4 ᠰᠠᠷ᠎ᠠ ᠶᠢᠨ 15 ᠤ ᠡᠳᠦᠷ ᠤᠨ ᠦᠳᠡ ᠶᠢᠨ ᠬᠤᠶᠢᠨ᠎ᠠ᠂ ᠬᠤᠪᠸᠢ ᠶᠢ ᠳᠤᠰᠠᠯᠠᠭᠰᠠᠨ ᠪᠠᠭᠠᠲᠤᠷ ᠭᠦᠸᠧ | ᠰᠢᠶᠣᠣ ᠪᠢᠩ ᠳᠡᠮᠵᠢᠨ ᠳᠤᠰᠠᠯᠠᠬᠤ ᠡᠭᠦᠷᠭᠡ ᠪᠠᠨ ᠠᠮᠵᠢᠯᠲᠠᠲᠠᠢ ᠪᠡᠶᠡᠯᠡᠭᠦᠯᠵᠤ 14 ᠡᠳᠦᠷ ᠤᠨ ᠰᠣᠪᠢᠯᠠᠯᠲᠠ | ᠠᠮᠠᠷᠠᠯᠲᠠ ᠪᠠᠨ ᠳᠠᠭᠤᠰᠬᠠᠭᠠᠳ ᠦᠦᠰᠢᠨ ᠨᠤᠲᠤᠭ ᠲᠠᠭᠠᠨ ᠠᠮᠤᠷ ᠲᠠᠶᠢᠪᠤᠩ ᠪᠤᠴᠠᠨ ᠢᠷᠡᠯ᠎ᠡ᠃ | | | | | | | | | | ᠭᠠᠯᠠᠭᠤᠲᠦ ᠰᠦᠢᠳᠬᠡᠯ ᠬᠤᠷᠢᠶᠠᠬᠤ ᠦᠷᠲᠡᠭᠡᠨ ᠠᠴᠠ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ | ᠲᠥᠪ ᠤᠨ ᠡᠭᠦᠳᠡ ᠬᠦᠷᠲᠡᠯᠡᠬᠢ ᠵᠠᠮ ᠳᠠᠭᠠᠤ ᠳᠤ ᠳᠤᠳᠤᠭᠠᠳᠦ ᠶᠢ ᠬᠠᠮᠠᠭᠠᠯᠠᠬᠤ ᠵᠠᠮ ᠬᠠᠷᠢᠯᠴᠠᠭᠠᠨ ᠤ ᠴᠠᠭᠳᠠᠭ᠎ᠠ᠂ | ᠺᠠᠳ᠋ᠷ ᠠᠵᠢᠯᠲᠠᠨ᠂ ᠣᠷᠴᠢᠨ ᠲᠣᠭᠤᠷᠢᠨ ᠤ ᠴᠡᠪᠡᠷᠯᠡᠭᠴᠢ᠂ ᠬᠠᠯᠠᠭᠤᠨ ᠰᠡᠳᠬᠢᠯᠲᠦ ᠠᠷᠠᠳ ᠲᠥᠮᠡᠨ ᠲᠣᠭᠤᠷᠢᠨ | ᠵᠣᠭᠰᠤᠵᠤ ᠬᠢᠵᠢᠭ ᠲᠠᠢ ᠲᠡᠮᠡᠴᠡᠭᠰᠡᠨ ᠪᠠᠭᠠᠲᠤᠷ ᠤᠨ ᠨᠤᠲᠤᠭ ᠲᠠᠭᠠᠨ ᠪᠤᠴᠠᠭᠰᠠᠨ ᠢ ᠤᠭᠲᠤᠨ ᠠᠪᠤᠯ᠎ᠠ᠃ | ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠲᠥᠪ ᠤᠨ ᠡᠭᠦᠳᠡᠨ ᠳᠡᠭᠡᠷ᠎ᠡ ᠰᠤᠷᠭᠤᠭ ᠴᠡᠴᠡᠭ ᠬᠦᠷᠭᠡᠨ ᠬᠠᠯᠠᠭᠤᠨ | ᠠᠯᠠᠭ᠎ᠠ ᠳᠠᠰᠢᠯᠲᠠ ᠨᠢᠵᠢᠬᠢᠨᠡᠵᠤ ᠬᠢᠵᠢᠭ ᠲᠠᠢ ᠲᠡᠮᠡᠴᠡᠭᠰᠡᠨ ᠪᠠᠭᠠᠲᠤᠷ ᠤᠨ ᠠᠮᠤᠷ ᠲᠠᠶᠢᠪᠤᠩ ᠪᠤᠴᠠᠨ ᠢᠷᠡᠭᠰᠡᠨ ᠢ | ᠤᠭᠲᠤᠨ ᠠᠪᠴᠦ ᠵᠤᠯ ᠵᠢᠷᠭᠠᠯᠲᠦ ᠭᠡᠷ ᠪᠦᠯᠢ ᠶᠢᠨ ᠬᠢᠨ ᠤ ᠠᠭᠤᠯᠵᠠᠯᠲᠠ ᠨᠢ ᠡᠨᠡᠬᠦ ᠮᠥᠴᠡ ᠶᠢ ᠨᠡᠩ ᠴᠦ | ᠬᠠᠯᠠᠭᠤᠨ ᠳᠤᠯᠠᠭᠠᠨ ᠪᠣᠯᠭᠠᠯ᠎ᠠ᠃ | | | | | | | | | | ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠵᠣᠣ ᠹᠸᠢ ᠯᠦ᠂ ᠬᠤᠰᠢᠭᠤ | ᠠᠷᠠᠳ ᠤᠨ ᠲᠥᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠤᠶᠠᠠᠮᠠᠠᠳᠤᠬᠤ᠂ | ᠬᠤᠰᠢᠭᠤ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠬᠤᠤ ᠸᠧᠢ᠂ ᠬᠤᠰᠢᠭᠤ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠨ ᠵᠣᠬᠢᠶᠠᠨ ᠪᠠᠶᠢᠭᠤᠯᠬᠤ ᠭᠡᠯᠲᠡᠰ ᠤᠨ ᠳᠠᠷᠤᠭ᠎ᠠ ᠰᠤ᠋ ᠰᠢᠨ ᠹᠠ᠂ ᠬᠤᠰᠢᠭᠤ ᠤᠳᠤᠷᠢᠳᠤᠯᠭ᠎ᠠ | ᠭᠤᠤ ᠬᠤ᠋᠂ ᠯᠢᠦ ᠵᠧᠩ ᠤᠭᠲᠤᠬᠤ ᠶᠤᠰᠤᠯᠠᠯ ᠳᠤ ᠤᠷᠤᠯᠴᠠᠪᠠ᠃ ᠵᠣᠣ ᠹᠸᠢ ᠯᠦ ᠶᠠᠭᠤᠨ ᠤ ᠤᠷᠢᠳ ᠬᠤᠰᠢᠭᠤ | ᠨᠠᠮ ᠤᠨ ᠬᠤᠷᠢᠶ᠎ᠠ ᠵᠠᠰᠠᠭ ᠤᠨ ᠤᠷᠳᠤᠨ ᠪᠠ 13 ᠲᠥᠮᠡᠨ ᠡᠯ᠎ᠡ ᠦᠨᠳᠦᠰᠦᠲᠡᠨ ᠤ ᠺᠠᠳ᠋ᠷ ᠣᠯᠠᠨ ᠲᠥᠮᠡᠨ ᠢ | ᠲᠥᠯᠦᠭᠡᠯᠡᠨ ᠭᠦᠸᠧ ᠰᠢᠶᠣᠣ ᠪᠢᠩ ᠨᠥᠬᠦᠷ ᠤᠨ ᠠᠮᠤᠷ ᠲᠠᠶᠢᠪᠤᠩ ᠪᠤᠴᠠᠨ ᠢᠷᠡᠭᠰᠡᠨ ᠳᠤ ᠬᠠᠮᠤᠭ ᠤᠨ ᠳᠡᠭᠡᠳᠦ | ᠬᠦᠨᠳᠦᠳᠬᠡᠯ ᠪᠣᠯᠣᠨ ᠴᠢᠩ ᠰᠡᠳᠬᠢᠯ ᠤᠨ ᠮᠡᠨᠳᠦᠴᠢᠯᠡᠯ ᠢᠶᠠᠨ ᠳᠡᠪᠰᠢᠭᠦᠯᠦᠭᠰᠡᠨ ᠤ ᠬᠠᠮᠲᠦ ᠭᠡᠷ ᠪᠦᠯᠢ ᠶᠢᠨ | ᠬᠢᠨ ᠳᠤ ᠴᠢᠩ ᠰᠡᠳᠬᠢᠯ ᠤᠨ ᠳᠠᠯᠠᠷᠬᠠᠯ ᠢᠶᠠᠨ ᠳᠡᠪᠰᠢᠭᠦᠯᠪᠡ᠃ ᠵᠣᠣ ᠹᠸᠢ ᠯᠦ ᠶᠠᠷᠢᠬᠤ ᠳᠠᠭᠠᠨ᠂ 52 ᠡᠳᠦᠷ ᠤᠨ | ᠡᠮᠦᠨ᠎ᠡ ᠪᠦᠬᠦ ᠣᠷᠣᠨ ᠤ 103 ᠬᠤᠰᠢᠭᠤ ᠰᠢᠶᠡᠨ ᠤ ᠳᠣᠲᠣᠷᠠᠬᠢ ᠴᠣᠷ ᠤᠨ ᠭᠠᠭᠴᠠ ᠰᠢᠶᠡᠨ ᠤ ᠳᠡᠰ ᠤᠨ ᠬᠢᠵᠢᠭ | ᠡᠪᠡᠳᠴᠢᠨ ᠢ ᠰᠡᠷᠭᠡᠶᠢᠯᠡᠨ ᠡᠵᠡᠮᠳᠡᠬᠦ ᠰᠠᠯᠠᠭ᠎ᠠ ᠮᠥᠴᠢᠷ ᠤᠨ ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠲᠠ | ᠬᠢᠬᠦ ᠬᠦᠮᠦᠨ ᠪᠣᠯᠣᠭᠰᠠᠨ ᠤ ᠬᠤᠪᠢ ᠳᠤ ᠭᠦᠸᠧ ᠰᠢᠶᠤᠤ ᠪᠢᠩ ᠨᠥᠬᠦᠷ ᠥᠴᠦᠬᠡᠨ ᠴᠦ ᠡᠷᠡᠭᠡᠯᠵᠡᠯ ᠦᠭᠡᠢ ᠪᠠᠷ | ᠡᠮᠦᠨ᠎ᠡ ᠹᠷᠤᠨᠲ ᠲᠤ ᠮᠣᠷᠲᠠᠭᠰᠠᠨ ᠪᠠᠶᠢᠨ᠎ᠠ᠃ 38 ᠡᠳᠦᠷ ᠤᠨ ᠬᠤᠭᠤᠴᠠᠭᠠᠨ ᠳᠤ ᠭᠦᠸᠧ ᠰᠢᠶᠤᠤ ᠪᠢᠩ ᠨᠥᠬᠦᠷ | ᠨᠠᠷᠢᠯᠢᠭ ᠣᠨᠣᠪᠴᠢᠲᠠᠢ ᠲᠤᠭ᠎ᠠ ᠪᠦᠷᠢᠳᠬᠡᠯ ᠤᠨ ᠰᠤᠳᠤᠯᠤᠯ ᠮᠠᠭᠠᠳᠯᠠᠯ ᠪᠣᠯᠣᠨ ᠲᠤᠰᠬᠠᠢ ᠮᠡᠷᠭᠡᠵᠢᠯ ᠤᠨ | ᠵᠠᠳᠠᠯᠤᠯᠲᠠ ᠪᠠᠷ ᠨᠠᠷᠢᠯᠢᠭ ᠣᠨᠣᠪᠴᠢᠲᠠᠢ ᠪᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠠᠬᠢᠭᠤᠯᠤᠭᠰᠠᠨ | ᠪᠠᠶᠢᠨ᠎ᠠ᠃ ᠭᠦᠸᠧ ᠰᠢᠶᠤᠤ ᠪᠢᠩ ᠨᠦᠬᠦᠷ ᠤᠨ ᠭᠡᠷᠭᠡᠢ ᠡᠾᠧ ᠰᠢᠶᠠ ᠮᠥᠨ ᠴᠦ ᠮᠠᠨ ᠤ ᠬᠤᠰᠢᠭᠤᠨ ᠤ | ᠳᠣᠳᠣᠭᠠᠳᠦ ᠶᠢ ᠬᠠᠮᠠᠭᠠᠯᠠᠬᠤ ᠲᠤᠪᠴᠢᠶᠠᠨ ᠤ ᠠᠷᠠᠳ ᠤᠨ ᠴᠠᠭᠳᠠᠭ᠎ᠠ ᠪᠣᠯᠬᠤ ᠶᠤᠮ᠂ ᠵᠢᠷᠮᠦᠰᠦᠯᠡᠭᠡᠳ 7 ᠰᠠᠷ᠎ᠠ | ᠬᠢᠷᠢᠲᠠᠢ ᠪᠣᠯᠣᠭᠰᠠᠨ ᠴᠦ ᠤᠯᠤᠰ ᠣᠷᠣᠨ ᠪᠣᠯᠣᠨ ᠵᠤᠬᠢᠶᠠᠨ ᠪᠠᠶᠢᠭᠤᠯᠤᠯᠲᠠ ᠶᠢᠨ ᠬᠡᠷᠡᠭᠴᠡᠭᠡ ᠪᠠᠷ ᠪᠦᠬᠦ ᠰᠡᠳᠬᠢᠯ | ᠪᠦᠬᠦ ᠬᠦᠴᠦᠨ ᠢᠶᠠᠷ ᠨᠢᠭᠡ ᠭᠡᠷ ᠤᠨ ᠬᠢᠨ ᠢᠶᠠᠨ ᠠᠰᠠᠷᠠᠨ ᠬᠠᠷᠠᠭᠠᠯᠵᠠᠬᠤ ᠶᠢᠨ ᠬᠠᠮᠲᠦ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠬᠤᠭᠤᠴᠠᠭᠠᠨ ᠳᠤ 1100 ᠭᠠᠷᠤᠢ ᠠᠶᠢᠯ ᠡᠷᠦᠬᠡ ᠪᠠᠷ ᠬᠦᠷᠴᠦ ᠦᠦᠰᠢᠨ ᠤ ᠠᠮᠤᠷ | ᠲᠠᠶᠢᠪᠤᠩ ᠢ ᠬᠠᠮᠠᠭᠠᠯᠠᠬᠤ ᠳᠤ ᠬᠦᠴᠦᠨ ᠢᠶᠠᠨ ᠡᠷᠬᠦᠵᠤ ᠮᠦᠨᠴᠦ ᠪᠢᠳᠠᠨ ᠤ ᠬᠦᠨᠳᠦᠳᠬᠡᠯ ᠢ ᠣᠯᠬᠤ ᠶᠤᠰᠤᠲᠠᠢ | ᠪᠠᠭᠠᠲᠤᠷ ᠪᠣᠯᠬᠤ ᠶᠤᠮ ᠭᠡᠪᠡ᠃ ᠵᠣᠣ ᠹᠸᠢ ᠯᠦ ᠵᠢᠭᠠᠬᠤ ᠳᠠᠭᠠᠨ᠂ ᠬᠤᠶᠢᠰᠢᠲᠠ ᠭᠦᠸᠧ ᠰᠢᠶᠤᠤ ᠪᠢᠩ ᠨᠥᠬᠦᠷ | ᠬᠢᠵᠢᠭ ᠲᠠᠢ ᠲᠡᠮᠡᠴᠡᠬᠦ ᠳᠠᠶᠢᠯᠠᠯᠳᠤᠭᠠᠨ ᠤ ᠳᠤᠮᠳᠠ ᠢᠯᠡᠷᠡᠭᠦᠯᠦᠭᠰᠡᠨ ᠰᠢᠯᠢᠳᠡᠭ ᠰᠠᠶᠢᠨ ᠵᠣᠷᠢᠭ ᠰᠠᠨᠠᠭ᠎ᠠ ᠣᠪᠣᠷ | ᠰᠤᠷᠲᠠᠯ ᠢᠶᠠᠨ ᠦᠷᠭᠦᠯᠵᠢᠯᠡᠨ ᠪᠠᠳᠠᠷᠠᠭᠤᠯᠵᠤ ᠠᠷᠠᠳ ᠲᠥᠮᠡᠨ ᠤ ᠠᠮᠢ ᠨᠠᠰᠤᠨ ᠤ ᠠᠮᠤᠷ ᠳᠥᠪᠰᠢᠨ ᠪᠣᠯᠣᠨ ᠪᠡᠶ᠎ᠡ | ᠮᠠᠬᠠᠪᠤᠳ ᠤᠨ ᠡᠷᠡᠭᠦᠯ ᠮᠡᠨᠳᠦ ᠶᠢᠨ ᠲᠥᠯᠦᠭᠡ ᠨᠡᠩ ᠶᠡᠭᠡ ᠬᠤᠪᠢ ᠨᠡᠮᠡᠷᠢ ᠪᠠᠨ ᠦᠵᠡᠭᠦᠯᠬᠦ ᠶᠢ ᠬᠦᠰᠡᠵᠤ ᠪᠠᠶᠢᠨ᠎ᠠ᠃ | ᠦᠷᠭᠡᠨ ᠣᠯᠠᠨ ᠡᠮ ᠡᠮᠨᠡᠯᠭᠡ ᠡᠷᠡᠭᠦᠯ ᠬᠠᠮᠠᠭᠠᠯᠠᠯ ᠤᠨ ᠠᠵᠢᠯᠲᠠᠨ ᠪᠣᠯᠣᠨ ᠡᠯ᠎ᠡ ᠠᠵᠢᠯ ᠤᠨ ᠹᠷᠤᠨᠲ ᠳᠡᠭᠡᠷ᠎ᠡ | ᠭᠠᠪᠰᠢᠭᠠᠶᠢᠯᠠᠵᠤ ᠪᠠᠶᠢᠭ᠎ᠠ ᠨᠥᠬᠦᠳ ᠲᠡᠷᠢᠭᠦᠨ ᠠᠴᠠ ᠰᠤᠷᠤᠯᠴᠠᠵᠤ ᠴᠠᠭ ᠥᠶ᠎ᠡ ᠶᠢᠨ ᠡᠭᠦᠷᠭᠡ ᠬᠠᠷᠢᠭᠤᠴᠠᠯᠭ᠎ᠠ ᠪᠠᠨ | ᠡᠭᠦᠷᠭᠡᠯᠡᠵᠤ ᠬᠦᠴᠢᠷᠳᠡᠯ ᠤᠨ ᠡᠮᠦᠨ᠎ᠡ ᠵᠣᠷᠢᠭ ᠮᠣᠬᠤᠬᠤ ᠦᠭᠡᠢ ᠵᠣᠷᠢᠭ ᠰᠠᠨᠠᠭ᠎ᠠ ᠪᠠᠨ ᠪᠠᠳᠠᠷᠠᠭᠤᠯᠤᠨ ᠠᠯᠢᠪᠠ | ᠬᠦᠴᠢᠷ ᠪᠡᠷᠭᠡᠰᠢᠶᠡᠯ ᠢ ᠡᠷᠡᠰ ᠲᠤᠭᠤᠯᠵᠤ ᠦᠪᠡᠷ ᠤᠨ ᠠᠵᠢᠯ ᠢᠶᠠᠨ ᠰᠠᠶᠢᠲᠤᠷ ᠬᠢᠵᠤ ᠪᠦᠬᠦ ᠬᠤᠰᠢᠭᠤᠨ ᠤ ᠠᠷᠠᠳ | ᠲᠥᠮᠡᠨ ᠳᠤ ᠬᠠᠮᠤᠭ ᠠᠴᠠ ᠬᠠᠨᠤᠮᠵᠢᠲᠠᠢ ᠦᠷ᠎ᠡ ᠪᠦᠲᠦᠮᠵᠢ ᠶᠢ ᠦᠵᠡᠬᠦᠯᠬᠦ ᠪᠠᠷ ᠴᠢᠷᠮᠠᠶᠢᠬᠤ ᠶᠢ ᠬᠦᠰᠡᠵᠤ ᠪᠠᠶᠢᠨ᠎ᠠ | ᠭᠡᠵᠡᠢ᠃ | | | | | | | | | | |