4 ᠰᠠᠷ᠎ᠠ ᠶᠢᠨ 14 ᠤ ᠡᠳᠦᠷ᠂ ᠤᠯᠤᠰ ᠤᠨ ᠵᠠᠮ ᠤᠨ 242 ᠱᠤᠭᠤᠮ ᠤᠨ ᠭᠠᠯᠠᠭᠤᠲᠤ ᠠᠴᠠ ᠪᠤᠯᠠᠭ ᠤᠨ | ᠭᠤᠤᠯ ᠭᠥᠷᠭᠦ ᠵᠠᠰᠠᠮᠠᠯ ᠵᠠᠮ ᠤᠨ ᠪᠠᠷᠢᠯᠭ᠎ᠠ ᠶᠢᠨ ᠲᠥᠷᠥᠯ ᠵᠦᠶᠯ ᠤᠨ ᠠᠵᠢᠯ ᠡᠭᠢᠯᠠᠭᠦ ᠳᠠᠶᠢᠴᠢᠯᠠᠯᠲᠠ ᠶᠢᠨ ᠶᠡᠭᠡ | ᠬᠤᠷᠠᠯ ᠬᠤᠷᠠᠯᠳᠤᠪᠠ᠃ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠵᠣᠣ ᠹᠸᠢ ᠯᠦ᠂ | ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶᠠᠨ ᠤ ᠬᠠᠷᠢᠭᠤᠴᠠᠯᠭᠠᠲᠠᠨ ᠬᠤᠷᠠᠯ ᠳᠤ ᠣᠷᠣᠯᠴᠠᠵᠤ | ᠬᠤᠰᠢᠭᠤ ᠳᠡᠳ᠋ ᠳᠠᠷᠤᠭ᠎ᠠ ᠵᠧᠦ ᠱᠤᠸᠠᠢ ᠬᠤᠷᠠᠯ ᠢ ᠡᠷᠭᠢᠯᠡᠪᠡ᠃ ᠡᠯ᠎ᠡ ᠬᠠᠮᠢᠶ᠎ᠠ ᠪᠦᠬᠦᠢ ᠰᠤᠮᠤ ᠪᠠᠯᠭᠠᠰᠤ᠂ | ᠬᠤᠰᠢᠭᠤ ᠰᠢᠭᠤᠳ ᠬᠠᠷᠢᠶ᠎ᠠ ᠬᠤᠯᠪᠤᠭᠳᠠᠯ ᠪᠦᠬᠦᠢ ᠰᠠᠯᠠᠭ᠎ᠠ ᠮᠦᠴᠢᠷ᠂ ᠬᠢᠨᠠᠨ ᠬᠠᠮᠢᠶᠠᠷᠬᠤ ᠨᠢᠭᠡᠴᠢ ᠶᠢᠨ | ᠬᠠᠷᠢᠭᠤᠴᠠᠯᠭᠠᠲᠠᠨ ᠬᠤᠷᠠᠯ ᠳᠤ ᠤᠷᠤᠯᠴᠠᠪᠠ᠃ | | | | | | | ᠬᠤᠷᠠᠯ ᠳᠡᠭᠡᠷ᠎ᠡ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠤᠪᠴᠢᠶᠠᠨ ᠤ ᠬᠠᠷᠢᠭᠤᠴᠠᠯᠭᠠᠲᠠᠨ | ᠳᠠᠶᠢᠴᠢᠯᠠᠯᠲᠠ ᠶᠢᠨ ᠶᠠᠷᠢᠶ᠎ᠠ ᠲᠠᠯᠪᠢᠭᠰᠠᠨ ᠪᠥᠭᠡᠳ ᠲᠥᠷᠥᠯ ᠵᠦᠶᠯ ᠤᠨ ᠠᠬᠢᠴᠠ ᠳᠤ ᠲᠣᠬᠢᠷᠠᠭᠤᠯᠤᠯᠲᠠ | ᠪᠠᠶᠢᠷᠢᠯᠠᠭᠤᠯᠤᠯᠲᠠ ᠬᠢᠵᠦ ᠬᠢᠨᠠᠨ ᠬᠠᠮᠢᠶᠠᠷᠬᠤ ᠲᠥᠯᠥᠭᠡᠯᠡᠭᠴᠢ᠂ ᠪᠠᠷᠢᠯᠭ᠎ᠠ ᠪᠠᠷᠢᠬᠤ ᠨᠢᠭᠡᠴᠢ ᠶᠢᠨ ᠲᠥᠯᠥᠭᠡᠯᠡᠭᠴᠢ | ᠲᠣᠰ ᠲᠣᠰ ᠣᠪᠣᠷ ᠢᠶᠠᠨ ᠢᠯᠡᠳᠬᠡᠬᠦ ᠦᠭᠡ ᠶᠠᠷᠢᠪᠠ᠃ | | | | | | | ᠵᠤᠤ ᠹᠸᠢ ᠯᠦ ᠶᠠᠷᠢᠶᠠᠨ ᠳᠠᠭᠠᠨ ᠵᠢᠭᠠᠬᠤ ᠳᠤ ᠪᠠᠨ᠂ ᠤᠯᠤᠰ ᠤᠨ ᠵᠠᠮ ᠤᠨ 242 ᠱᠤᠭᠤᠮ ᠤᠨ | ᠭᠠᠯᠠᠭᠤᠲᠤ ᠠᠴᠠ ᠪᠤᠯᠠᠭ ᠤᠨ ᠭᠤᠣᠯ ᠬᠦᠷᠬᠦ ᠬᠡᠰᠡᠭ ᠤᠨ ᠵᠠᠰᠠᠮᠠᠯ ᠵᠠᠮ ᠪᠣᠯ ᠤᠯᠤᠰ ᠤᠨ ᠰᠢᠨ᠎ᠡ ᠨᠢᠭᠡ ᠡᠭᠡᠯᠵᠢ | ᠶᠢᠨ ᠪᠠᠷᠠᠭᠤᠨ ᠣᠷᠣᠨ ᠢ ᠶᠡᠬᠡᠪᠡᠷ ᠨᠡᠭᠡᠭᠡᠨ ᠬᠥᠭᠵᠢᠭᠦᠯᠬᠦ ᠵᠢᠴᠢ ︽ᠨᠢᠭᠡ ᠪᠦᠰᠡ ᠨᠢᠭᠡ ᠵᠠᠮ︾ ᠤᠨ ᠪᠠᠶᠢᠯᠳᠤᠬᠤ | ᠪᠤᠳᠤᠯᠭ᠎ᠠ ᠶᠢᠨ ᠪᠠᠶᠢᠷᠢᠯᠠᠭᠤᠯᠤᠯᠲᠠ ᠶᠢᠨ ᠴᠢᠬᠤᠯᠠ ᠰᠠᠭᠤᠷᠢ ᠲᠥᠭᠦᠭᠡᠷᠤᠮᠵᠢ ᠪᠣᠯᠤᠨ᠎ᠠ᠃ ᠲᠥᠷᠥᠯ ᠵᠦᠶᠯ ᠤᠨ | ᠪᠠᠶᠢᠭᠤᠯᠤᠯᠲᠠ ᠨᠢ ᠮᠠᠨ ᠤ ᠬᠤᠰᠢᠭᠤᠨ ᠤ ᠠᠷᠠᠯᠵᠢᠶᠠᠴᠢᠨ ᠤᠷᠢᠵᠤ ᠪᠠᠯᠠ ᠣᠷᠣᠭᠤᠯᠬᠤ᠂ ᠲᠠᠷᠢᠶᠠᠯᠠᠩ ᠠᠷᠠᠯᠵᠢᠶᠠᠨ | ᠤ ᠡᠳ᠋ ᠪᠣᠳᠠᠰ ᠤᠨ ᠡᠷᠭᠢᠯᠲᠡ᠂ ᠬᠢᠮᠢ ᠶᠢᠨ ᠠᠵᠤ ᠦᠶᠯᠡᠳᠪᠦᠷᠢ ᠶᠢᠨ ᠪᠦᠲᠦᠭᠡᠭᠳᠡᠬᠦᠨ ᠢ ᠲᠤᠳᠤᠷ᠎ᠠ ᠪᠠᠨ | ᠵᠥᠭᠡᠭᠡᠪᠦᠷᠢᠯᠡᠨ ᠭᠠᠳᠠᠭᠰᠢ ᠳᠠᠮᠵᠢᠭᠤᠯᠬᠤ᠂ ᠠᠵᠤ ᠠᠬᠤᠢ ᠨᠡᠶᠢᠭᠡᠮ ᠢ ᠭᠥᠭᠵᠢᠭᠦᠯᠭᠦ ᠳᠤ ᠰᠠᠶᠢᠨ ᠰᠠᠶᠢᠬᠠᠨ ᠠᠵᠤ | ᠠᠬᠤᠶ ᠶᠢᠨ ᠦᠷ᠎ᠡ ᠠᠰᠢᠭ ᠪᠠ ᠨᠡᠶᠢᠭᠡᠮ ᠤᠨ ᠦᠷ᠎ᠡ ᠠᠰᠢᠭ ᠠᠪᠴᠢᠷᠠᠬᠤ ᠪᠣᠯᠤᠨ᠎ᠠ᠃ ᠵᠠᠮ ᠳᠠᠭᠠᠤ ᠶᠢᠨ ᠡᠯ᠎ᠡ | ᠰᠤᠮᠤ ᠪᠠᠯᠭᠠᠰᠤ ᠪᠣᠯᠤᠨ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠪᠦᠲᠦᠭᠡᠨ ᠪᠠᠶᠢᠭᠤᠯᠤᠯᠳᠠ ᠳᠤ ᠣᠷᠣᠯᠴᠠᠭᠰᠠᠨ | ᠨᠢᠭᠡᠴᠢ᠂ ᠲᠥᠷᠥᠯ ᠵᠦᠶᠯ ᠤᠨ ᠪᠦᠲᠦᠭᠡᠨ ᠪᠠᠶᠢᠭᠤᠯᠤᠯᠲᠠ ᠶᠢᠨ ᠴᠢᠬᠤᠯᠠ ᠴᠢᠨᠠᠷ ᠢ ᠭᠦᠶᠴᠡᠳ ᠲᠠᠨᠢᠵᠤ ᠲᠡᠭᠡᠳᠤ | ᠭᠡᠮᠵᠢᠶᠠᠨ ᠤ ᠬᠠᠷᠢᠭᠤᠴᠠᠬᠤ ᠣᠪᠣᠷ᠂ ᠴᠢᠩᠭ᠎ᠠ ᠪᠠᠷᠢᠮᠵᠢᠶ᠎ᠠ ᠪᠠᠷ ᠪᠦᠲᠦᠭᠡᠨ ᠪᠠᠶᠢᠭᠤᠯᠤᠯᠲᠠ ᠭᠢᠭᠦ ᠬᠡᠷᠡᠭᠲᠡᠶ ᠭᠡᠵᠡᠢ᠃ | ᠵᠣᠣ ᠹᠸᠢ ᠯᠦ ᠴᠢᠬᠤᠯᠠᠴᠢᠯᠠᠭᠰᠠᠨ ᠨᠢ᠂ ᠲᠥᠷᠥᠯ ᠵᠦᠶᠯ ᠤᠨ ᠥᠮᠴᠢᠲᠡᠨ ᠤ ᠨᠢᠭᠡᠴᠢ ᠪᠠᠷᠢᠯᠭ᠎ᠠ ᠶᠢᠨ ᠠᠵᠢᠯ | ᠢ ᠨᠠᠷᠢᠨ ᠨᠢᠮᠪᠠᠶ ᠵᠣᠬᠢᠶᠠᠨ ᠪᠠᠶᠢᠭᠤᠯᠵᠤ ᠪᠠᠷᠢᠯᠭ᠎ᠠ ᠶᠢᠨ ᠬᠤᠭᠤᠴᠠᠭᠠᠨ ᠳᠠᠬᠢ ᠠᠮᠤᠷ ᠲᠦᠪᠰᠢᠨ ᠤ ᠠᠵᠢᠯ ᠪᠠ | ᠣᠷᠴᠢᠨ ᠲᠣᠭᠤᠷᠢᠨ ᠤ ᠬᠠᠮᠢᠶᠠᠷᠤᠯᠲᠠ ᠶᠢ ᠰᠠᠶᠢᠲᠤᠷ ᠠᠳᠬᠤᠵᠤ ᠪᠠᠷᠢᠯᠭ᠎ᠠ ᠶᠢᠨ ᠡᠮᠬᠢ ᠵᠢᠷᠤᠮ ᠲᠠᠢ ᠥᠨᠳᠥᠷ | ᠪᠦᠲᠦᠮᠵᠢᠲᠡᠶ ᠶᠠᠪᠤᠭᠳᠠᠬᠤ ᠶᠢ ᠪᠠᠲᠤᠯᠠᠬᠤ ᠬᠡᠷᠡᠭᠲᠡᠶ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠰᠤᠮᠤ | ᠪᠠᠯᠭᠠᠰᠤ ᠲᠠᠨᠢᠯᠲᠠ ᠪᠠᠨ ᠳᠡᠭᠡᠭᠰᠢᠯᠡᠭᠦᠯᠦᠨ ᠬᠠᠷᠢᠭᠤᠴᠠᠯᠭ᠎ᠠ ᠪᠠᠨ ᠴᠢᠩᠭᠠᠳᠬᠠᠵᠤ ᠬᠦᠴᠦ ᠪᠠᠨ ᠬᠠᠮᠲᠤᠳᠬᠠᠨ | ᠬᠠᠮᠵᠢᠯᠴᠠᠵᠤ ᠲᠥᠷᠥᠯ ᠵᠦᠶᠯ ᠤᠨ ᠪᠦᠲᠦᠭᠡᠨ ᠪᠠᠶᠢᠭᠤᠯᠤᠯᠲᠠ ᠳᠤ ᠰᠠᠶᠢᠲᠤᠷ ᠦᠶᠯᠡᠴᠢᠯᠡᠬᠦ ᠬᠡᠷᠡᠭᠲᠡᠶ ᠭᠡᠵᠡᠢ᠃ | | | | | | | ᠤᠶᠢᠯᠠᠭᠠᠭᠰᠠᠨ ᠢᠶᠠᠷ᠂ ᠭᠠᠯᠠᠭᠤᠲᠤ ᠠᠴᠠ ᠪᠤᠯᠠᠭ ᠤᠨ ᠭᠤᠤᠯ ᠬᠦᠷᠬᠦ ᠬᠡᠰᠡᠭ ᠤᠨ ᠵᠠᠰᠠᠮᠠᠯ ᠵᠠᠮ ᠪᠣᠯ ᠤᠯᠤᠰ | ᠤᠨ ᠵᠠᠮ ᠤᠨ 242 ᠱᠤᠭᠤᠮ ᠤᠨ ᠭᠠᠭᠴᠠᠮᠤᠳᠤ ᠠᠴᠠ ᠴᠢᠨᠵᠧᠦ ᠬᠦᠷᠬᠦ ᠵᠠᠰᠠᠮᠠᠯ ᠵᠠᠮ ᠤᠨ ᠨᠢᠭᠡ ᠬᠡᠰᠡᠭ ᠪᠠᠶᠢᠵᠤ | ᠲᠥᠷᠥᠯ ᠵᠦᠶᠯ ᠤᠨ ᠪᠦᠬᠦ ᠤᠷᠲᠤ ᠨᠢ 29.6 ᠺᠢᠯᠣᠮᠧᠲᠷ᠂ ᠭᠤᠤᠯ ᠱᠤᠭᠤᠮ ᠢ ᠬᠤᠶᠠᠳᠤᠭᠠᠷ ᠳᠡᠰ ᠤᠨ ᠵᠠᠰᠠᠮᠠᠯ | ᠵᠠᠮ ᠤᠨ ᠪᠠᠷᠢᠮᠵᠢᠶ᠎ᠠ ᠪᠠᠷ ᠲᠥᠯᠥᠪᠯᠡᠵᠦ ᠲᠥᠯᠥᠪᠯᠡᠭᠰᠡᠨ ᠬᠤᠷᠳᠤᠴᠠ ᠨᠢ ᠴᠠᠭ ᠪᠦᠷᠢ 80 ᠺᠢᠯᠣᠮᠧᠲᠷ ᠪᠣᠯᠤᠨ᠎ᠠ᠃ |