ᠭᠠᠯᠠᠭᠤᠳᠣ ᠪᠠᠯᠭᠠᠰᠣ ᠠᠴᠠ ᠳᠡᠮᠡᠭᠡᠳᠣ ᠬᠤᠲᠡ ᠶᠢᠨ ᠪᠤᠯᠠᠭ ᠤᠨ ᠭᠤᠣᠯ ᠭᠥᠷᠬᠦ ᠵᠠᠰᠠᠮᠠᠯ ᠵᠠᠮ ᠵᠠᠰᠠᠵᠣ ᠡᠬᠢᠯᠡᠯ᠎ᠡ
ᠨᠡᠶᠢᠲᠡᠯᠡᠭᠰᠡᠨ ᠴᠠᠭ᠄
2020-04-16
     4 ᠰᠠᠷ᠎ᠠ ᠶᠢᠨ 15 ᠤ ᠡᠳᠣᠷ᠂ ᠮᠠᠨ ᠤ ᠬᠤᠰᠢᠭᠤᠨ ᠠᠴᠠ ᠱᠠᠨᠰᠢ ᠮᠤᠵᠢ ᠶᠢᠨ ᠳᠡᠮᠡᠭᠡᠲᠤ ᠬᠤᠲᠠ ᠬᠦᠷᠬᠦ ᠴᠢᠬᠤᠯᠠ ᠵᠠᠮ ᠪᠣᠯᠣᠭᠰᠠᠨ ᠣᠯᠣᠰ ᠤᠨ ᠵᠠᠮ 242 ᠱᠣᠭᠤᠮ ᠤᠨ ᠭᠠᠯᠠᠭᠤᠳᠣ ᠪᠠᠯᠭᠠᠰᠣᠨ ᠠᠴᠠ ᠳᠡᠮᠡᠭᠡᠳᠣ ᠬᠤᠲᠠ ᠶᠢᠨ ᠪᠤᠯᠠᠭ ᠤᠨ ᠭᠤᠣᠯ ᠰᠢᠶᠠᠩ ᠬᠦᠷᠬᠦ ᠵᠠᠰᠠᠮᠠᠯ ᠵᠠᠮ ᠳᠡᠪᠢᠰᠴᠣ ᠡᠬᠢᠯᠡᠯ᠎ᠡ᠃      ᠲᠤᠰ ᠵᠠᠰᠠᠮᠠᠯ ᠵᠠᠮ ᠢ ᠣᠷᠳᠣᠰ ᠬᠤᠲᠠ ᠶᠢᠨ ᠵᠡᠮ ᠬᠠᠷᠢᠯᠴᠠᠭ᠎ᠠ ᠳᠡᠭᠡᠭᠡᠪᠣᠷᠢ ᠶᠢᠨ ᠳᠣᠪᠴᠢᠶᠠᠨ ᠠᠴᠠ ᠳᠠᠭᠠᠭᠠᠴᠢᠯᠠᠨ ᠵᠠᠰᠠᠵᠣ ᠬᠤᠶᠠᠷ ᠵᠢᠯ ᠤᠨ ᠬᠤᠭᠤᠴᠠᠭ᠎ᠠ ᠲᠠᠢ ᠪᠦᠳᠣᠭᠡᠨ ᠪᠠᠶᠢᠭᠤᠯᠵᠣ ᠳᠠᠭᠤᠰᠬᠠᠬᠤ ᠪᠠᠷ ᠪᠠᠶᠢᠵᠦ ᠶᠠᠷᠣᠩᠬᠡᠢ ᠪᠡᠯᠡ ᠣᠷᠣᠭᠤᠯᠣᠯᠲᠡ ᠨᠢ 3 ᠳ᠋ᠦᠩᠰᠢᠭᠤᠷ ᠳᠦᠬᠦᠷᠢᠭ ᠲᠤ ᠬᠦᠷᠴᠣ ᠵᠠᠮ ᠤᠨ ᠣᠷᠲᠣ ᠨᠢ 30 ᠺᠢᠯᠥᠮᠧᠲᠷ ᠪᠠᠶᠢᠵᠣ ᠭᠠᠯᠠᠭᠤᠲᠣ ᠪᠠᠯᠭᠠᠰᠣᠨ ᠤ ᠰᠡᠪᠬᠦᠯ ᠭᠠᠴᠠᠭ᠎ᠠ᠂ ᠪᠠᠶᠠᠨᠴᠠᠶᠢᠳᠡᠮ ᠳᠣᠰᠬᠤᠨ ᠵᠡᠷᠭᠡ ᠭᠠᠴᠠᠭ᠎ᠠ ᠳᠣᠰᠬᠤᠨ ᠢᠶᠠᠷ ᠳᠠᠮᠵᠢᠨ ᠦᠣᠰᠢᠨ ᠬᠤᠰᠢᠭᠤ ᠪᠣᠯᠣᠨ ᠳᠡᠮᠡᠭᠡᠳᠣ ᠬᠤᠲᠠ ᠶᠢᠨ ᠠᠭᠤᠯᠵᠠᠷ ᠪᠣᠯᠬᠤ ᠪᠤᠯᠠᠭ ᠤᠨ ᠭᠤᠣᠯ ᠰᠢᠶᠠᠩ ᠳᠤ ᠬᠦᠷᠴᠣ ᠣᠯᠣᠰ ᠤᠨ ᠬᠤᠶᠠᠳᠣᠭᠠᠷ ᠳᠠᠰ ᠤᠨ ᠵᠠᠰᠠᠮᠠᠯ ᠵᠠᠮ ᠤᠨ ᠪᠠᠷᠢᠮᠵᠢᠶ᠎ᠠ ᠪᠠᠷ ᠳᠠᠪᠢᠰᠣᠨ ᠵᠠᠰᠠᠬᠤ ᠪᠣᠯᠣᠨ᠎ᠠ᠃        ᠣᠶᠢᠯᠠᠭᠠᠭᠰᠠᠨ ᠢᠶᠠᠷ᠂ ᠲᠣᠰ ᠵᠠᠰᠠᠮᠠᠯ ᠵᠠᠮ ᠤᠨ ᠪᠦᠳᠣᠬᠡᠨ ᠪᠠᠶᠢᠭᠤᠯᠣᠯᠲᠠ ᠨᠢ ᠣᠯᠣᠰ ᠪᠣᠯᠣᠨ ᠦᠪᠡᠷᠳᠡᠭᠡᠨ ᠵᠠᠰᠠᠬᠤ ᠣᠷᠣᠨ ᠤ ᠵᠠᠰᠠᠮᠠᠯ ᠵᠠᠮ ᠤᠨ ᠲᠣᠣᠷ ᠢ ᠳᠡᠭᠦᠯᠳᠡᠷᠵᠢᠭᠦᠯᠣᠨ ᠵᠠᠰᠠᠮᠠᠯ ᠵᠠᠮ ᠤᠨ ᠳᠠᠭᠠᠣ ᠳᠠᠬᠢ ᠵᠠᠮ ᠬᠠᠷᠢᠯᠴᠠᠭᠠᠨ ᠤ ᠨᠦᠬᠦᠴᠡᠯ ᠢ ᠰᠠᠶᠢᠵᠢᠷᠠᠭᠤᠯᠵᠦ ᠡᠬᠢ ᠪᠠᠶᠠᠯᠢᠭ ᠤᠨ ᠨᠡᠭᠡᠭᠡᠨ ᠠᠰᠢᠭᠯᠠᠯᠲᠠ᠂ ᠮᠠᠯ ᠲᠠᠷᠢᠶᠠᠯᠠᠩ ᠤᠨ ᠪᠦᠳᠣᠭᠡᠭᠳᠡᠭᠦᠨ ᠤ ᠭᠠᠷᠭᠠᠯᠲᠠ ᠪᠣᠯᠣᠨ ᠠᠵᠣ ᠠᠬᠤᠢ ᠶᠢᠨ ᠨᠠᠶᠢᠬᠡᠮ ᠤᠨ ᠬᠦᠭᠵᠢᠯᠳᠡ ᠳᠤ ᠴᠢᠬᠤᠯᠠ ᠠᠴᠢ ᠬᠤᠯᠪᠣᠭᠳᠠᠯ ᠲᠠᠢ ᠮᠦᠷᠳᠡᠬᠡᠨ ᠣᠯᠣᠰ ᠤᠨ ᠵᠠᠮ 338 ᠱᠣᠭᠤᠮ ᠪᠣᠯᠣᠨ ᠣᠯᠣᠰ ᠤᠨ ᠵᠠᠮ 242 ᠱᠣᠭᠤᠮ ᠤᠨ ᠳᠠᠭᠠᠣ ᠳᠠᠬᠢ ᠮᠤᠵᠢ ᠣᠷᠣᠨ ᠪᠤᠯᠤᠨ ᠠᠶᠢᠮᠠᠭ ᠬᠤᠲᠠ ᠯᠤᠭ᠎ᠠ ᠶᠢᠨ ᠡᠯ᠎ᠡ ᠲᠠᠯ᠎ᠠ ᠶᠢᠨ ᠬᠦᠭᠵᠢᠯᠳᠡ ᠳᠤ ᠴᠢᠬᠤᠯᠠ ᠣᠶᠢᠯᠡᠳᠣᠯ ᠦᠵᠡᠭᠦᠯᠭᠦ ᠪᠣᠯᠣᠨ᠎ᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号