ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠵᠣᠣ ᠹᠸᠢ ᠯᠦ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠵᠡᠷᠭᠡ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2020-04-16
     4 ᠰᠠᠷ᠎ᠠ ᠶᠢᠨ 14 ᠤ ᠡᠳᠦᠷ᠂  ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠵᠤᠤ ᠹᠸᠢ ᠯᠦ ᠰᠦᠯᠳᠡ ᠰᠤᠮᠤᠨ ᠤ ᠲᠠᠯ᠎ᠠ ᠶᠢᠨ ᠤᠰᠤ ᠭᠠᠴᠠᠭ᠎ᠠ ᠪᠠ ᠭᠠᠯᠠᠭᠤᠲᠤ ᠪᠠᠯᠭᠠᠰᠤᠨ ᠤ ᠷᠠᠰᠢᠶᠠᠨ ᠲᠤᠬᠤᠢ ᠲᠣᠰᠬᠤᠨ ᠳᠤ ᠭᠦᠨᠵᠡᠭᠡᠶᠢᠷᠡᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠵᠡᠷᠭᠡ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ᠃
     ᠲᠠᠩᠰᠠ ᠪᠠᠶᠢᠭᠤᠯᠤᠨ ᠺᠠᠷᠲᠯᠠᠠᠰᠠᠨ ᠶᠠᠳᠠᠭᠤ ᠬᠦᠴᠢᠷᠳᠡᠯᠲᠡᠶ ᠡᠷᠦᠬᠡ ᠬᠠᠰᠳᠠᠯᠠᠢ ᠶᠢᠨ ᠬᠡᠷ ᠲᠤ ᠵᠣᠣ ᠹᠸᠢ ᠯᠦ ᠬᠠᠪᠰᠤᠷᠤᠨ ᠲᠡᠳᠬᠦᠬᠦ ᠠᠷᠭ᠎ᠠ ᠭᠡᠮᠵᠢᠶ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠶᠠᠳᠠᠭᠤ ᠬᠦᠴᠢᠷᠳᠡᠯᠲᠡᠶ ᠡᠷᠦᠬᠡ ᠲᠠᠢ ᠶᠠᠳᠠᠭᠤ ᠠᠴᠠ  ᠠᠩᠭᠢᠵᠢᠷᠠᠨ ᠪᠠᠶᠠᠵᠢᠬᠤ ᠲᠤᠬᠠᠶ ᠶᠠᠷᠢᠯᠴᠠᠪᠠ᠃ ᠵᠣᠣ ᠹᠸᠢ ᠯᠦ ᠵᠢᠭᠠᠵᠤ ᠭᠠᠷᠭᠠᠭᠰᠠᠨ ᠨᠢ᠂ ᠠᠵᠤ ᠦᠶᠯᠡᠰ ᠢᠶᠠᠷ ᠶᠠᠳᠠᠭᠤ ᠶᠢ ᠲᠡᠳᠬᠦᠬᠦ ᠵᠠᠩᠭᠢᠯᠠᠭ᠎ᠠ ᠶᠢ ᠴᠢᠩᠭ᠎ᠠ ᠠᠳᠬᠤᠨ ᠣᠲᠣ ᠪᠠᠶᠢᠭ᠎ᠠ ᠡᠬᠢ ᠪᠠᠶᠠᠯᠢᠭ ᠢᠶᠠᠨ ᠭᠦᠶᠴᠡᠳ ᠠᠰᠢᠭᠯᠠᠨ ᠶᠠᠳᠠᠭᠤ ᠬᠦᠴᠢᠷᠳᠡᠯᠲᠡᠶ ᠡᠷᠦᠬᠡ ᠶᠢᠨ ᠳᠠᠷᠢᠵᠤ ᠲᠠᠵᠢᠭᠡᠭᠦ ᠠᠵᠤ ᠦᠶᠯᠡᠰ ᠤᠨ ᠮᠡᠷᠭᠡᠵᠢᠯ ᠤᠨ ᠵᠢᠯᠣᠭᠤᠳᠣᠯᠭ᠎ᠠ ᠶᠢ ᠴᠢᠩᠭᠠᠳᠬᠠᠵᠤ ᠮᠠᠯ ᠲᠠᠷᠢᠶᠠᠯᠠᠩ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠨᠡᠮᠡᠯᠲᠡ ᠥᠷᠲᠡᠭ ᠢ ᠬᠤᠪᠢᠷᠠᠭᠤᠯᠤᠨ ᠶᠠᠳᠠᠭᠤ ᠬᠦᠴᠢᠷᠳᠡᠯᠲᠡᠶ ᠡᠷᠦᠬᠡ ᠶᠢᠨ ᠣᠷᠣᠯᠭ᠎ᠠ ᠶᠢ ᠳᠡᠭᠡᠭᠰᠢᠯᠡᠭᠦᠯᠬᠦ ᠬᠡᠷᠡᠭᠲᠡᠶ ᠭᠡᠵᠡᠢ᠃ ᠵᠤᠤ ᠹᠸᠢ ᠯᠦ ᠬᠠᠰᠳᠠᠯᠠᠢ ᠶᠢ ᠨᠠᠮ ᠤᠨ ᠰᠠᠶᠢᠨ ᠲᠦᠷᠦ ᠶᠢᠨ ᠪᠤᠳᠤᠯᠭ᠎ᠠ ᠪᠣᠯ ᠳᠠᠷᠤᠢ ᠠᠷᠠᠳ ᠢᠷᠭᠡᠳ ᠢ ᠰᠠᠶᠢᠨ ᠰᠠᠶᠢᠬᠠᠨ ᠠᠮᠢᠳᠤᠷᠠᠭᠤᠯᠬᠤ ᠶᠢᠨ ᠲᠥᠯᠥᠭᠡ ᠶᠤᠮ᠂ ᠶᠠᠳᠠᠭᠤ ᠠᠴᠠ ᠠᠩᠭᠢᠵᠢᠷᠠᠭᠤᠯᠬᠤ ᠪᠣᠯ ᠡᠴᠦᠰ ᠤᠨ ᠵᠣᠷᠢᠯᠭ᠎ᠠ ᠪᠢᠰᠢ᠂ ᠢᠲᠡᠭᠡᠯ ᠵᠣᠷᠢᠭ ᠢᠶᠠᠨ ᠪᠠᠲᠤᠳᠬᠠᠵᠤ ᠦᠷᠭᠦᠯᠵᠢᠯᠡᠨ ᠴᠢᠷᠮᠠᠶᠢᠵᠤ ᠠᠵᠢᠯᠴᠢ ᠬᠥᠳᠡᠯᠮᠦᠷᠢᠴᠢ ᠬᠤᠶᠠᠷ ᠭᠠᠷ ᠢᠶᠠᠷ ᠢᠶᠠᠨ ᠣᠷᠣᠯᠭ᠎ᠠ ᠪᠠᠨ ᠨᠡᠮᠡᠭᠳᠡᠭᠦᠯᠤᠨ ᠪᠠᠶᠠᠵᠢᠨ ᠴᠢᠨᠡᠭᠡᠯᠢᠭᠵᠢᠭᠦ ᠶᠢ ᠵᠤᠷᠢᠭᠵᠢᠭᠤᠯᠵᠠᠢ᠃
     ᠲᠠᠯ᠎ᠠ ᠶᠢᠨ ᠤᠰᠤ ᠭᠠᠴᠠᠭ᠎ᠠ ᠳᠤ ᠵᠣᠣ ᠹᠸᠢ ᠯᠦ ᠰᠤᠮᠤ ᠭᠠᠴᠠᠭᠠᠨ ᠤ ᠺᠠᠳ᠋ᠷ ᠵᠢᠴᠢ ᠭᠠᠴᠠᠭᠠᠨ ᠳᠤ ᠰᠠᠭᠤᠭ᠎ᠠ ᠬᠠᠪᠰᠤᠷᠤᠨ ᠲᠡᠳᠬᠦᠬᠦ ᠠᠩᠭᠢ ᠶᠢᠨ ᠭᠡᠰᠢᠭᠦᠳ ᠲᠠᠢ ᠰᠠᠨᠠᠯ ᠢᠶᠠᠨ ᠰᠤᠯᠢᠯᠴᠠᠨ ᠲᠠᠩᠰᠠ ᠡᠪᠬᠡᠮᠡᠯ ᠢ ᠤᠷᠪᠠᠭᠤᠯᠤᠨ ᠦᠵᠡᠵᠦ ᠭᠠᠴᠠᠭ᠎ᠠ ᠲᠣᠰᠬᠤᠨ ᠤ ᠺᠠᠳ᠋ᠷ ᠪᠣᠯᠤᠨ ᠭᠠᠴᠠᠭᠠᠨ ᠳᠤ ᠰᠠᠭᠤᠭ᠎ᠠ ᠬᠠᠪᠰᠤᠷᠤᠨ ᠲᠡᠳᠬᠦᠬᠦ ᠠᠵᠢᠯ ᠤᠨ ᠠᠩᠭᠢ ᠶᠢ ᠲᠥᠷᠥ ᠶᠢᠨ ᠪᠣᠳᠣᠯᠭ᠎ᠠ ᠶᠢᠨ ᠰᠤᠷᠤᠯᠴᠠᠯᠭ᠎ᠠ ᠪᠠᠨ ᠭᠦᠨᠵᠡᠭᠡᠶᠢᠷᠡᠭᠦᠯᠵᠦ ᠲᠣᠪᠣᠶᠢᠮ᠎ᠠ ᠠᠰᠠᠭᠤᠳᠠᠯ ᠪᠠ ᠪᠠᠭᠤᠷᠠᠶ ᠭᠤᠭᠴᠤᠭ᠎ᠠ ᠶᠢ ᠲᠤᠪᠤᠶᠢᠯᠭᠠᠨ ᠲᠤᠳᠠᠭᠳᠠᠯ ᠢ ᠨᠥᠬᠦᠪᠥᠷᠢᠯᠡᠵᠦ ᠶᠠᠳᠠᠭᠤ ᠶᠢ ᠲᠡᠳᠬᠦᠬᠦ ᠡᠯ᠎ᠡ ᠵᠦᠶᠯ ᠤᠨ ᠠᠷᠭ᠎ᠠ ᠬᠡᠮᠵᠢᠶ᠎ᠡ ᠶᠢ ᠪᠤᠳᠠᠳᠠᠶᠢᠵᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃
     ᠷᠠᠰᠢᠶᠠᠨ ᠲᠤᠬᠤᠢ ᠲᠣᠰᠬᠤᠨ ᠳᠤ ᠵᠤᠤ ᠹᠸᠢ ᠯᠦ ᠪᠠᠯᠭᠠᠰᠤ᠂ ᠲᠣᠰᠬᠤᠨ ᠤ ᠺᠠᠳ᠋ᠷ ᠲᠠᠢ ᠰᠠᠨᠠᠯ ᠢᠶᠠᠨ ᠰᠣᠯᠢᠯᠴᠠᠵᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ᠂ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠠᠵᠢᠯ ᠤᠨ ᠪᠠᠶᠢᠳᠠᠯ ᠢ ᠰᠣᠨᠣᠰᠪᠠ᠃ ᠵᠣᠣ ᠹᠸᠢ ᠯᠦ ᠴᠢᠬᠤᠯᠠᠴᠢᠯᠠᠭᠰᠠᠨ ᠨᠢ᠂ ᠠᠵᠤ ᠦᠶᠯᠡᠰ  ᠢ ᠬᠥᠭᠵᠢᠭᠦᠯᠦᠨ ᠮᠠᠨᠳᠤᠭᠤᠯᠬᠤ ᠪᠣᠯ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠰᠠᠭᠤᠷᠢ ᠮᠥᠨ᠂ ᠳᠠᠭᠠᠭᠤᠯᠤᠭᠴᠢ ᠠᠵᠤ ᠠᠬᠤᠶᠢᠯᠠᠯ ᠬᠤᠷᠰᠢᠶᠠᠵᠢᠯ ᠤᠨ ᠳᠠᠶᠢᠴᠢᠯᠠᠬᠤ ᠦᠶᠯᠡᠳᠦᠯ ᠢ ᠭᠦᠶᠴᠡᠳ ᠪᠠᠳᠠᠷᠠᠭᠤᠯᠵᠤ ᠮᠠᠯᠴᠢᠨ ᠲᠠᠷᠢᠶᠠᠴᠢᠨ ᠪᠣᠯᠤᠨ ᠶᠠᠳᠠᠭᠤ ᠬᠦᠴᠢᠷᠳᠡᠯᠲᠡᠶ ᠡᠷᠦᠬᠡ ᠶᠢ ᠤᠷᠤᠯᠭ᠎ᠠ ᠪᠠᠨ ᠨᠡᠮᠡᠭᠳᠡᠭᠦᠯᠭᠦ ᠶᠢ ᠲᠠᠶᠢᠴᠢᠯᠠᠨ ᠪᠦᠬᠦ ᠠᠷᠠᠳ ᠤᠨ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠬᠠᠮᠲᠤ ᠪᠠᠷ ᠪᠦᠲᠦᠭᠡᠨ ᠪᠠᠶᠢᠭᠤᠯᠬᠤ ᠶᠢ ᠬᠥᠲᠥᠯᠥᠨ ᠵᠢᠯᠤᠭᠤᠳᠬᠤ ᠬᠡᠷᠡᠭᠲᠡᠢ᠃ ᠴᠢᠨᠠᠷ ᠰᠠᠶᠢᠲᠠᠶ ᠵᠤᠭᠠᠴᠠᠯ ᠤᠨ ᠡᠬᠢ ᠪᠠᠶᠠᠯᠢᠭ ᠢ ᠭᠦᠶᠴᠡᠳ ᠠᠰᠢᠭᠯᠠᠨ ᠬᠥᠳᠡᠭᠡ ᠲᠣᠰᠬᠤᠨ ᠤ ᠣᠨᠴᠠᠯᠢᠭᠲᠤ ᠵᠢᠭᠤᠯᠴᠢᠯᠠᠯ ᠢ ᠭᠥᠭᠵᠢᠭᠦᠯᠭᠦ ᠬᠡᠷᠡᠭᠲᠡᠶ ᠭᠡᠵᠡᠢ᠃      ᠵᠣᠣ ᠹᠸᠢ ᠯᠦ ᠪᠠᠰᠠ ᠪᠥᠭᠦ ᠠᠷᠠᠳ ᠤᠨ ᠪᠠᠶ᠎ᠠ ᠴᠢᠭᠢᠷᠠᠭᠵᠢᠭᠤᠯᠬᠤ ᠭᠥᠳᠡᠯᠭᠡᠭᠡᠨ ᠤ ᠲᠥᠪ ᠤᠨ ᠡᠷᠬᠢᠨ ᠲᠣᠭᠤᠷᠢᠨ ᠤ ᠥᠭᠡᠷᠡᠴᠢᠯᠡᠯᠲᠡ ᠵᠡᠷᠭᠡ ᠠᠵᠢᠯ ᠳᠤ ᠪᠠᠶᠢᠴᠠᠭᠠᠨ ᠰᠤᠳᠤᠯᠤᠯᠲᠠ ᠬᠢᠵᠦ ᠵᠢᠭᠠᠨ ᠵᠢᠯᠣᠭᠤᠳᠪᠠ᠃      ᠬᠤᠰᠢᠭᠤ ᠤᠳᠤᠷᠢᠳᠤᠯᠭ᠎ᠠ ᠯᠢᠨ ᠶᠦᠩ ᠭᠠᠩ᠂ ᠵᠧᠦ ᠱᠤᠸᠠᠢ᠂ ᠪᠠᠶᠠᠨᠴᠡᠩᠭᠡᠯ ᠪᠠᠶᠢᠴᠠᠭᠠᠨ ᠰᠤᠳᠤᠯᠤᠯᠲᠠ  ᠳᠤ ᠤᠷᠤᠯᠴᠠᠪᠠ᠃    
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号