ᠤᠯᠠᠭᠠᠨᠲᠣᠯᠣᠭᠠᠢ ᠪᠠᠯᠭᠠᠰᠤ ᠬᠠᠪᠤᠷ ᠤᠨ ᠲᠠᠷᠢᠶᠠᠯᠠᠭ᠎ᠠ ᠪᠤᠯᠤᠨ ᠶᠠᠳᠠᠭᠤ ᠶᠢ ᠲᠡᠳᠬᠦᠬᠦ ᠠᠵᠢᠯ ᠢ ᠵᠡᠷᠭᠡᠪᠡᠷ ᠠᠳᠬᠤᠵᠤ ᠪᠠᠶᠢᠨ᠎ᠠ
ᠨᠡᠶᠢᠲᠡᠯᠡᠭᠰᠡᠨ ᠴᠠᠭ᠄
2020-04-02
     ᠬᠠᠪᠤᠷ ᠤᠨ ᠲᠠᠷᠢᠶᠠᠯᠠᠭ᠎ᠠ ᠪᠠᠷ ᠶᠠᠳᠠᠭᠤ ᠶᠢ ᠲᠡᠳᠬᠦᠬᠦ ᠠᠵᠢᠯ ᠢ ᠠᠬᠢᠭᠤᠯᠬᠤ ᠶᠢᠨ ᠲᠥᠯᠥᠭᠡ᠂ ᠤᠯᠠᠭᠠᠨᠲᠣᠯᠣᠭᠠᠢ ᠪᠠᠯᠭᠠᠰᠤ ᠨᠢ ᠤᠯᠠᠨ ᠲᠠᠯ᠎ᠠ ᠲᠠᠢ ᠬᠠᠮᠲᠤᠷᠠᠯᠴᠠᠨ ᠲᠠᠩᠰᠠᠯᠠᠨ ᠺᠠᠷᠲᠯᠠᠭᠰᠠᠨ ᠶᠠᠳᠠᠭᠤ ᠬᠦᠴᠢᠷᠲᠡᠢ ᠡᠷᠦᠭᠡ ᠳᠡᠭᠡᠨ ᠪᠣᠷᠳᠣᠭᠤᠷ ᠬᠦᠷᠭᠡᠬᠦ᠂ ᠢᠳᠡᠰᠢᠨ ᠨᠣᠭᠤᠭᠠᠨ ᠤ ᠬᠦᠯᠡᠮᠵᠢ ᠪᠣᠰᠬᠠᠨ ᠥᠭᠬᠦ᠂ ᠳᠣᠣᠷ᠎ᠠ ᠬᠦᠦ ᠲᠠᠢ ᠵᠢᠭᠡᠯᠡᠯᠭᠡ ᠲᠠᠯᠪᠢᠬᠤ ᠵᠡᠷᠭᠡ ᠠᠷᠭ᠎ᠠ ᠪᠠᠷᠢᠯ ᠢᠶᠠᠷ ᠲᠡᠳᠡᠨ ᠤ ᠢᠳᠡᠪᠬᠢᠵᠢᠯ ᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠵᠦ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠲᠤᠯᠬᠤ ᠳᠤ ᠰᠠᠭᠤᠷᠢ ᠲᠠᠯᠪᠢᠵᠤ ᠪᠠᠶᠢᠨ᠎ᠠ᠃
     ᠤᠶᠢᠷ᠎ᠠ ᠶᠢᠨ ᠡᠳᠦᠷ᠂ ᠤᠯᠠᠭᠠᠨᠲᠣᠯᠣᠭᠠᠢ ᠪᠠᠯᠭᠠᠰᠤ ᠨᠢ ᠪᠠᠶᠠᠠᠭᠤᠣᠯ ᠭᠠᠴᠠᠭᠠᠨ ᠳᠡᠭᠡᠷ᠎ᠡ ᠬᠠᠪᠤᠷ ᠤᠨ ᠲᠠᠷᠢᠶᠠᠯᠠᠭ᠎ᠠ ᠳᠤ ᠬᠡᠷᠡᠭᠰᠡᠬᠦ ᠪᠣᠷᠳᠣᠭᠤᠷ ᠢ ᠨᠢᠭᠡᠳᠦᠯᠲᠡᠢ ᠲᠡᠭᠡᠭᠡᠨ ᠠᠪᠴᠢᠷᠠᠵᠤ ᠲᠠᠩᠰᠠᠯᠠᠨ ᠺᠠᠷᠲᠯᠠᠭᠰᠠᠨ ᠶᠠᠳᠠᠭᠤ ᠬᠦᠴᠢᠷᠳᠡᠯᠲᠡᠢ ᠡᠷᠦᠬᠡᠳ ᠲᠡᠭᠡᠨ ᠬᠤᠪᠢᠶᠠᠨ ᠥᠭᠭᠦᠯ᠎ᠡ᠃ ᠨᠠᠷᠠᠰᠤ ᠶᠢᠨ ᠬᠢᠨ 25 ᠮᠦ ᠲᠠᠷᠢᠶᠠᠨ ᠭᠠᠵᠠᠷ ᠲᠠᠢ ᠪᠠᠶᠢᠵᠤ 50 ᠤᠭᠤᠲᠠ ᠪᠣᠷᠳᠣᠭᠤᠷ ᠬᠤᠪᠢᠳᠠᠨ ᠣᠯᠣᠯ᠎ᠠ᠃ ᠡᠨᠡ ᠨᠢ ᠲᠡᠳᠡᠨ ᠤ ᠲᠠᠷᠢᠶᠠᠯᠠᠭ᠎ᠠ ᠳᠤ ᠬᠡᠷᠡᠭᠰᠡᠬᠦ ᠪᠣᠷᠳᠣᠭᠤᠷ ᠢ ᠭᠦᠢᠴᠡᠳ ᠬᠠᠩᠭᠠᠵᠤ ᠳᠡᠶᠢᠯᠬᠦ ᠮᠥᠷᠲᠡᠭᠡᠨ ᠲᠡᠳᠡᠨ ᠳᠤ 4000 ᠲᠥᠭᠦᠷᠢᠭ ᠠᠷᠪᠢᠯᠠᠵᠤ ᠥᠭᠴᠡᠢ᠃ ᠬᠦᠴᠢᠷᠳᠡᠯᠲᠡᠢ ᠡᠷᠦᠬᠡ ᠬᠠᠰᠳᠠᠯᠠᠢ ᠶᠢᠨ ᠬᠢᠨ 120 ᠮᠦ ᠪᠡᠯᠴᠢᠭᠡᠷ ᠲᠠᠢ ᠪᠠᠶᠢᠵᠤ ᠪᠡᠯᠴᠢᠭᠡᠷ ᠨᠤᠲᠤᠭ ᠪᠠᠭ᠎ᠠ ᠠᠴᠠ ᠪᠣᠯᠵᠤ ᠲᠡᠳᠡᠨ ᠤ ᠬᠢᠨ ᠪᠣᠳᠠᠲᠤ ᠪᠠᠶᠢᠳᠠᠯ ᠳᠤ ᠪᠠᠨ ᠲᠣᠬᠢᠷᠠᠭᠤᠯᠤᠨ 2016 ᠣᠨ ᠠᠴᠠ ᠢᠮᠠᠭ᠎ᠠ ᠬᠠᠰᠢᠶᠠᠯᠠᠨ ᠲᠡᠵᠢᠭᠡᠵᠦ ᠡᠬᠢᠯᠡᠵᠡᠢ᠃ ᠭᠡᠪᠡᠴᠦ ᠲᠡᠳᠡᠨ ᠤ ᠬᠤᠷᠢᠭᠠᠳ ᠮᠦ ᠲᠠᠷᠢᠶᠠᠨ ᠭᠠᠵᠠᠷ ᠨᠢ ᠬᠤᠷᠢᠶᠠᠯᠲᠠ ᠪᠠᠭ᠎ᠠ ᠠᠴᠠ ᠪᠣᠯᠵᠤ ᠲᠡᠵᠢᠭᠡᠯ ᠪᠣᠷᠳᠤᠭ᠎ᠠ ᠬᠦᠷᠦᠯᠴᠡᠬᠦ ᠦᠭᠡᠢ ᠪᠠᠶᠢᠵᠠᠢ᠃ ᠡᠨᠡ ᠤᠳᠠᠭ᠎ᠠ ᠪᠠᠯᠭᠠᠰᠤᠨ ᠠᠴᠠ ᠦᠨ᠎ᠡ ᠲᠥᠯᠥᠪᠦᠷᠢ ᠦᠭᠡᠢ 44 ᠤᠭᠤᠲᠠ ᠪᠣᠷᠳᠣᠭᠤᠷ ᠬᠦᠷᠭᠡᠵᠦ ᠢᠷᠡᠭᠰᠡᠨ ᠨᠢ ᠲᠡᠭᠦᠨ ᠤ ᠲᠠᠷᠢᠶᠠᠯᠠᠭ᠎ᠠ ᠪᠠᠷ ᠮᠠᠯᠵᠢᠯ ᠢᠶᠠᠨ ᠠᠬᠢᠭᠤᠯᠬᠤ ᠢᠲᠡᠭᠡᠯ ᠢ ᠨᠢ ᠬᠥᠪᠴᠢᠯᠡᠵᠡᠢ᠃      ᠬᠦᠴᠢᠷᠳᠡᠯᠲᠡᠢ ᠡᠷᠦᠬᠡᠳ ᠤᠨ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠢ ᠭᠦᠢᠴᠡᠳ ᠰᠠᠶᠢᠨ ᠬᠢᠬᠦ ᠶᠢᠨ ᠲᠥᠯᠥᠭᠡ ᠤᠯᠠᠭᠠᠨᠲᠣᠯᠣᠭᠠᠢ ᠪᠠᠯᠭᠠᠰᠤ ᠢᠳᠡᠪᠬᠢᠲᠡᠶ ᠪᠠᠷ ᠪᠠᠯᠠ ᠮᠥᠩᠭᠦ ᠴᠤᠭᠯᠠᠭᠤᠯᠵᠤ 200 ᠲᠣᠨ ᠬᠢᠮᠢ ᠶᠢᠨ ᠪᠣᠷᠲᠣᠭᠤᠷ ᠬᠤᠳᠠᠯᠳᠤᠨ ᠠᠪᠴᠤ ᠪᠥᠬᠦ ᠪᠠᠯᠭᠠᠰᠤᠨ ᠤ 44 ᠲᠠᠩᠰᠠᠯᠠᠨ ᠺᠠᠷᠲᠯᠠᠭᠰᠠᠨ ᠶᠠᠳᠠᠭᠤ ᠬᠦᠴᠢᠷᠳᠡᠯᠲᠡᠶ ᠡᠷᠦᠬᠡ ᠶᠢᠨ ᠡᠭᠦᠳᠡᠨ ᠳᠤ ᠦᠨ᠎ᠡ ᠲᠥᠯᠥᠪᠦᠷᠢ ᠥᠬᠡᠶ ᠬᠦᠷᠭᠡᠨ ᠥᠭᠴᠦ ᠲᠡᠳᠡᠨ ᠤ ᠬᠠᠪᠤᠷ ᠤᠨ ᠲᠠᠷᠢᠶᠠᠯᠠᠭ᠎ᠠ ᠶᠢᠨ ᠪᠣᠷᠲᠣᠭᠤᠷ ᠤᠨ ᠠᠰᠠᠭᠤᠳᠠᠯ ᠢ ᠰᠢᠢᠳᠪᠦᠷᠢᠯᠡᠵᠦ ᠥᠭᠪᠡ᠃
     ᠤᠯᠠᠭᠠᠨᠲᠣᠯᠣᠭᠠᠢ ᠪᠠᠯᠭᠠᠰᠤᠨ ᠤ ᠳᠠᠪᠰᠢᠯᠲᠠ ᠲᠣᠰᠬᠤᠨ ᠤ ᠬᠦᠴᠢᠷᠳᠡᠯᠲᠡᠢ ᠡᠷᠦᠬᠡ ᠵᠠᠩ ᠱᠢ ᠷᠦᠩ ᠤᠨ  ᠬᠢᠨ ᠲᠠᠷᠢᠶᠠᠨ ᠭᠠᠵᠠᠷ ᠲᠤᠩ ᠪᠠᠭ᠎ᠠ ᠪᠠᠶᠢᠵᠤ ᠲᠡᠳᠡᠨᠡᠶᠢᠬᠢᠨ ᠵᠥᠪᠬᠡᠨ ᠡᠨᠡᠬᠦ ᠭᠠᠵᠠᠷ ᠳᠡᠭᠡᠷ᠎ᠡ ᠪᠠᠨ ᠡᠷᠳᠡᠨᠢ ᠰᠢᠰᠢ ᠲᠠᠷᠢᠵᠤ ᠭᠤᠣᠯ ᠣᠷᠣᠯᠭ᠎ᠠ ᠶᠢᠨ ᠢᠷᠡᠯᠲᠡ ᠪᠠᠨ ᠪᠣᠯᠭᠠᠵᠤ ᠪᠠᠶᠢᠭ᠎ᠠ ᠪᠠᠶᠢᠳᠠᠯ ᠢ ᠲᠣᠰᠬᠤᠨ ᠳᠤ ᠰᠠᠭᠤᠭ᠎ᠠ ᠺᠠᠳ᠋ᠷ ᠣᠶᠢᠯᠠᠭᠠᠭᠰᠠᠨ ᠤ ᠳᠠᠷᠠᠭ᠎ᠠ ᠪᠠᠯᠭᠠᠰᠤ᠂ ᠲᠣᠰᠬᠤᠨ᠂ ᠬᠠᠪᠰᠤᠷᠤᠨ ᠲᠡᠳᠬᠦᠬᠦ ᠪᠠᠶᠢᠭᠤᠯᠭ᠎ᠠ ᠲᠠᠢ ᠬᠠᠷᠢᠯᠴᠠᠬᠤ ᠪᠠᠷ ᠳᠠᠮᠵᠢᠨ ᠲᠡᠳᠡᠨ ᠳᠤ ᠢᠳᠡᠰᠢᠨ ᠨᠣᠭᠤᠭᠠᠨ ᠤ ᠲᠣᠮᠣ ᠬᠦᠯᠡᠮᠵᠢ ᠪᠠᠶᠢᠭᠤᠯᠵᠤ ᠢᠳᠡᠰᠢᠨ ᠨᠣᠭᠤᠭ᠎ᠠ  ᠪᠤᠷᠤᠯᠠᠭᠤᠯᠤᠨ ᠣᠷᠣᠯᠭ᠎ᠠ ᠶᠢ ᠨᠢ ᠨᠡᠮᠡᠭᠳᠡᠭᠦᠯᠬᠦ ᠪᠠᠷ ᠪᠣᠯᠵᠠᠢ᠃
     ᠵᠠᠩ ᠱᠢ ᠷᠦᠩ᠄ ︽ᠵᠠᠰᠠᠭ ᠤᠨ ᠣᠷᠳᠣᠨ ᠠᠴᠠ ᠨᠠᠮ᠎ᠠ ᠳᠤ ᠨᠢᠭᠡ ᠲᠣᠮᠣ ᠬᠦᠯᠡᠮᠵᠢ ᠪᠠᠷᠢᠵᠤ ᠥᠭᠭᠦᠭᠰᠡᠨ᠂ ᠡᠨᠡ ᠵᠢᠯ ᠬᠡᠮᠬᠡ ᠲᠠᠷᠢᠬᠤ ᠰᠠᠨᠠᠭ᠎ᠠ ᠲᠠᠢ᠂ ᠪᠠᠷᠤᠭᠴᠠᠭᠠᠯᠠᠪᠠᠯ ᠬᠤᠶᠠᠷ ᠠᠴᠠ ᠭᠤᠷᠪᠠᠨ ᠲᠦᠮᠡᠨ ᠲᠥᠭᠦᠷᠢᠭ ᠤᠨ ᠣᠷᠣᠯᠭ᠎ᠠ ᠣᠯᠴᠢᠬᠠᠨ᠎ᠠ᠃ ᠬᠦᠯᠡᠮᠵᠢ ᠲᠠᠢ ᠪᠣᠯᠴᠢᠬᠠᠪᠠᠯ ᠬᠤᠵᠢᠮ ᠢᠳᠡᠰᠢᠨ ᠨᠣᠭᠤᠭ᠎ᠠ᠂ ᠭᠤᠸᠠ ᠵᠢᠮᠢᠰ ᠲᠠᠷᠢᠬᠤ ᠨᠥᠬᠦᠴᠡᠯ ᠲᠠᠢ ᠪᠤᠯᠵᠤ ᠲᠣᠭᠲᠠᠭᠤᠨ ᠣᠷᠣᠯᠭ᠎ᠠ ᠲᠠᠢ ᠪᠣᠯᠴᠢᠬᠠᠨ᠎ᠠ︾ ᠭᠡᠵᠤ ᠢᠳᠡᠭᠡᠯ ᠲᠡᠬᠦᠯᠳᠡᠷ ᠶᠠᠷᠢᠵᠤ ᠪᠠᠶᠢᠯ᠎ᠠ᠃      ᠠᠵᠤ ᠦᠶᠯᠡᠰ ᠢ ᠬᠥᠭᠵᠢᠭᠦᠯᠬᠦ ᠪᠣᠯ ᠶᠠᠳᠠᠭᠤ ᠠᠴᠠ ᠠᠩᠭᠢᠵᠢᠷᠠᠭᠤᠯᠬᠤ ᠶᠢ ᠪᠡᠶᠡᠯᠡᠭᠦᠯᠬᠦ ᠶᠢᠨ ᠦᠨᠳᠦᠰᠦ ᠨᠢ ᠶᠤᠮ᠃ ᠤᠯᠠᠭᠠᠨᠲᠣᠯᠣᠭᠠᠢ ᠪᠠᠯᠭᠠᠰᠤ ᠲᠣᠰ ᠭᠠᠵᠠᠷ ᠤᠨ ᠢᠶᠠᠨ ᠡᠬᠢ ᠪᠠᠶᠠᠯᠢᠭ ᠤᠨ ᠳᠠᠪᠠᠭᠤᠯᠢᠭ ᠲᠤ ᠰᠠᠭᠤᠷᠢᠯᠠᠵᠤ ︽ᠨᠠᠮ ᠤᠨ ᠡᠭᠦᠷ ᠬᠥᠲᠥᠯᠥᠨ ᠳᠠᠭᠠᠭᠤᠯᠬᠤ + ᠠᠵᠤ ᠦᠶᠯᠡᠰ ᠢᠶᠠᠷ ᠲᠡᠮᠵᠢᠬᠦ + ᠣᠶᠤᠨ ᠰᠠᠨᠠᠭ᠎ᠠ ᠶᠢ ᠤᠷᠮᠠᠰᠢᠭᠤᠯᠬᠤ︾ ᠢᠶᠠᠷ ᠳᠠᠮᠵᠢᠭᠤᠯᠤᠨ ᠣᠷᠳᠣ ᠬᠤᠭᠤᠴᠠᠭᠠᠨ ᠤ ᠪᠦᠲᠦᠮᠵᠢᠲᠡᠶ ᠠᠵᠤ ᠦᠶᠯᠡᠰ ᠤᠨ ᠬᠥᠭᠵᠢᠯᠲᠡ  ᠶᠢᠨ ᠲᠣᠭᠲᠠᠴᠠ ᠶᠢ ᠪᠠᠶᠢᠭᠤᠯᠵᠤ ᠡᠳ᠋ ᠪᠣᠳᠠᠰ ᠢᠶᠠᠷ ᠲᠡᠳᠬᠦᠬᠦ ᠪᠠ ᠰᠡᠳᠬᠢᠴᠡ ᠶᠢ ᠨᠢ ᠬᠤᠪᠢᠷᠠᠭᠤᠯᠵᠤ ᠢᠳᠡᠪᠬᠢᠵᠢᠯ ᠢ ᠨᠢ ᠳᠠᠶᠢᠴᠢᠯᠠᠬᠤ ᠶᠢ ᠬᠠᠷᠢᠯᠴᠠᠨ ᠤᠶᠠᠯᠳᠤᠭᠤᠯᠤᠭᠰᠠᠨ ᠢᠶᠠᠷ ᠶᠠᠳᠠᠭᠤ ᠬᠦᠴᠢᠷᠳᠡᠯᠲᠡᠢ ᠡᠷᠦᠬᠡᠳ ᠤᠨ ᠶᠠᠳᠠᠭᠤ ᠠᠴᠠ ᠠᠩᠭᠢᠵᠢᠷᠠᠨ ᠪᠠᠶᠠᠵᠢᠨ ᠴᠢᠨᠡᠭᠡᠯᠢᠭᠵᠢᠬᠦ ᠳᠣᠲᠣᠭᠠᠳᠤ ᠬᠥᠳᠡᠯᠭᠡᠬᠦ ᠬᠦᠴᠦᠨ ᠢ ᠳᠡᠭᠡᠭᠰᠢᠯᠡᠭᠦᠯᠦᠨ ᠪᠡᠶᠡᠴᠢ ᠴᠢᠳᠠᠮᠠᠭᠠᠢ ᠴᠢᠨᠠᠷ ᠢ ᠬᠥᠭᠵᠢᠭᠡᠵᠦ ᠴᠢᠳᠠᠭᠰᠠᠨ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号