3 ᠰᠠᠷ᠎ᠠ ᠶᠢᠨ 29 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠵᠣᠣ | ᠹᠸᠢ ᠯᠦ ᠬᠤᠰᠢᠭᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ︵ | ᠥᠷᠭᠡᠳᠭᠡᠭᠰᠠᠨ︶ ᠬᠤᠷᠠᠯ ᠢ ᠡᠷᠭᠢᠯᠡᠨ ᠬᠤᠷᠠᠯᠳᠤᠭᠤᠯᠵᠤ ᠭᠥᠨᠳᠤ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ | ᠠᠷᠢᠯᠭᠠᠬᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ᠂ ᠰᠢᠨ᠎ᠡ ᠲᠢᠳᠢᠮᠯᠢᠭ ᠠᠭᠤᠰᠬᠢᠨ | ᠦᠷᠪᠢᠰᠦᠯ ᠪᠠ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠵᠢᠴᠢ ᠠᠭᠤᠷᠬᠠᠢ ᠶᠢᠨ ᠭᠠᠷᠤᠯᠲᠠ ᠶᠢᠨ ᠡᠬᠢ | ᠪᠠᠶᠠᠯᠢᠭ ᠢ ᠲᠤᠰᠬᠠᠢ ᠴᠡᠭᠴᠡᠯᠡᠨ ᠵᠠᠰᠠᠬᠤ ᠵᠡᠷᠭᠡ ᠭᠤᠣᠯᠳᠠᠯᠭ᠎ᠠ ᠲᠠᠢ ᠠᠵᠢᠯ ᠤᠨ ᠬᠠᠷᠢᠭᠤ ᠮᠡᠳᠡᠭᠦᠯᠦᠯᠲᠡ ᠶᠢ | ᠰᠣᠨᠣᠰᠴᠤ ᠲᠠᠷᠠᠭᠠᠴᠢ ᠶᠢᠨ ᠠᠯᠬᠤᠮ ᠤᠨ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃ ᠬᠤᠰᠢᠭᠤ ᠨᠠᠮ ᠤᠨ | ᠬᠤᠷᠢᠶᠠᠨ ᠤ ᠪᠠᠶᠢᠩᠭᠤ ᠶᠢᠨ ᠭᠡᠰᠢᠭᠦᠨ ᠬᠤᠰᠢᠭᠤ ᠳᠡᠳ᠋ ᠳᠠᠷᠤᠭ᠎ᠠ ᠨᠠᠮ ᠤᠨ ᠤᠳᠤᠷᠢᠳᠬᠤ ᠳᠤᠭᠤᠶᠢᠯᠠᠩ ᠤᠨ | ᠪᠦᠷᠢᠯᠳᠦᠬᠦᠨ ᠬᠡᠰᠢᠬᠦᠨ ᠵᠠᠩ ᡁᠢ ᠰᠢᠦ᠋ᠩ᠂ ᠯᠢ ᠵᠥᠩ ᠯᠢᠨ᠂ ᠬᠤᠰᠢᠭᠤ ᠲᠡᠳ᠋ ᠳᠠᠷᠤᠭ᠎ᠠ ᠨᠠᠮ ᠤᠨ ᠤᠳᠤᠷᠢᠳᠬᠤ | ᠳᠤᠭᠤᠶᠢᠯᠠᠩ ᠤᠨ ᠪᠦᠷᠢᠯᠳᠦᠬᠦᠨ ᠬᠡᠰᠢᠬᠦᠨ ᠭᠤᠤ ᠬᠤ᠋᠂ ᠵᠧᠦ ᠱᠤᠸᠠᠢ᠂ ᠪᠠᠶᠠᠨᠴᠡᠩᠭᠡᠯ᠂ ᠬᠤᠰᠢᠭᠤ ᠲᠡᠳ᠋ ᠳᠠᠷᠤᠭ᠎ᠠ | ᠯᠢᠦ ᠵᠧᠩ ᠬᠤᠷᠠᠯ ᠳᠤ ᠤᠷᠤᠯᠴᠠᠵᠠᠢ᠃ | | | | | | | ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠲᠠᠷᠠᠭ᠎ᠠ ᠵᠤᠤ ᠹᠸᠢ ᠯᠦ ᠵᠢᠭᠠᠵᠤ ᠭᠠᠷᠭᠠᠭᠰᠠᠨ ᠨᠢ᠂ ᠡᠨᠡ | ᠵᠢᠯ ᠪᠤᠯ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠲᠡᠭᠦᠰᠬᠦ ᠵᠢᠯ᠂ ᠮᠥᠨ ᠴᠦ ᠴᠢᠨᠡᠭᠡᠯᠢᠭ | ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠵᠢᠯ ᠪᠣᠯᠤᠨ᠎ᠠ᠃ ᠡᠯ᠎ᠡ ᠭᠠᠵᠠᠷ ᠤᠷᠤᠨ᠂ ᠡᠯ᠎ᠡ ᠰᠠᠯᠠᠭ᠎ᠠ ᠮᠥᠴᠢᠷ ᠦᠵᠡᠯ | ᠰᠠᠨᠠᠭ᠎ᠠ ᠲᠠᠨᠢᠯᠲᠠ ᠪᠠᠨ ᠲᠡᠭᠡᠭᠰᠢᠯᠠᠭᠦᠯᠤᠨ ᠲᠥᠪ᠂ ᠥᠪᠡᠷᠲᠡᠭᠡᠨ ᠵᠠᠰᠠᠬᠤ ᠣᠷᠣᠨ᠂ ᠬᠤᠲᠠ᠂ ᠬᠤᠰᠢᠭᠤᠨ ᠤ ᠡᠯ᠎ᠡ | ᠵᠦᠶᠯ ᠤᠨ ᠱᠠᠭᠠᠷᠳᠠᠯᠭ᠎ᠠ ᠶᠣᠰᠣᠭᠠᠷ ᠭᠤᠤᠯᠳᠠᠯᠭ᠎ᠠ ᠲᠠᠢ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠵᠤ ᠪᠥᠬᠦ ᠵᠢᠯ | ᠤᠨ ᠬᠠᠷᠠᠯᠲᠠ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠶ ᠭᠡᠵᠡᠢ᠃ | ᠵᠣᠣ ᠹᠸᠢ ᠯᠦ ᠴᠢᠬᠤᠯᠠᠴᠢᠯᠠᠭᠰᠠᠨ ᠨᠢ᠂ ᠶᠠᠳᠠᠭᠤ ᠠᠴᠠ ᠠᠩᠭᠢᠵᠢᠷᠠᠭᠰᠠᠨ ᠴᠤ ᠬᠠᠷᠢᠭᠤᠴᠠᠯᠭ᠎ᠠ ᠪᠠᠨ ᠬᠠᠶᠠᠬᠤ | ᠥᠭᠡᠢ᠂ ᠲᠥᠷᠥ ᠶᠢᠨ ᠪᠣᠳᠣᠯᠭ᠎ᠠ ᠪᠠᠨ ᠬᠠᠶᠠᠬᠤ ᠥᠬᠡᠶ᠂ ᠬᠠᠪᠰᠤᠷᠤᠨ ᠲᠡᠳᠬᠦᠬᠦ ᠪᠠᠨ ᠵᠤᠭᠰᠤᠭᠠᠬᠤ ᠥᠬᠡᠶ᠂ | ᠬᠢᠨᠠᠯᠲᠠ ᠬᠠᠮᠢᠶᠠᠷᠤᠯᠳᠠ ᠪᠠᠨ ᠬᠠᠶᠠᠬᠤ ᠥᠬᠡᠶ ᠪᠠᠶᠢᠬᠤ ᠱᠠᠭᠠᠷᠳᠠᠯᠭ᠎ᠠ ᠶᠣᠰᠣᠭᠠᠷ ︽ᠬᠤᠶᠠᠷ ᠲᠤ ᠰᠠᠨᠠᠭᠠᠰᠢᠷᠠᠬᠤ | ᠥᠬᠡᠶ ᠭᠤᠷᠪᠠ ᠶᠢ ᠪᠠᠲᠤᠯᠠᠬᠤ︾ ᠪᠠ ᠤᠤᠭᠤᠬᠤ ᠤᠰᠤᠨ ᠤ ᠠᠶᠤᠯᠭᠦᠢ ᠶᠢᠨ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠤᠨ ᠠᠵᠤ ᠦᠶᠯᠡᠰ᠂ ᠡᠷᠡᠭᠦᠯ ᠮᠡᠨᠳᠦ᠂ ᠰᠤᠷᠭᠠᠨ ᠬᠥᠮᠦᠵᠢᠯ᠂ ᠠᠵᠢᠯ ᠣᠯᠭᠤᠯᠲᠠ ᠪᠠᠷ ᠶᠠᠳᠠᠭᠤ | ᠶᠢ ᠲᠡᠳᠬᠦᠬᠦ ᠠᠵᠢᠯ ᠢ ᠰᠠᠶᠢᠲᠤᠷ ᠬᠢᠵᠦ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ | ᠤ ᠢᠯᠠᠯᠲᠠ ᠶᠢ ᠤᠯᠬᠤ ᠬᠡᠷᠡᠭᠲᠡᠶ᠃ ᠠᠵᠤ ᠦᠶᠯᠡᠰ ᠤᠨ ᠲᠥᠷᠥᠯ ᠵᠦᠶᠯ ᠢ ᠣᠨᠣᠪᠴᠢᠲᠠᠶ ᠰᠣᠩᠭᠤᠵᠤ ︽ | ᠲᠤᠯᠤᠭᠠᠶᠢᠯᠠᠬᠤ ᠠᠵᠤ ᠠᠬᠤᠶᠢᠯᠠᠯ + ᠨᠠᠮ ᠤᠨ ᠡᠭᠦᠷ + ᠬᠤᠷᠰᠢᠶᠠᠵᠢᠯ + ᠮᠠᠯᠵᠢᠬᠤ ᠲᠠᠷᠢᠶᠠᠯᠠᠬᠤ ᠡᠷᠦᠬᠡ︾᠂ | ᠠᠵᠤ ᠦᠶᠯᠡᠰ ᠤᠨ ᠬᠤᠯᠪᠣᠭᠠᠲᠤ ᠴᠣᠭᠴᠠ ᠵᠡᠷᠭᠡ ᠰᠢᠨ᠎ᠡ ᠵᠠᠭᠪᠤᠷ ᠢ ᠬᠡᠷᠡᠭᠵᠢᠭᠦᠯᠵᠦ ᠮᠠᠯᠴᠢᠨ ᠲᠠᠷᠢᠶᠠᠴᠢᠨ ᠢ ᠠᠵᠤ | ᠦᠶᠯᠡᠰ ᠤᠨ ᠭᠡᠯᠭᠢᠶᠠᠵᠢᠯ ᠳᠤ ᠣᠷᠣᠭᠤᠯᠬᠤ ᠬᠡᠷᠡᠭᠲᠡᠶ᠃ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠬᠤ | ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯᠯᠠᠭ᠎ᠠ ᠶᠢ ᠢᠳᠡᠪᠭᠢᠳᠠᠢ ᠥᠷᠨᠢᠭᠦᠯᠭᠦ ᠬᠡᠷᠡᠭᠲᠡᠶ ᠭᠡᠵᠡᠢ᠃ | | | | | | | ᠵᠣᠣ ᠹᠸᠢ ᠯᠦ ᠴᠢᠬᠤᠯᠠᠴᠢᠯᠠᠭᠰᠠᠨ ᠨᠢ᠂ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠰᠤᠯᠠᠷᠠᠭᠤᠯᠤᠯ ᠥᠭᠡᠢ ᠠᠳᠬᠤᠵᠤ ᠬᠢᠯᠢ ᠶᠢᠨ ᠭᠠᠳᠠᠨ᠎ᠠ ᠠᠴᠠ ᠤᠷᠤᠵᠤ | ᠢᠷᠠᠭᠦ ᠡᠪᠡᠳᠴᠢᠳᠠᠨ ᠤ ᠵᠢᠱᠢᠶ᠎ᠡ ᠪᠠ ᠡᠪᠡᠳᠴᠢᠨ ᠤ ᠢᠯᠡᠷᠡᠯ ᠥᠬᠡᠶ ᠪᠠᠷ ᠬᠠᠯᠳᠠᠪᠤᠷᠢᠯᠠᠭᠳᠠᠬᠤ ᠵᠡᠷᠭᠡ ᠰᠢᠨ᠎ᠡ | ᠪᠠᠶᠢᠳᠠᠯ ᠢ ᠰᠡᠷᠭᠡᠶᠢᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ ᠰᠤᠷᠭᠠᠭᠤᠯᠢ ᠶᠢᠨ ᠡᠮᠬᠢ ᠵᠢᠷᠤᠮ ᠲᠠᠢ ᠪᠠᠷ ᠭᠢᠴᠢᠶᠠᠯ | ᠡᠭᠢᠯᠠᠭᠦᠯᠭᠦ ᠶᠢ ᠵᠤᠭᠢᠶᠠᠨ ᠪᠠᠶᠢᠭᠤᠯᠵᠤ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠢ ᠪᠠᠲᠤᠯᠠᠬᠤ ᠬᠡᠷᠡᠭᠲᠡᠶ᠃ | ᠬᠠᠪᠤᠷ ᠤᠨ ᠤᠯᠠᠷᠢᠯ ᠤᠨ ᠬᠤᠯᠤᠭᠠᠨ᠎ᠠ ᠶᠢᠨ ᠭᠢᠵᠢᠭ ᠢ ᠬᠤᠯᠪᠣᠭᠠᠯᠠᠨ ᠰᠡᠷᠭᠡᠶᠢᠯᠡᠵᠦ ᠭᠤᠤᠯᠳᠠᠯᠭ᠎ᠠ ᠲᠠᠢ ᠲᠥᠷᠥᠯ | ᠵᠦᠶᠯ ᠤᠨ ᠭᠠᠷᠳᠠᠮ ᠢ ᠭᠦᠶᠴᠡᠳᠬᠡᠬᠦ ᠪᠠᠨ ᠲᠦᠷᠭᠡᠳᠬᠡᠵᠦ ᠰᠢᠨ᠎ᠡ ᠪᠠᠷ ᠪᠠᠶᠢᠭᠤᠯᠬᠤ᠂ ᠦᠷᠭᠦᠯᠵᠢᠯᠡᠨ ᠪᠠᠶᠢᠭᠤᠯᠬᠤ | ᠲᠥᠷᠥᠯ ᠵᠦᠶᠯ ᠢ ᠰᠡᠷᠭᠦᠭᠡᠬᠦ ᠶᠢ ᠠᠬᠢᠭᠤᠯᠤᠨ ᠠᠵᠤ ᠠᠬᠤᠢ ᠶᠢᠨ ᠡᠷᠭᠢᠯᠳᠠ ᠶᠢᠨ ᠲᠣᠬᠢᠷᠠᠭᠤᠯᠤᠯᠲᠠ ᠶᠢ | ᠴᠢᠩᠭᠠᠳᠬᠠᠵᠤ ᠠᠭᠤᠷᠬᠠᠶ ᠶᠢᠨ ᠭᠠᠷᠤᠯᠲᠠ ᠪᠣᠯᠤᠨ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠤ ᠲᠦᠷᠢᠮ | ᠲᠣᠭᠲᠠᠭᠠᠯ ᠠᠴᠠ ᠵᠥᠷᠢᠴᠡᠭᠰᠡᠨ ᠬᠠᠤᠯᠢ ᠠᠴᠠ ᠵᠦᠷᠢᠴᠡᠭᠰᠡᠨ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠶᠢ | ᠨᠢᠭᠡᠳᠦᠯᠲᠡᠶ ᠲᠥᠯᠥᠪᠯᠡᠨ ᠢᠯᠡᠷᠡᠭᠦᠯᠦᠭᠰᠡᠨ ᠠᠰᠠᠭᠤᠳᠠᠯ ᠢ ᠡᠷᠡᠰ ᠴᠡᠭᠴᠡᠯᠡᠨ ᠰᠠᠶᠢᠵᠢᠷᠠᠭᠤᠯᠬᠤ ᠬᠡᠷᠡᠭᠲᠡᠶ ᠭᠡᠵᠡᠢ᠃ |