᠲᠠᠯ᠎ᠠ ᠪᠠᠷ ᠬᠦᠷᠦᠯᠴᠡᠬᠦ ᠦᠭᠡᠢ ᠪᠠᠶᠢᠭ᠎ᠠ ᠠᠮᠢᠳᠤᠷᠠᠯ ᠬᠦᠴᠢᠷᠳᠡᠯᠲᠠᠢ 20 ᠡᠷᠤᠬᠡ ᠶᠢᠨ ᠪᠤᠳᠠᠳᠤ ᠪᠠᠶᠢᠳᠠᠯ ᠳᠤ ᠬᠠᠨᠳᠤᠭᠤᠯᠤᠨ ᠬᠠᠮᠢᠶ᠎ᠠ ᠪᠦᠬᠦᠢ ᠪᠠᠶᠢᠭᠤᠯᠭ᠎ᠠ ᠲᠠᠢ ᠬᠠᠷᠢᠯᠴᠠᠨ 52 ᠲᠥᠮᠡᠨ ᠲᠥᠬᠦᠷᠢᠭ ᠤᠨ ᠪᠡᠯᠡ ᠮᠥᠩᠬᠦ ᠶᠢ ᠬᠤᠷᠠᠮᠳᠤᠭᠤᠯᠵᠦ ᠡᠨᠡᠬᠦ 500 ᠭᠠᠷᠤᠢ ᠬᠠᠪᠳᠠᠭᠠᠢ ᠲᠦᠷᠪᠡᠯᠵᠢᠨ ᠮᠧᠲᠷ ᠤᠨ ᠲᠠᠯᠠᠪᠠᠢ ᠪᠦᠬᠦᠢ ᠦᠢᠯᠡᠳᠪᠦᠷᠢ ᠶᠢ ᠪᠠᠶᠢᠭᠤᠯᠤᠨ ᠶᠠᠳᠠᠭᠤ ᠬᠦᠴᠢᠷᠳᠡᠯᠳᠡᠢ ᠡᠷᠤᠭᠡ ᠳᠤ ᠲᠠᠭᠠᠭᠠᠴᠢᠯᠠᠭᠤᠯᠤᠨ ᠡᠵᠡᠩᠨᠡᠬᠦᠯᠬᠦ ᠶᠢᠨ ᠬᠠᠮᠳᠤ ᠶᠠᠳᠠᠭᠤ ᠬᠦᠴᠢᠷᠳᠡᠯᠳᠡᠢ ᠡᠷᠤᠬᠡ ᠪᠦᠬᠦᠨ ᠳᠤ ᠰᠢᠯᠢᠳᠡᠭ ᠴᠢᠨᠠᠷ ᠤᠨ ᠳᠡᠵᠢᠬᠡᠯ ᠪᠤᠷᠳᠤᠭ᠎ᠠ ᠶᠢ ᠦᠨ᠎ᠡ ᠲᠦᠯᠦᠪᠦᠷᠢ ᠦᠭᠡᠢ ᠨᠠᠶᠢᠷᠠᠭᠤᠯᠤᠨ ᠦᠭᠴᠤ ᠬᠠᠮᠳᠤ ᠪᠠᠷ ᠡᠵᠡᠩᠨᠡᠨ ᠬᠠᠮᠳᠤ ᠪᠠᠷ ᠠᠰᠢᠭᠯᠠᠬᠤ ᠠᠰᠢᠭ ᠲᠤᠰᠠ ᠶᠢᠨ ᠬᠠᠷᠢᠴᠠᠭ᠎ᠠ  ᠶᠢ ᠪᠠᠶᠢᠭᠤᠯᠤᠨ ᠲᠡᠳᠡᠨ ᠤ ᠠᠵᠦ ᠦᠢᠯᠡᠰ ᠡᠷᠬᠢᠯᠡᠨ ᠣᠷᠤᠯᠭ᠎ᠠ ᠪᠠᠨ ᠨᠡᠮᠡᠭᠳᠡᠬᠦᠯᠬᠦ ᠢᠳᠡᠬᠡᠯ ᠵᠤᠷᠢᠭ ᠢ ᠨᠢ ᠬᠦᠪᠴᠢᠯᠠᠵᠠᠢ᠃     ᠣᠶᠢᠯᠠᠭᠠᠭᠰᠠᠨ ᠢᠶᠠᠷ᠂ ᠡᠨᠡᠬᠦ ᠦᠢᠯᠡᠳᠪᠦᠷᠢ ᠨᠢ ᠭᠤᠤᠯᠳᠠᠭᠤ ᠡᠷᠳᠡᠨᠢ ᠰᠢᠰᠢ ᠶᠢᠨ ᠡᠰᠢ ᠰᠦᠷᠡᠯ᠂ ᠪᠤᠷᠭᠠᠰᠤ᠂ ᠬᠠᠷᠭᠠᠨ᠎ᠠ᠂ ᠣᠳᠠ ᠮᠤᠳᠤ ᠶᠢᠨ ᠨᠠᠮᠠᠭ᠎ᠠ᠂ ᠪᠤᠷᠤ ᠴᠠᠷᠭᠠᠰᠤ ᠵᠡᠷᠭᠡ ᠲᠡᠵᠢᠬᠡᠯ ᠡᠪᠡᠰᠤ ᠶᠢ ᠬᠠᠮᠳᠤᠷᠠᠭᠤᠯᠤᠨ ᠨᠠᠶᠢᠷᠠᠭᠤᠯᠵᠦ ᠮᠥᠬᠦᠯᠢᠭᠵᠢᠬᠦᠯᠦᠭᠰᠡᠨ ᠢᠶᠠᠷ ᠰᠢᠮ᠎ᠡ ᠰᠠᠶᠢᠳᠠᠢ᠂ ᠲᠡᠵᠢᠬᠡᠨ ᠪᠤᠷᠳᠤᠬᠤ ᠳᠤ  ᠴᠠᠭ ᠬᠦᠴᠦ ᠠᠷᠪᠢᠯᠠᠬᠤ᠂ ᠡᠪᠡᠰᠤ ᠪᠤᠷᠳᠤᠭᠠᠨ ᠤ ᠠᠰᠢᠭᠯᠠᠮᠵᠢ ᠶᠢᠨ ᠨᠤᠷᠮ᠎ᠠ ᠦᠨᠳᠤᠷ ᠵᠡᠷᠭᠡ ᠣᠯᠠᠨ ᠠᠷᠪᠢᠨ ᠲᠠᠪᠠᠭᠤᠯᠢᠭ ᠲᠠᠢ ᠪᠠᠶᠢᠳᠠᠭ  ᠢᠶᠠᠷ ᠢᠶᠠᠨ ᠣᠶᠢᠷ᠎ᠠ ᠬᠠᠪᠢ ᠶᠢᠨ ᠮᠠᠯᠴᠢᠳ ᠤᠨ ᠬᠦᠷᠢᠶᠡᠯᠡᠯ ᠢ ᠣᠯᠵᠦ ᠣᠳᠤᠬᠠᠨ ᠳᠤ ᠡᠳᠤᠷ ᠪᠦᠷᠢ ᠲᠡᠭᠰᠢᠳᠬᠡᠬᠡᠳ ᠨᠢᠭᠡ ᠲᠤᠨ ᠣᠷᠴᠢᠮ ᠨᠠᠷᠢᠯᠢᠭᠵᠢᠭᠤᠯᠤᠭᠰᠠᠨ ᠪᠤᠷᠳᠤᠭ᠎ᠠ ᠶᠢ ᠦᠢᠯᠡᠳᠪᠦᠷᠢᠯᠡᠨ ᠣᠯᠠᠨ ᠲᠥᠮᠡᠨ ᠳᠤ ᠦᠢᠯᠡᠴᠢᠯᠡᠵᠦ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号