ᠰᠢ ᠶᠢᠨ ᠫᠢᠩ ᠹᠢᠨᠯᠠᠨᠳ᠋ ᠤᠨ ᠶᠡᠷᠦᠩᠭᠡᠶᠢᠯᠡᠭᠴᠢ ᠨᠢᠨᠢᠰᠲ᠋ᠦ᠋ᠸᠧ ᠲᠠᠢ ᠤᠳᠠᠰᠤ ᠪᠠᠷ ᠶᠠᠷᠢᠯᠴᠠᠪᠠ
ᠨᠡᠶᠢᠲᠡᠯᠡᠭᠰᠡᠨ ᠴᠠᠭ᠄
2020-04-16
     ᠰᠢᠨᠬᠤᠸᠠ ᠬᠤᠷᠢᠶᠠᠨ ᠤ ᠪᠡᠭᠡᠵᠢᠩ ᠤᠨ 4 ᠰᠠᠷ᠎ᠠ ᠶᠢᠨ 14 ᠤ ᠴᠠᠬᠢᠯᠭᠠᠨ ᠮᠡᠳᠡᠭᠡ ᠤᠯᠤᠰ ᠤᠨ ᠲᠡᠷᠢᠬᠦᠯᠡᠭᠴᠢ ᠰᠢ ᠶᠢᠨ ᠫᠢᠩ 14 ᠤ ᠤᠷᠤᠢ ᠹᠢᠨᠯᠠᠨᠳ᠋ ᠤᠨ ᠶᠡᠷᠦᠩᠭᠡᠶᠢᠯᠡᠭᠴᠢ ᠨᠢᠨᠢᠰᠲ᠋ᠦ᠋ᠸᠧ ᠲᠠᠢ ᠤᠳᠠᠰᠤ ᠪᠠᠷ ᠶᠠᠷᠢᠯᠴᠠᠪᠠ᠃      ᠰᠢ ᠶᠢᠨ ᠫᠢᠩ ᠳᠤᠮᠳᠠᠳᠤ ᠤᠯᠤᠰ ᠤᠨ ᠵᠠᠰᠠᠭ ᠤᠨ ᠤᠷᠳᠤᠨ ᠪᠠ ᠳᠤᠮᠳᠠᠳᠤ ᠤᠯᠤᠰ ᠤᠨ ᠠᠷᠠᠳ ᠲᠦᠮᠡᠨ ᠤ ᠡᠮᠦᠨ᠎ᠠ ᠠᠴᠠ ᠹᠢᠨᠯᠠᠨᠳ᠋ ᠤᠨ ᠵᠠᠰᠠᠭ ᠤᠨ ᠤᠷᠳᠤᠨ ᠪᠠ ᠹᠢᠨᠯᠠᠨᠳ᠋ ᠤᠨ ᠠᠷᠠᠳ ᠲᠦᠮᠡᠨ ᠤ ᠰᠢᠨ᠎ᠠ ᠳᠢᠳᠢᠮᠯᠢᠭ ᠠᠭᠤᠰᠬᠢᠨ ᠦᠷᠪᠢᠰᠤᠯ ᠤᠨ ᠬᠢᠵᠢᠭ ᠤᠨ ᠪᠠᠶᠢᠳᠠᠯ ᠲᠠᠢ ᠲᠡᠮᠡᠴᠡᠵᠦ ᠪᠠᠶᠢᠭ᠎ᠠ ᠶᠢ ᠴᠢᠩ ᠰᠡᠳᠬᠢᠯ ᠠᠴᠠ ᠪᠠᠨ ᠲᠤᠬᠤᠨᠢᠭᠤᠯᠵᠦ ᠪᠠᠶᠢᠬᠤ ᠶᠢᠨ ᠬᠠᠮᠳᠦ ᠡᠷᠡᠰ ᠢᠶᠠᠷ ᠳᠡᠮᠵᠢᠵᠦ ᠪᠠᠶᠢᠬᠤ ᠪᠠᠨ ᠢᠯᠡᠳᠭᠡᠪᠡ᠃ ᠰᠢ ᠶᠢᠨ ᠫᠢᠩ᠂ ᠬᠦᠮᠦᠨ ᠲᠦᠷᠦᠯᠬᠢᠳᠡᠨ ᠪᠤᠯ ᠵᠢᠷᠭᠠᠯ ᠵᠤᠪᠠᠯᠠᠩ ᠢᠶᠠᠨ ᠬᠠᠮᠳᠤᠳᠬᠠᠬᠤ ᠬᠤᠪᠢ ᠵᠠᠶᠠᠭᠠᠨ ᠤ ᠬᠠᠮᠳᠦ ᠶᠢᠨ ᠴᠤᠬᠴᠠ ᠮᠦᠨ᠃ ᠳᠡᠯᠡᠭᠡᠢ ᠨᠡᠶᠢᠭᠡᠮ ᠢᠶᠠᠷ ᠢᠶᠠᠨ ᠭᠠᠭᠴᠠ ᠬᠦ ᠬᠠᠮᠳᠤᠷᠠᠯ ᠬᠦᠴᠦ ᠶᠢ ᠨᠢᠬᠳᠠᠷᠠᠭᠤᠯᠪᠠᠯ ᠰᠠᠶᠢ ᠴᠠᠭ ᠤᠨ ᠪᠡᠷᠬᠡ ᠶᠢ ᠬᠠᠮᠳᠤ ᠪᠠᠷ ᠲᠤᠭᠤᠯᠵᠦ᠂ ᠬᠢᠵᠢᠭ ᠤᠨ ᠪᠠᠶᠢᠳᠠᠯ ᠢ ᠢᠯᠠᠨ ᠳᠠᠪᠠᠵᠦ ᠴᠢᠳᠠᠨ᠎ᠠ᠃ ᠳᠤᠮᠳᠠᠳᠤ ᠶᠢᠨ ᠲᠠᠯ᠎ᠠ ᠳᠤᠷᠠᠳᠠᠶ᠎ᠠ ᠡᠯ᠎ᠠ ᠤᠯᠤᠰ ᠲᠠᠢ ᠬᠠᠮᠳᠤ ᠪᠠᠷ ᠪᠦᠬᠦ ᠪᠦᠮᠪᠦᠷᠴᠡᠭ ᠤᠨ ᠤᠯᠠᠨ ᠨᠡᠶᠢᠳᠡ ᠶᠢᠨ ᠡᠷᠡᠬᠦᠯ ᠬᠠᠮᠠᠭᠠᠯᠠᠯ ᠤᠨ ᠦᠢᠯᠡᠰ ᠤᠨ ᠬᠦᠭᠵᠢᠯᠳᠠ ᠶᠢ ᠠᠬᠢᠭᠤᠯᠤᠨ᠎ᠠ᠃ ᠪᠢᠳᠠ ᠡᠮᠴᠢᠯᠡᠭᠡᠨ ᠤ ᠬᠢᠵᠢᠭ ᠢ ᠰᠡᠷᠭᠡᠶᠢᠯᠡᠬᠦ ᠡᠳ᠋ ᠪᠤᠳᠠᠰ ᠢ ᠦᠢᠯᠡᠳᠪᠤᠷᠢᠯᠡᠬᠦ ᠴᠢᠳᠠᠪᠤᠷᠢ ᠪᠠᠨ ᠤᠷᠢᠳ ᠢᠶᠠᠷ ᠰᠡᠷᠬᠦᠭᠡᠬᠦ ᠶᠢᠨ ᠬᠠᠮᠳᠦ ᠳᠡᠭᠡᠭᠰᠢᠯᠡᠬᠦᠯᠵᠦ᠂ ᠪᠦᠬᠦ ᠪᠦᠮᠪᠦᠷᠴᠡᠭ ᠤᠨ ᠠᠵᠤ ᠦᠢᠯᠡᠰ ᠤᠨ ᠭᠡᠯᠬᠢᠶ᠎ᠠ ᠬᠠᠩᠭᠠᠯᠭ᠎ᠠ ᠶᠢᠨ ᠭᠡᠯᠬᠢᠶ᠎ᠠ ᠶᠢᠨ ᠲᠤᠭᠳᠠᠪᠤᠷᠢᠵᠢᠯ ᠢ ᠬᠠᠮᠠᠭᠠᠯᠠᠨ᠂ ᠤᠯᠠᠨ ᠤᠯᠤᠰ ᠤᠨ ᠬᠢᠵᠢᠭ ᠲᠠᠢ ᠲᠡᠮᠡᠴᠡᠬᠦ ᠬᠠᠮᠳᠤᠷᠠᠯᠴᠠᠭ᠎ᠠ ᠪᠠ ᠳᠡᠯᠡᠭᠡᠢ ᠶᠢᠨ ᠠᠵᠤ ᠠᠬᠤᠢ ᠶᠢ ᠲᠤᠬᠳᠠᠭᠤᠨ ᠪᠠᠶᠢᠯᠭᠠᠬᠤ ᠳᠤ ᠬᠤᠪᠢ ᠨᠡᠮᠡᠷᠢ ᠦᠵᠡᠬᠦᠯᠦᠨ᠎ᠠ ᠭᠡᠵᠦ ᠵᠢᠭᠠᠵᠦ ᠭᠠᠷᠭᠠᠪᠠ᠃      ᠰᠢ ᠶᠢᠨ ᠫᠢᠩ᠂ ᠲᠦᠷᠦᠬᠦᠭᠡᠨ᠂ ᠳᠤᠮᠳᠠᠳᠤ ᠶᠢᠨ ᠲᠠᠯ᠎ᠠ ᠠᠴᠠ ᠹᠢᠨᠯᠠᠨᠳ᠋ ᠢ ᠪᠠᠭᠳᠠᠭᠠᠭᠰᠠᠨ ᠡᠸᠦ᠋ᠷᠦᠫᠠ ᠲᠢᠪ ᠤᠨ ᠤᠯᠤᠰ ᠤᠳ ᠯᠤᠭ᠎ᠠ ᠬᠢᠵᠢᠭ ᠢ ᠰᠡᠷᠭᠡᠶᠢᠯᠡᠬᠦ ᠠᠵᠢᠯ ᠤᠨ ᠸᠢᠳᠢᠣ᠋ ᠬᠤᠷᠠᠯ ᠬᠤᠷᠠᠯᠳᠤᠭᠤᠯᠪᠠ᠃ ᠳᠤᠮᠳᠠᠳᠤ ᠶᠢᠨ ᠲᠠᠯ᠎ᠠ ᠳᠤᠷᠠᠳᠠᠶ᠎ᠠ ᠹᠢᠨᠯᠠᠨᠳ᠋ ᠤᠨ ᠲᠠᠯ᠎ᠠ ᠲᠠᠢ ᠦᠷᠬᠦᠯᠵᠢᠯᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠷᠰᠢᠯᠭ᠎ᠠ ᠪᠠᠨ ᠰᠤᠯᠢᠯᠴᠠᠵᠦ᠂ ᠹᠢᠨᠯᠠᠨᠳ᠋ ᠤᠨ ᠬᠢᠨ ᠢ ᠬᠠᠪᠰᠤᠷᠤᠨ ᠤᠳᠤᠬᠠᠨ ᠤ ᠬᠢᠵᠢᠭ ᠲᠠᠢ ᠲᠡᠮᠡᠴᠡᠬᠦ ᠡᠳ᠋ ᠪᠤᠳᠠᠰ ᠳᠤᠳᠠᠭᠳᠠᠵᠦ ᠪᠠᠶᠢᠭ᠎ᠠ ᠵᠡᠷᠭᠡ ᠬᠦᠴᠢᠷᠳᠡᠯ ᠢ ᠰᠢᠢᠳᠪᠤᠷᠢᠯᠡᠨ᠎ᠠ᠃ ᠲᠠᠨ ᠤ ᠤᠳᠤᠷᠢᠳᠤᠯᠭ᠎ᠠ ᠳᠤᠤᠷ᠎ᠠ᠂ ᠹᠢᠨᠯᠠᠨᠳ᠋ ᠤᠨ ᠠᠷᠠᠳ ᠲᠦᠮᠡᠨ ᠦᠷᠬᠦᠯᠵᠢᠯᠡᠨ ᠬᠠᠳᠠᠨ ᠪᠠᠳᠤ ︽ᠰᠢᠰᠦ᠋︾ ᠶᠢᠨ ᠵᠤᠷᠢᠭ ᠰᠠᠨᠠᠭ᠎ᠠ ᠶᠢ ᠪᠠᠳᠠᠷᠠᠭᠤᠯᠵᠦ᠂ ᠬᠢᠵᠢᠭ ᠤᠨ ᠪᠠᠶᠢᠳᠠᠯ ᠢ ᠯᠠᠪᠳᠠᠢ ᠢᠯᠠᠵᠦ ᠴᠢᠳᠠᠨ᠎ᠠ ᠭᠡᠳᠡᠭ ᠢ ᠢᠳᠡᠭᠡᠵᠦ ᠪᠠᠶᠢᠨ᠎ᠠ᠃ ᠹᠢᠨᠯᠠᠨᠳ᠋ ᠤᠨ ᠲᠠᠯ᠎ᠠ ᠶᠢᠨ ᠬᠢᠨ ᠹᠢᠨᠯᠠᠨᠳ᠋ ᠲᠤ ᠪᠠᠶᠢᠭ᠎ᠠ ᠳᠤᠮᠳᠠᠳᠤ ᠤᠯᠤᠰ ᠤᠨ ᠠᠷᠠᠳ ᠢᠷᠭᠡᠨ ᠢᠯᠠᠩᠭᠤᠶ᠎ᠠ ᠹᠢᠨᠯᠠᠨᠳ᠋ ᠲᠤ ᠰᠤᠷᠤᠯᠴᠠᠵᠦ ᠪᠠᠶᠢᠭ᠎ᠠ ᠰᠤᠷᠤᠬᠴᠢᠳ ᠤᠨ ᠠᠮᠤᠷ ᠲᠦᠪᠰᠢᠨ ᠢ ᠪᠠᠳᠤᠯᠠᠬᠤ ᠠᠵᠢᠯ ᠢ ᠳᠡᠭᠡᠳᠦ ᠭᠡᠮᠵᠢᠶ᠎ᠠ ᠪᠠᠷ ᠴᠢᠬᠤᠯᠠᠴᠢᠯᠠᠬᠤ ᠶᠢᠨ ᠬᠠᠮᠳᠦ ᠰᠠᠶᠢᠳᠤᠷ ᠬᠢᠬᠦ ᠶᠢ ᠬᠦᠰᠡᠵᠦ ᠪᠠᠶᠢᠨ᠎ᠠ᠃ ᠬᠠᠮᠳᠤ ᠪᠠᠷ ᠬᠢᠵᠢᠭ ᠲᠠᠢ ᠲᠡᠮᠡᠴᠡᠬᠦ ᠪᠠᠷ ᠳᠠᠮᠵᠢᠭᠤᠯᠤᠨ᠂ ᠳᠤᠮᠳᠠᠳᠤ ᠹᠢᠨᠯᠠᠨᠳ᠋ ᠤᠨ ᠨᠦᠬᠦᠷᠯᠡᠯ ᠳᠠᠰᠤᠷᠠᠯᠳᠠ ᠦᠭᠡᠢ ᠬᠦᠨᠵᠡᠭᠡᠶᠢᠷᠡᠨ᠎ᠠ ᠭᠡᠳᠡᠭ ᠢ ᠢᠳᠡᠭᠡᠵᠦ ᠪᠠᠶᠢᠨ᠎ᠠ᠃ ᠬᠢᠵᠢᠭ ᠤᠨ ᠪᠠᠶᠢᠳᠠᠯ ᠦᠩᠭᠡᠷᠡᠭᠰᠡᠨ ᠤ ᠳᠠᠷᠠᠭ᠎ᠠ᠂ ᠬᠤᠶᠠᠷ ᠲᠠᠯ᠎ᠠ ᠪᠠᠷ ᠢᠶᠠᠨ ᠡᠯ᠎ᠠ ᠲᠡᠰ ᠳᠠᠪᠬᠤᠷᠭ᠎ᠠ ᠶᠢᠨ ᠬᠦᠮᠦᠰ ᠤᠨ ᠶᠠᠪᠤᠯᠴᠠᠭ᠎ᠠ ᠶᠢ ᠲᠦᠷᠭᠡᠨ ᠰᠡᠷᠬᠦᠭᠡᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠠ ᠶᠢ ᠡᠬᠦᠳᠬᠦ᠂ ᠴᠢᠮᠡᠭᠡ ᠬᠤᠯᠪᠤᠭᠠᠨ ᠤ ᠨᠡᠪᠳᠡᠷᠡᠯᠴᠡᠭᠡ᠂ ᠠᠮᠢᠳᠤ ᠪᠤᠳᠠᠰ ᠤᠨ ᠰᠢᠨᠵᠢᠯᠡᠬᠦ ᠤᠬᠠᠭᠠᠨ ᠵᠡᠷᠭᠡ ᠬᠦᠷᠢᠶᠡᠨ ᠳᠠᠬᠢ ᠬᠠᠮᠳᠤᠷᠠᠯᠴᠠᠭᠠᠨ ᠤ ᠨᠦᠭᠡᠴᠡ ᠬᠦᠴᠦᠨ ᠢ ᠠᠭᠤᠳᠠᠯᠤᠨ ᠪᠠᠳᠠᠷᠠᠭᠤᠯᠵᠦ᠂ ᠳᠤᠮᠳᠠᠳᠤ ᠹᠢᠨᠯᠠᠨᠳ᠋ ᠤᠨ ᠢᠷᠡᠭᠡᠳᠦᠢ ᠳᠤ ᠬᠠᠨᠳᠤᠭᠰᠠᠨ ᠰᠢᠨ᠎ᠠ ᠮᠠᠶᠢᠭ ᠤᠨ ᠬᠠᠮᠳᠤᠷᠠᠯᠴᠠᠭᠠᠨ ᠤ ᠬᠠᠨᠢᠳᠠᠨ ᠤ ᠬᠠᠷᠢᠯᠴᠠᠭ᠎ᠠ ᠶᠢ ᠠᠬᠢᠭᠤᠯᠤᠨ ᠳᠠᠰᠤᠷᠠᠯᠳᠠ ᠦᠭᠡᠢ ᠤᠷᠤᠬᠰᠢ ᠬᠦᠭᠵᠢᠬᠦᠯᠦᠶ᠎ᠠ ᠭᠡᠵᠦ ᠴᠢᠬᠤᠯᠠᠴᠢᠯᠠᠵᠠᠢ᠃      ᠨᠢᠨᠢᠰᠲ᠋ᠦ᠋ᠸᠧ᠂ ᠤᠳᠤᠬᠠᠨ ᠳᠤ ᠹᠢᠨᠯᠠᠨᠳ᠋ ᠤᠨ ᠬᠢᠨ ᠬᠦᠨᠳᠦ ᠨᠤᠴᠢᠳᠠᠢ ᠬᠢᠵᠢᠭ ᠤᠨ ᠪᠠᠶᠢᠳᠠᠯ ᠳᠤ ᠲᠤᠯᠭᠠᠷᠠᠵᠦ᠂ ᠹᠢᠨᠯᠠᠨᠳ᠋ ᠤᠨ ᠠᠷᠠᠳ ᠲᠦᠮᠡᠨ ᠶᠠᠭ ᠰᠢᠷᠭᠠᠭᠤ ᠬᠠᠳᠠᠭᠤᠵᠢᠯᠳᠠᠢ ᠴᠢᠷᠮᠠᠶᠢᠵᠦ ᠪᠤᠢ᠂ ᠳᠤᠮᠳᠠᠳᠤ ᠶᠢᠨ ᠲᠠᠯ᠎ᠠ ᠶᠢᠨ ᠬᠤᠯᠪᠤᠭᠳᠠᠯ ᠪᠦᠬᠦᠢ ᠲᠤᠷᠰᠢᠯᠭ᠎ᠠ ᠨᠢ ᠪᠢᠳᠠᠨ ᠳᠤ ᠮᠠᠰᠢ ᠲᠤᠰᠠᠳᠠᠢ ᠪᠠᠶᠢᠨ᠎ᠠ᠃ ᠳᠤᠮᠳᠠᠳᠤ ᠶᠢᠨ ᠲᠠᠯ᠎ᠠ ᠶᠢᠨ ᠬᠢᠨ ᠡᠮᠴᠢᠯᠡᠭᠡᠨ ᠤ ᠬᠢᠵᠢᠭ ᠢ ᠰᠡᠷᠭᠡᠶᠢᠯᠡᠬᠦ ᠡᠳ᠋ ᠪᠤᠳᠠᠰ ᠵᠡᠷᠭᠡ ᠲᠠᠯ᠎ᠠ ᠪᠠᠷ ᠬᠤᠪᠤᠷ ᠨᠠᠨᠳᠢᠨ ᠳᠡᠮᠵᠢᠯᠭᠡ ᠪᠠ ᠬᠠᠪᠰᠤᠷᠤᠯᠭ᠎ᠠ ᠦᠵᠡᠬᠦᠯᠦᠭᠰᠡᠨ ᠳᠤ ᠲᠠᠯᠠᠷᠬᠠᠵᠦ ᠪᠠᠶᠢᠨ᠎ᠠ᠃ ᠹᠢᠨᠯᠠᠨᠳ᠋ ᠤᠨ ᠲᠠᠯ᠎ᠠ ᠶᠢᠨ ᠬᠢᠨ ᠳᠤᠮᠳᠠᠳᠤ ᠶᠢᠨ ᠲᠠᠯ᠎ᠠ ᠯᠤᠭ᠎ᠠ ᠬᠠᠮᠳᠤᠷᠠᠯᠴᠠᠭ᠎ᠠ ᠪᠠᠨ ᠴᠢᠩᠭᠠᠳᠬᠠᠵᠦ᠂ ᠬᠢᠵᠢᠭ ᠤᠨ ᠪᠠᠶᠢᠳᠠᠯ ᠢ ᠡᠷᠳᠡᠭᠡᠨ ᠢᠯᠠᠨ ᠳᠠᠪᠠᠭ᠋ᠤ ᠶᠢ ᠬᠦᠰᠡᠵᠦ ᠪᠠᠶᠢᠨ᠎ᠠ᠃ ᠪᠢ ᠲᠡᠷᠢᠬᠦᠯᠡᠭᠴᠢ ᠰᠢ ᠶᠢᠨ ᠫᠢᠩ ᠤᠨ ᠳᠤᠷᠠᠳᠤᠭᠰᠠᠨ ᠬᠦᠮᠦᠨ ᠲᠦᠷᠦᠯᠬᠢᠳᠡᠨ ᠤ ᠬᠤᠪᠢ ᠵᠠᠶᠠᠭᠠᠨ ᠤ ᠬᠠᠮᠳᠦ ᠶᠢᠨ ᠴᠤᠬᠴᠠ ᠶᠢᠨ ᠤᠢᠢᠯᠠᠭᠠᠭᠳᠠᠬᠤᠨ ᠢ ᠪᠦᠷᠢᠮᠤᠰᠦᠨ ᠵᠦᠪᠰᠢᠶᠡᠷᠡᠵᠦ᠂ ᠳᠤᠮᠳᠠᠳᠤ ᠶᠢᠨ ᠲᠠᠯ᠎ᠠ ᠶᠢᠨ ᠳᠡᠯᠡᠭᠡᠢ ᠶᠢᠨ ᠡᠷᠡᠬᠦᠯ ᠬᠠᠮᠠᠭᠠᠯᠠᠯ ᠤᠨ ᠵᠤᠬᠢᠶᠠᠨ ᠪᠠᠶᠢᠭᠤᠯᠤᠯᠳᠠ ᠪᠠ ᠡᠸᠦ᠋ᠷᠦᠫᠠ ᠲᠢᠪ ᠤᠨ ᠤᠯᠤᠰ ᠤᠳ ᠯᠤᠭ᠎ᠠ ᠰᠠᠶᠢᠨ ᠰᠠᠶᠢᠬᠠᠨ ᠬᠠᠮᠳᠤᠷᠠᠯᠴᠠᠭ᠎ᠠ ᠦᠷᠨᠢᠬᠦᠯᠬᠦ ᠶᠢᠨ ᠬᠠᠮᠳᠦ ᠬᠤᠷᠢᠨ ᠤᠯᠤᠰ ᠤᠨ ᠪᠦᠯᠦᠭᠯᠡᠯ ᠤᠨ ᠪᠤᠷᠤ ᠲᠦᠯᠦᠪ ᠤᠨ ᠳᠤᠳᠤᠷ᠎ᠠ ᠪᠦᠬᠦ ᠪᠦᠮᠪᠦᠷᠴᠡᠭ ᠤᠨ ᠤᠯᠠᠨ ᠨᠡᠶᠢᠳᠡ ᠶᠢᠨ ᠡᠷᠡᠬᠦᠯ ᠬᠠᠮᠠᠭᠠᠯᠠᠯ ᠤᠨ ᠠᠮᠤᠷ ᠲᠦᠪᠰᠢᠨ ᠤ ᠬᠠᠮᠳᠤᠷᠠᠯᠴᠠᠭ᠎ᠠ ᠶᠢ ᠠᠬᠢᠭᠤᠯᠵᠦ ᠪᠠᠶᠢᠬᠤ ᠶᠢ ᠮᠠᠬᠳᠠᠨ ᠰᠠᠶᠢᠰᠢᠶᠠᠵᠦ ᠪᠠᠶᠢᠨ᠎ᠠ᠃ ᠳᠤᠮᠳᠠᠳᠤ ᠤᠯᠤᠰ ᠤᠨ ᠠᠵᠤ ᠠᠬᠤᠢ ᠡᠷᠳᠡᠭᠡᠨ ᠰᠡᠷᠬᠦᠨ ᠬᠦᠭᠵᠢᠬᠦ ᠨᠢ ᠳᠡᠯᠡᠭᠡᠢ ᠳ᠋ᠠᠬᠢᠨ ᠳᠤ ᠮᠠᠰᠢ ᠴᠢᠬᠤᠯᠠ ᠶᠤᠮ᠃ ᠹᠢᠨᠯᠠᠨᠳ᠋ ᠳᠤᠮᠳᠠᠳᠤ ᠶᠢᠨ ᠬᠠᠷᠢᠯᠴᠠᠭ᠎ᠠ ᠮᠠᠰᠢ ᠰᠠᠶᠢᠨ ᠪᠠᠶᠢᠨ᠎ᠠ᠂ ᠹᠢᠨᠯᠠᠨᠳ᠋ ᠤᠨ ᠲᠠᠯ᠎ᠠ ᠹᠢᠨᠯᠠᠨᠳ᠋ ᠲᠤ ᠪᠠᠶᠢᠭ᠎ᠠ ᠳᠤᠮᠳᠠᠳᠤ ᠤᠯᠤᠰ ᠤᠨ ᠠᠷᠠᠳ ᠢᠷᠭᠡᠨ ᠢ ᠦᠷᠬᠦᠯᠵᠢᠯᠡᠨ ᠰᠠᠶᠢᠳᠤᠷ ᠬᠠᠷᠠᠭᠠᠯᠵᠠᠨ᠎ᠠ᠃ ᠲᠠᠨ ᠲᠠᠢ ᠬᠠᠮᠳᠤ ᠪᠠᠷ ᠴᠢᠷᠮᠠᠶᠢᠵᠦ᠂ ᠹᠢᠨᠯᠠᠨᠳ᠋ ᠳᠤᠮᠳᠠᠳᠤ ᠶᠢᠨ ᠬᠠᠷᠢᠯᠴᠠᠭ᠎ᠠ ᠶᠢ ᠦᠷᠬᠦᠯᠵᠢᠯᠡᠨ ᠤᠷᠤᠬᠰᠢ ᠬᠦᠭᠵᠢᠬᠦᠯᠬᠦ ᠶᠢ ᠬᠦᠰᠡᠵᠦ ᠪᠠᠶᠢᠨ᠎ᠠ ᠭᠡᠵᠦ ᠢᠯᠡᠳᠭᠡᠪᠡ᠃    
 
ᠢᠷᠡᠯᠲᠡ᠄ ᠲᠤᠮᠳᠠᠲᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠬᠡᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号