4 ᠰᠠᠷ᠎ᠠ ᠶᠢᠨ 14 ᠤ ᠡᠳᠦᠷ᠂ ᠪᠦᠬᠦ ᠬᠤᠳᠠ ᠶᠢᠨ ᠳᠣᠮᠣ ᠳ᠋ᠠᠶᠢᠲ᠋ᠠ ᠶᠢᠨ ᠠᠵᠢᠯ ᠤᠨ ᠲᠧᠯᠸᠢᠰ | ᠣᠳᠠᠰᠣᠳᠣ ᠬᠤᠷᠠᠯ ᠬᠤᠷᠠᠯᠳᠣᠵᠦ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ ᠬᠤᠰᠢᠭᠤ ᠳᠡᠳ᠋ | ᠳᠠᠷᠤᠭ᠎ᠠ ᠯᠢ ᠵᠦᠩ ᠯᠢᠨ ᠮᠠᠨ ᠤ ᠬᠤᠰᠢᠭᠤᠨ ᠤ ᠬᠤᠪᠢᠶᠠᠷᠢ ᠬᠤᠷᠠᠯ ᠤᠨ ᠳᠠᠯᠠᠪᠠᠢ ᠳᠤ ᠬᠤᠷᠠᠯ ᠳᠤ ᠣᠷᠣᠯᠴᠠᠪᠠ᠃ | ᠬᠤᠷᠠᠯ ᠳᠡᠭᠡᠷ᠎ᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠣᠮᠳᠠᠳᠣ ᠣᠯᠣᠰ ᠤᠨ ᠣᠨᠴᠠᠯᠢᠭ ᠲᠠᠢ | ᠨᠡᠶᠢᠬᠡᠮ ᠵᠢᠷᠣᠮ ᠤᠨ ᠦᠵᠡᠯ ᠰᠠᠨᠠᠭ᠎ᠠ ᠶᠢ ᠬᠦᠨᠵᠡᠬᠡᠢ ᠰᠣᠷᠣᠯᠴᠠᠵᠦ ᠨᠠᠮ ᠤᠨ ᠠᠷᠪᠠ ᠶᠢᠰᠦᠳᠦᠬᠡᠷ ᠶᠡᠭᠡ ᠬᠤᠷᠠᠯ ᠪᠠ | ᠠᠷᠪᠠ ᠶᠢᠰᠦᠳᠦᠬᠡᠷ ᠬᠤᠭᠤᠴᠠᠭᠠᠨ ᠤ ᠳᠦᠪ ᠬᠤᠷᠢᠶᠠᠨ ᠤ ᠳᠦᠷᠪᠡᠳᠦᠬᠡᠷ ᠪᠦᠬᠦᠳᠡ ᠬᠤᠷᠠᠯ ᠤᠨ ᠵᠣᠷᠢᠭ ᠰᠠᠨᠠᠭ᠎ᠠ | ᠶᠢ ᠪᠦᠬᠦ ᠳᠠᠯ᠎ᠠ ᠪᠠᠷ ᠲᠤᠭᠤᠰᠢᠯᠠᠭᠤᠯᠵᠦ ᠳᠦᠪ᠂ ᠦᠪᠡᠷᠳᠡᠬᠡᠨ ᠵᠠᠰᠠᠬᠤ ᠣᠷᠣᠨ ᠤ ᠳᠣᠮᠣ ᠳ᠋ᠠᠶᠢᠲ᠋ᠠ ᠶᠢᠨ ᠠᠵᠢᠯ | ᠵᠢᠴᠢ ᠬᠤᠳᠠ ᠶᠢᠨ ᠨᠠᠮ ᠤᠨ ᠬᠤᠷᠢᠶᠠᠨ ᠤ ᠳᠦᠷᠪᠡᠳᠦᠬᠡᠷ ᠬᠤᠭᠤᠴᠠᠭᠠᠨ ᠤ ᠠᠷᠪᠠᠳᠣᠭᠠᠷ ᠪᠦᠬᠦᠳᠡ ᠬᠤᠷᠠᠯ ᠤᠨ | ᠵᠣᠷᠢᠭ ᠰᠠᠨᠠᠭ᠎ᠠ ᠶᠢ ᠬᠢᠨᠠᠮᠠᠭᠠᠢ ᠲᠤᠭᠤᠰᠢᠯᠠᠭᠤᠯᠤᠨ 2019 ᠣᠨ ᠤ ᠳᠣᠮᠣ ᠳ᠋ᠠᠶᠢᠲ᠋ᠠ ᠶᠢᠨ ᠠᠵᠢᠯ ᠢ ᠳ᠋ᠦᠩᠨᠡᠵᠦ | 2020 ᠣᠨ ᠤ ᠳᠣᠮᠣ ᠳ᠋ᠠᠶᠢᠲ᠋ᠠ ᠶᠢᠨ ᠠᠵᠢᠯ ᠳᠤ ᠪᠠᠶᠢᠷᠢᠯᠠᠭᠤᠯᠣᠯᠲᠠ ᠬᠢᠭᠰᠡᠨ ᠪᠠᠶᠢᠨ᠎ᠠ᠃ | ᠬᠤᠷᠠᠯ ᠠᠴᠠ ᠵᠢᠭᠠᠬᠤ ᠳᠠᠭᠠᠨ᠂ 2018 ᠣᠨ ᠳᠤ ᠬᠤᠳᠠ ᠶᠢᠨ ᠳᠣᠮᠣ ᠳ᠋ᠠᠶᠢᠲ᠋ᠠ ᠶᠢᠨ ᠬᠦᠭᠵᠢᠬᠦᠯᠦᠯᠲᠡ | ᠶᠢᠨ ᠳᠣᠪᠴᠢᠶ᠎ᠠ ᠪᠠᠶᠢᠭᠤᠯᠣᠭᠳᠠᠭᠰᠠᠨ ᠠᠴᠠ ᠨᠠᠰᠢ ᠪᠦᠬᠦ ᠬᠤᠳᠠ ᠶᠢᠨ ᠳᠣᠮᠣ ᠳ᠋ᠠᠶᠢᠲ᠋ᠠ ᠶᠢᠨ ᠠᠵᠢᠯ ᠤᠨ ᠪᠠᠶᠢᠭᠤᠯᠣᠯ | ᠳᠣᠭᠳᠠᠯᠴᠠᠭ᠎ᠠ ᠠᠭᠠᠵᠢᠮ ᠢᠶᠠᠷ ᠳᠡᠬᠦᠯᠳᠡᠷᠵᠢᠭᠰᠡᠨ ᠪᠠᠶᠢᠨ᠎ᠠ᠃ ᠪᠦᠬᠦ ᠬᠤᠳᠠ ᠶᠢᠨ ᠳᠣᠮᠣ ᠳ᠋ᠠᠶᠢᠲ᠋ᠠ ᠶᠢᠨ ᠠᠵᠢᠯ ᠤᠨ | ᠬᠤᠷᠳᠣᠴᠠ ᠳᠦᠷᠭᠡᠰᠴᠦ ᠴᠢᠨᠠᠷ ᠴᠢᠨᠰᠠᠭ᠎ᠠ ᠳᠡᠭᠡᠭᠰᠢᠯᠡᠨ ᠢᠯᠡᠳᠳᠡ ᠰᠠᠶᠢᠨ ᠦᠷ᠎ᠡ ᠪᠦᠲᠦᠮᠵᠢ ᠣᠯᠣᠭᠰᠠᠨ ᠪᠠᠶᠢᠨ᠎ᠠ | ᠬᠡᠪᠡ᠃ | ᠬᠤᠷᠠᠯ ᠠᠴᠠ ᠴᠢᠬᠤᠯᠠᠴᠢᠯᠠᠬᠤ ᠳᠠᠭᠠᠨ᠂ ᠳᠣᠮᠣ ᠳ᠋ᠠᠶᠢᠲ᠋ᠠ ᠶᠢᠨ ᠠᠵᠢᠯ ᠢ ᠰᠠᠶᠢᠳᠣᠷ ᠬᠢᠬᠦ ᠳᠤ ︽ | ᠦᠢᠯᠡᠳᠦᠯᠬᠡᠵᠢᠬᠦᠯᠬᠦ ᠳᠤ ᠳᠣᠰᠠᠳᠠᠢ᠂ ᠦᠨᠳᠦᠰᠦᠨ ᠱᠠᠳᠣᠨ ᠤ ᠺᠠᠳ᠋ᠷᠴᠣᠳ ᠬᠡᠷᠡᠭᠯᠡᠬᠦ ᠳᠣᠷᠠᠳᠠᠢ᠂ ᠣᠯᠠᠨ ᠲᠦᠮᠡᠨ | ᠳᠤ ᠠᠰᠢᠭᠲᠠᠢ︾ ᠪᠠᠶᠢᠬᠤ ᠵᠠᠷᠴᠢᠮ ᠢ ᠪᠠᠷᠢᠮᠳᠠᠯᠠᠵᠦ ᠳᠣᠮᠣ ᠳ᠋ᠠᠶᠢᠲ᠋ᠠ ᠶᠢᠨ ᠮᠡᠳᠡᠭᠡ ᠵᠠᠩᠬᠢᠴᠢᠯᠠᠯᠳᠠ ᠶᠢᠨ ᠲᠦᠷᠦᠯ | ᠵᠦᠢᠯ ᠤᠨ ᠪᠡᠯᠡ ᠮᠦᠩᠬᠦᠨ ᠤ ᠨᠢᠬᠡᠳᠦᠯᠳᠡᠢ ᠬᠠᠮᠢᠶᠠᠷᠣᠯᠳᠠ ᠶᠢ ᠴᠢᠩᠭᠠᠳᠬᠠᠨ ᠴᠢᠨᠠᠷᠯᠢᠭ ᠠᠰᠢᠭᠯᠠᠬᠤ ᠶᠢ ᠪᠠᠳᠣᠯᠠᠬᠤ | ᠬᠡᠷᠡᠭᠲᠡᠢ ᠬᠡᠪᠡ᠃ | ᠬᠤᠷᠠᠯ ᠠᠴᠠ ᠱᠠᠭᠠᠷᠳᠠᠬᠤ ᠳᠠᠭᠠᠨ᠂ ᠡᠯ᠎ᠡ ᠬᠤᠰᠢᠭᠤ ᠳᠣᠭᠤᠷᠢᠭ᠂ ᠬᠤᠳᠠ ᠶᠢᠨ ᠰᠢᠭᠤᠳ ᠬᠠᠷᠢᠶ᠎ᠠ | ᠰᠠᠯᠠᠭ᠎ᠠ ᠮᠦᠴᠢᠷ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠣᠮᠳᠠᠳᠣ ᠣᠯᠣᠰ ᠤᠨ ᠣᠨᠴᠠᠯᠢᠭ ᠲᠠᠢ ᠨᠡᠶᠢᠬᠡᠮ | ᠵᠢᠷᠣᠮ ᠤᠨ ᠦᠵᠡᠯ ᠰᠠᠨᠠᠭ᠎ᠠ ᠪᠠᠷ ᠵᠢᠯᠣᠭᠤᠳᠣᠭᠤᠯᠵᠦ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠣ ᠠᠬᠤᠢ ᠨᠡᠶᠢᠬᠡᠮ ᠤᠨ ᠬᠦᠭᠵᠢᠯᠳᠡ ᠶᠢᠨ ᠬᠤᠣᠰ ᠢᠯᠡᠯᠳᠡ | ᠶᠢ ᠳᠡᠮᠡᠴᠡᠨ ᠣᠯᠬᠤ ᠬᠠᠷᠠᠯᠳᠠ ᠶᠢᠨ ᠱᠠᠭᠠᠷᠳᠠᠯᠭ᠎ᠠ ᠶᠣᠰᠣᠭᠠᠷ ︽ᠳᠣᠭᠠᠴᠢᠯᠠᠭᠰᠠᠨ ᠣᠷᠳᠣᠰ︾ ᠤᠨ ᠪᠦᠲᠦᠬᠡᠨ | ᠪᠠᠶᠢᠭᠤᠯᠣᠯᠲᠠ ᠶᠢ ᠪᠦᠬᠦ ᠬᠦᠴᠦᠨ ᠢᠶᠠᠷ ᠠᠬᠢᠭᠤᠯᠵᠦ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠠᠵᠢᠯ ᠳᠤ | ᠦᠢᠯᠡᠴᠢᠯᠡᠬᠦ ᠶᠢ ᠪᠠᠶᠢᠩᠭᠤᠵᠢᠭᠤᠯᠤᠨ ︽ᠳᠣᠭᠠᠴᠢᠯᠠᠭᠰᠠᠨ ᠣᠷᠳᠣᠰ ᠤᠨ ᠬᠦᠭᠵᠢᠯᠳᠡ ᠶᠢᠨ ᠳᠦᠯᠦᠪᠵᠢᠬᠦᠯᠬᠡ ︵ | 2019 — 2025 ᠣᠨ︶︾ ᠶᠢᠨ ᠭᠤᠣᠯᠳᠠᠯᠭ᠎ᠠ ᠲᠠᠢ ᠡᠬᠦᠷᠭᠡ ᠶᠢᠨ ᠪᠠᠶᠢᠭᠤᠯᠣᠯᠲᠠ ᠪᠠ ᠪᠠᠳᠣᠯᠠᠭ᠎ᠠ ᠶᠢᠨ | ᠰᠢᠰᠲ᠋ᠧᠮ ᠤᠨ ᠪᠠᠶᠢᠭᠤᠯᠣᠯᠲᠠ ᠶᠢ ᠪᠦᠬᠦ ᠳᠠᠯ᠎ᠠ ᠪᠠᠷ ᠠᠬᠢᠭᠤᠯᠬᠤ ᠬᠡᠷᠡᠭᠲᠡᠢ ᠬᠡᠪᠡ᠃ | ᠬᠤᠷᠠᠯ ᠳᠡᠭᠡᠷ᠎ᠡ᠂ ᠳᠣᠮᠳᠠᠳᠣ ᠣᠯᠣᠰ ᠤᠨ ᠮᠡᠳᠡᠭᠡ ᠵᠠᠩᠬᠢ ᠶᠢᠨ ᠮᠡᠳᠡᠭᠡ ᠬᠤᠯᠪᠣᠭᠠᠨ ᠤ ᠰᠣᠳᠣᠯᠭᠠᠨ ᠤ | ᠬᠦᠷᠢᠶᠡᠯᠡᠩ ᠤᠨ ᠮᠡᠷᠭᠡᠵᠢᠯᠳᠡᠨ ᠢ ᠣᠷᠢᠵᠦ ︽ᠳᠣᠭᠠᠴᠢᠯᠠᠭᠰᠠᠨ ᠣᠷᠳᠣᠰ ᠤᠨ ᠬᠦᠭᠵᠢᠯᠳᠡ ᠶᠢᠨ ᠳᠦᠯᠦᠪᠵᠢᠬᠦᠯᠬᠡ | ︵2019 —2025 ᠣᠨ︶︾ ᠶᠢᠨ ᠳᠣᠬᠠᠢ ᠳᠠᠶᠢᠯᠦᠮᠵᠢ ᠬᠢᠯᠭᠡᠭᠰᠡᠨ ᠪᠠᠶᠢᠨ᠎ᠠ᠃ |