ᠪᠦᠬᠦ ᠬᠤᠰᠢᠭᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020-04-02
     3 ᠰᠠᠷ᠎ᠠ ᠶᠢᠨ 31 ᠤ ᠡᠳᠦᠷ᠂ ᠪᠥᠬᠦ ᠬᠤᠰᠢᠭᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠬᠤᠷᠠᠯ ᠬᠤᠷᠠᠯᠳᠤᠪᠠ᠃ ᠬᠤᠷᠠᠯ ᠠᠴᠠ ᠪᠥᠬᠦ ᠤᠯᠤᠰ᠂ ᠪᠥᠬᠦ ᠣᠷᠣᠨ᠂ ᠪᠥᠬᠦ ᠬᠤᠲᠠ ᠶᠢᠨ ᠵᠣᠬᠢᠶᠠᠨ ᠪᠠᠶᠢᠭᠤᠯᠤᠯᠲᠠ᠂ ᠤᠬᠠᠭᠤᠯᠭ᠎ᠠ᠂ ᠨᠢᠭᠡᠳᠤᠮᠠᠯ ᠹᠷᠣᠨᠲ᠂ ᠤᠯᠤᠰ ᠲᠥᠷᠥ ᠬᠠᠤᠯᠢ ᠴᠠᠭᠠᠵᠠ ᠵᠡᠷᠭᠡ ᠬᠠᠮᠢᠶ᠎ᠠ ᠪᠥᠬᠦᠶ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠬᠤᠰᠢᠭᠤ ᠨᠠᠮ ᠤᠨ ᠬᠤᠷᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠠᠷᠪᠠᠨ ᠨᠢᠭᠡᠳᠦᠭᠡᠷ ᠤᠳᠠᠭᠠᠨ ᠤ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠤᠨ ᠡᠨᠡ ᠵᠢᠯ ᠤᠨ ᠪᠥᠬᠦ ᠬᠤᠰᠢᠭᠤᠨ ᠤ ᠨᠠᠮ ᠤᠨ ᠪᠠᠶᠢᠭᠤᠯᠤᠯᠲᠠ ᠶᠢᠨ ᠠᠵᠢᠯ ᠳᠤ ᠪᠠᠶᠢᠷᠢᠯᠠᠭᠤᠯᠤᠯᠳᠠ ᠲᠤᠭᠢᠷᠠᠭᠤᠯᠤᠯᠳᠠ ᠭᠢᠪᠠ᠃ ᠬᠤᠷᠠᠯ ᠢ ᠸᠢᠳᠢᠣ᠋ ᠬᠡᠯᠪᠡᠷᠢ ᠪᠠᠷ ᠭᠠᠴᠠᠭ᠎ᠠ ᠲᠣᠰᠬᠤᠨ ᠤ ᠱᠠᠲᠤᠨ  ᠳᠤ ᠭᠥᠷᠳᠡᠯ᠎ᠠ ᠬᠤᠷᠠᠯᠳᠤᠭᠤᠯᠵᠤ ᠰᠢᠶᠠᠨ ᠤ ᠲᠠᠰ ᠤᠨ ᠪᠥᠬᠦ ᠤᠳᠤᠷᠢᠳᠤᠯᠭ᠎ᠠ᠂ ᠡᠯ᠎ᠡ ᠰᠤᠮᠤ ᠪᠠᠯᠭᠠᠰᠤᠨ ᠤ ᠨᠠᠮ  ᠤᠨ ᠬᠤᠷᠢᠶᠠᠨ ᠤ ᠱᠦᠵᠢ᠂ ᠬᠤᠰᠢᠭᠤ ᠰᠢᠭᠤᠳ ᠬᠠᠷᠢᠶ᠎ᠠ ᠬᠤᠯᠪᠤᠭᠳᠠᠯ ᠪᠦᠬᠦᠢ ᠡᠯ᠎ᠡ ᠰᠠᠯᠠᠭ᠎ᠠ ᠮᠥᠴᠢᠷ᠂ ᠡᠯ᠎ᠡ ᠤᠯᠤᠰ ᠤᠨ ᠥᠮᠴᠢᠯᠡᠯᠲᠦ ᠠᠵᠤ ᠠᠬᠤᠶᠢᠯᠠᠯ ᠪᠣᠯᠤᠨ ᠬᠤᠳᠠ ᠶᠢᠨ ᠬᠡᠰᠡᠭ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠭᠤᠤᠯ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠵᠤ ᠡᠯ᠎ᠡ ᠠᠵᠤ ᠠᠬᠤᠶ ᠶᠢᠨ ᠨᠡᠭᠡᠭᠡᠯᠲᠡ ᠶᠢᠨ ᠲᠤᠭᠤᠷᠢᠭ ︵ᠬᠦᠷᠢᠶᠡᠯᠡᠩ ᠲᠣᠭᠤᠷᠢᠭ︶᠂ ᠡᠯ᠎ᠡ ᠰᠤᠮᠤ ᠪᠠᠯᠭᠠᠰᠤᠨ ᠤ ᠤᠳᠤᠷᠢᠳᠬᠤ ᠪᠠᠭ ᠤᠨ ᠪᠦᠷᠢᠯᠳᠦᠬᠦᠨ᠂ ᠡᠯ᠎ᠡ ᠭᠠᠴᠠᠭ᠎ᠠ ᠲᠤᠰᠬᠤᠨ ᠤ ︽ᠭᠤᠷᠪᠠᠨ ᠵᠥᠪᠯᠡᠯ︾ ᠤᠨ ᠪᠠᠭ ᠤᠨ ᠪᠦᠷᠢᠯᠳᠦᠬᠦᠨ ᠵᠢᠴᠢ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠡᠯ᠎ᠡ ᠬᠤᠪᠢᠶᠠᠷᠢ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠪᠠ᠃
     ᠡᠷᠳᠡᠨᠢᠪᠢᠯᠢᠭ ᠵᠢᠭᠠᠵᠤ ᠭᠠᠷᠭᠠᠭᠰᠠᠨ ᠨᠢ᠂ ᠥᠩᠭᠡᠷᠡᠭᠰᠡᠨ ᠨᠢᠭᠡ ᠵᠢᠯ ᠳᠤ ᠪᠥᠬᠦ ᠬᠤᠰᠢᠭᠤᠨ ᠤ ᠡᠯ᠎ᠡ ᠱᠠᠲᠤᠨ  ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠳᠠᠯᠠᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠤᠨ ᠰᠢᠨ᠎ᠠ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠶᠡᠷᠦᠩᠬᠡᠶ ᠱᠠᠭᠠᠷᠳᠠᠯᠭ᠎ᠠ ᠶᠢ ᠨᠠᠷᠢᠨ ᠬᠢᠨᠠᠮᠠᠭᠠᠶ ᠲᠤᠭᠤᠰᠢᠯᠠᠭᠤᠯᠵᠤ ︽ᠣᠭ ᠰᠠᠨᠠᠭ᠎ᠠ ᠪᠠᠨ ᠥᠯᠥ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠢ ᠯᠠᠪᠳᠠᠭᠤᠨ ᠪᠠᠲᠤᠲᠠᠶ ᠥᠷᠨᠢᠭᠦᠯᠵᠦ ᠨᠠᠮ ᠤᠨ ᠪᠠᠶᠢᠭᠤᠯᠤᠯᠲᠠ ᠪᠠᠷ ᠭᠥᠳᠤᠯᠤᠨ ᠲᠠᠭᠠᠭᠤᠯᠵᠤ ︽ᠨᠤᠮᠢᠨ ᠲᠠᠩᠰᠤᠭ ᠭᠥᠭᠵᠢᠨ ᠮᠠᠨᠳᠤᠯᠳᠠ︾ ᠶᠢᠨ ᠨᠡᠷᠡᠲᠦ ᠲᠡᠮᠲᠡᠭ ᠢ ᠡᠭᠦᠳᠤᠨ ᠭᠤᠷᠪᠠᠨ ᠱᠠᠲᠤᠨ  ᠤ ᠱᠦᠵᠢ ᠨᠢᠭᠤᠷᠳᠠᠨ ᠰᠠᠭᠤᠵᠤ ᠣᠨᠣᠯ ᠰᠤᠷᠴᠤ ᠬᠥᠭᠵᠢᠯᠲᠡ ᠶᠢ ᠡᠷᠢᠯᠬᠢᠯᠡᠨ ᠨᠠᠶᠢᠳᠠᠪᠤ‌‍ᠷᠢᠵᠢᠭᠤᠯᠤᠯᠲᠠ ᠶᠢ ᠠᠳᠬᠤᠬᠤ ᠠᠵᠢᠯᠯᠠᠭ᠎ᠠ ᠶᠢ ᠥᠷᠨᠢᠭᠦᠯᠵᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ ᠂ ᠤᠯᠤᠰ ᠲᠥᠷᠥ ᠶᠢᠨ ᠵᠥᠪᠯᠡᠯᠭᠡᠨ᠂ ᠨᠢᠭᠡᠳᠦᠮᠡᠯ ᠹᠷᠣᠨᠲ ᠪᠣᠯᠤᠨ ᠣᠯᠠᠨ ᠲᠦᠮᠡᠨ ᠤ ᠪᠦᠯᠬᠦᠮ ᠤᠨ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠲᠠᠰᠤᠷᠠᠯᠲᠠ ᠤᠢᠭᠡᠢ ᠴᠢᠩᠭᠠᠳᠬᠠᠨ ᠨᠠᠮ ᠤᠨ ᠪᠠᠶᠢᠭᠤᠯᠤᠯᠲᠠ ᠶᠢ ᠠᠳᠬᠤᠵᠤ  ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ᠂ ᠭᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠦᠨᠳᠦᠰᠦᠨ ᠱᠠᠲᠤᠨ ᠤ ᠵᠠᠰᠠᠯᠲᠠ ᠶᠢ ᠠᠭᠢᠭᠤᠯᠵᠤ ᠣᠷᠣᠨ ᠪᠦᠰᠡᠴᠢᠯᠡᠭᠰᠡᠨ ᠨᠠᠮ ᠤᠨ ᠪᠠᠶᠢᠭᠤᠯᠤᠯᠲᠠ ᠶᠢᠨ ᠬᠤᠯᠪᠣᠭᠠᠲᠤ ᠴᠣᠭᠴᠠ ᠶᠢ ᠪᠠᠶᠢᠭᠤᠯᠤᠨ ︽ᠨᠠᠮ ᠤᠨ ᠪᠠᠶᠢᠭᠤᠯᠤᠯᠲᠠ︾ ᠪᠠᠷ ︽ᠶᠡᠭᠡ ᠠᠭᠤᠰᠤᠯᠴᠠᠯ︾ ᠢ ᠠᠬᠢᠭᠤᠯᠬᠤ ︽ᠶᠡᠭᠡ ᠬᠥᠭᠵᠢᠯᠲᠡ︾ ᠶᠢ ᠬᠦᠳᠤᠯᠤᠨ ᠳᠠᠭᠠᠭᠤᠯᠬᠤ ᠠᠵᠢᠯ ᠤᠨ ᠰᠢᠨ᠎ᠡ ᠪᠠᠶᠢᠷᠢᠰᠢᠯ ᠢ ᠪᠦᠷᠢᠯᠳᠦᠬᠦᠯᠦᠭᠰᠡᠨ ᠪᠠᠶᠢᠨ᠎ᠠ ᠭᠡᠵᠡᠢ᠃
     ᠡᠷᠳᠡᠨᠢᠪᠢᠯᠢᠭ ᠴᠢᠬᠤᠯᠠᠴᠢᠯᠠᠬᠤ ᠳᠤ ᠪᠠᠨ᠂ ︽ᠨᠠᠮ ᠤᠨ ᠪᠦᠬᠦ ᠲᠠᠯ᠎ᠠ ᠪᠠᠷ ᠤᠳᠤᠷᠢᠳᠬᠤ ᠳᠦᠷᠢᠮ ᠢ ᠪᠦᠷᠢᠨᠰᠢᠬᠦᠯᠵᠤ ᠲᠣᠭᠲᠠᠭᠠᠯ ᠶᠣᠰᠣᠭᠠᠷ ᠨᠠᠮ ᠢ ᠵᠠᠰᠠᠬᠤ ᠶᠢ ᠪᠠᠷᠢᠮᠳᠠᠯᠠᠨ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠪᠠᠷ ᠨᠢᠭᠡᠳᠤᠯᠳᠠᠢ ᠵᠢᠯᠤᠭᠤᠳᠤᠭᠤᠯᠵᠤ ᠨᠠᠮ ᠤᠨ ᠡᠯ᠎ᠡ ᠲᠠᠯ᠎ᠠ ᠶᠢᠨ ᠪᠠᠶᠢᠭᠤᠯᠤᠯᠲᠠ ᠶᠢ ᠪᠦᠬᠦ ᠲᠠᠯ᠎ᠠ  ᠪᠠᠷ ᠲᠦᠯᠬᠢᠨ ᠠᠬᠢᠭᠤᠯᠬᠤ ᠲᠤᠭᠳᠠᠯᠴᠠᠭ᠎ᠠ ᠶᠢ ᠪᠠᠶᠢᠭᠤᠯᠤᠨ ᠲᠡᠭᠦᠯᠳᠡᠷᠵᠢᠭᠦᠯᠬᠦ ᠬᠡᠷᠡᠭᠲᠡᠶ︾᠃ ᠪᠦᠬᠦ ᠬᠤᠰᠢᠭᠤ ᠪᠠᠷ  ᠢᠶᠠᠨ ᠤᠯᠤᠰ ᠲᠥᠷᠥ ᠪᠣᠯᠤᠨ ᠪᠦᠬᠦ ᠲᠠᠯ᠎ᠠ ᠶᠢᠨ ᠥᠨᠳᠤᠷᠴᠠ ᠠᠴᠠ ᠨᠠᠮ ᠤᠨ ᠪᠠᠶᠢᠭᠤᠯᠤᠯᠲᠠ ᠶᠢᠨ ᠠᠵᠢᠯ ᠤᠨ ᠶᠠᠰᠤ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠶ᠃ ᠵᠣᠬᠢᠶᠠᠨ ᠪᠠᠶᠢᠭᠤᠯᠤᠯᠳᠠ᠂ ᠤᠬᠠᠭᠤᠯᠭ᠎ᠠ᠂ ᠨᠢᠭᠡᠳᠦᠮᠡᠯ ᠹᠷᠣᠨᠲ᠂ ᠤᠯᠤᠰ ᠲᠥᠷᠥ ᠬᠠᠤᠯᠢ ᠴᠠᠭᠠᠵᠠ᠂ ᠣᠯᠠᠨ ᠲᠦᠮᠡᠨ ᠤ ᠪᠦᠯᠬᠦᠮ ᠨᠢ ᠡᠯ᠎ᠡ ᠲᠥᠷᠤᠯ ᠤᠨ ᠠᠵᠢᠯ ᠢᠶᠠᠨ ᠪᠦᠲᠦᠭᠡᠯᠴᠢ ᠪᠠᠷ ᠰᠠᠶᠢᠲᠤᠷ ᠥᠷᠨᠢᠭᠦᠯᠵᠦ ᠨᠠᠮ ᠤᠨ ᠪᠠᠶᠢᠭᠤᠯᠤᠯᠲᠠ ᠶᠢᠨ ᠠᠵᠢᠯ ᠤᠨ ᠰᠢᠨ᠎ᠡ ᠪᠠᠶᠢᠳᠠᠯ  ᠢ ᠲᠠᠰᠤᠷᠠᠯᠲᠠ ᠥᠬᠡᠶ ᠡᠭᠦᠳᠦᠨ ᠪᠥᠬᠦ ᠬᠤᠰᠢᠭᠤᠨ ᠤ ᠡᠯ᠎ᠡ ᠲᠥᠷᠤᠯ ᠤᠨ ᠠᠵᠢᠯ ᠦᠶᠯᠡᠰ ᠤᠨ ᠴᠢᠨᠠᠷ ᠰᠠᠶᠢᠲᠠᠶ ᠬᠥᠭᠵᠢᠯᠲᠡ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠶ᠃ ᠵᠣᠬᠢᠶᠠᠨ ᠪᠠᠶᠢᠭᠤᠯᠬᠤ ᠠᠵᠢᠯ ᠳᠤ ︽ᠰᠠᠶᠢᠨ ᠺᠠᠳ᠋ᠷ︾ ᠤᠨ ᠪᠠᠷᠢᠮᠵᠢᠶ᠎ᠠ ᠶᠢ ᠪᠠᠷᠢᠮᠳᠠᠯᠠᠨ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠰᠠᠭᠤᠷᠢ  ᠶᠢ ᠪᠠᠭᠢᠵᠢᠭᠦᠯᠤᠨ ︽ᠴᠢᠳᠠᠪᠤᠷᠢᠳᠠᠨ ᠢᠶᠠᠷ ᠬᠤᠰᠢᠭᠤ ᠪᠠᠨ ᠬᠦᠴᠦᠷᠬᠡᠭᠵᠢᠭᠦᠯᠬᠦ︾ ᠪᠠᠶᠢᠯᠳᠤᠬᠤ ᠪᠣᠳᠣᠯᠭ᠎ᠠ ᠶᠢ ᠭᠡᠷᠡᠭᠵᠢᠭᠦᠯᠭᠦ ᠭᠡᠷᠡᠭᠳᠠᠢ᠃ ᠤᠬᠠᠭᠤᠯᠭ᠎ᠠ ᠶᠢᠨ ᠠᠵᠢᠯ ᠳᠤ ᠦᠵᠡᠯ ᠤᠬᠠᠮᠰᠠᠷ ᠤᠨ ᠬᠡᠯᠪᠡᠷᠢ ᠶᠢᠨ ᠬᠠᠷᠢᠭᠤᠴᠠᠯᠭ᠎ᠠ ᠶᠢ ᠪᠠᠳᠤᠳᠬᠠᠨ ᠶᠠᠷᠢᠶ᠎ᠠ ᠬᠡᠯᠡᠯᠴᠡᠭᠡᠨ ᠤ ᠬᠥᠲᠥᠯᠥᠨ ᠵᠢᠯᠣᠭᠤᠳᠬᠤ ᠴᠢᠳᠠᠪᠤᠷᠢ ᠪᠠᠨ ᠳᠡᠭᠡᠭᠰᠢᠯᠡᠭᠦᠯᠵᠦ ᠨᠡᠶᠢᠭᠡᠮ ᠵᠢᠷᠤᠮ  ᠤᠨ ᠭᠤᠤᠯᠯᠠᠭᠴᠢ ᠥᠷᠲᠡᠭ ᠤᠨ ᠦᠵᠡᠯᠲᠡ ᠶᠢᠨ ᠪᠠᠶᠢᠭᠤᠯᠤᠯᠲᠠ ᠶᠢ ᠠᠬᠢᠭᠤᠯᠵᠤ ᠰᠣᠶᠣᠯ ᠤᠨ ᠦᠶᠯᠡᠰ ᠢ ᠲᠦᠷᠭᠡᠳᠬᠡᠨ ᠬᠥᠭᠵᠢᠭᠦᠯᠬᠦ ᠬᠡᠷᠡᠭᠲᠡᠶ᠃ ᠨᠢᠭᠡᠳᠦᠮᠡᠯ ᠹᠷᠣᠨᠲ ᠤᠨ ᠠᠵᠢᠯ ᠪᠣᠯᠤᠨ ᠤᠯᠠᠨ ᠲᠦᠮᠡᠨ ᠤ ᠪᠦᠯᠬᠦᠮ ᠤᠨ ᠠᠵᠢᠯ ᠳᠤ ᠨᠠᠮ ᠤᠨ ᠦᠨᠳᠦᠰᠦᠲᠡᠨ ᠱᠠᠰᠢᠨ ᠰᠤᠷᠲᠠᠬᠤᠨ ᠤ ᠲᠦᠷᠦ ᠶᠢᠨ ᠪᠤᠳᠤᠯᠭ᠎ᠠ ᠶᠢ ᠭᠥᠨᠵᠡᠭᠡᠢ ᠲᠤᠭᠤᠰᠢᠯᠠᠭᠤᠯᠵᠤ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠬᠥᠭᠵᠢᠯᠲᠡ ᠳᠤ ᠥᠢᠯᠡᠴᠢᠯᠠᠨ ︽ᠵᠠᠭᠤᠨ ᠠᠵᠤ ᠠᠬᠤᠶᠢᠯᠠᠯ ᠵᠠᠭᠤᠨ ᠭᠠᠴᠠᠭ᠎ᠠ ᠲᠣᠰᠬᠤᠨ ᠢ ᠲᠠᠮᠵᠢᠭᠦ︾ ᠠᠵᠢᠯᠯᠠᠭ᠎ᠠ ᠶᠢ ᠲᠠᠰᠤᠷᠠᠯᠲᠠ ᠦᠭᠡᠢ ᠠᠬᠢᠭᠤᠯᠵᠤ ᠤᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ᠃ ᠤᠯᠤᠰ ᠲᠦᠷᠦ ᠬᠠᠤᠯᠢ ᠴᠠᠭᠠᠵᠠ ᠶᠢᠨ ᠠᠵᠢᠯ ᠳᠤ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠲᠦᠷᠢᠮ︾ ᠢ ᠨᠠᠶᠢᠳᠠᠪᠤᠷᠢᠵᠢᠭᠤᠯᠤᠨ ᠨᠡᠶᠢᠭᠡᠮ  ᠤᠨ ᠲᠣᠭᠲᠠᠭᠤᠨ ᠪᠠᠶᠢᠳᠠᠯ ᠢ ᠪᠦᠬᠦ ᠬᠦᠴᠦᠨ ᠢᠶᠠᠷ ᠬᠠᠮᠠᠭᠠᠯᠠᠵᠤ ᠵᠢᠭᠤᠷᠠᠯᠳᠤᠭᠠᠨ ᠢ ᠡᠶᠡᠳᠡᠭᠦᠯᠬᠦ ᠤᠯᠠᠨ ᠡᠰᠢᠲᠦ ᠲᠤᠭᠳᠠᠯᠴᠠᠭ᠎ᠠ ᠶᠢ ᠪᠥᠷᠢᠨᠰᠢᠭᠦᠯᠵᠤ ᠨᠡᠶᠢᠭᠡᠮ ᠤᠨ ᠵᠠᠰᠠᠯᠲᠠ ᠶᠢᠨ ᠴᠢᠳᠠᠪᠤᠷᠢ ᠶᠢᠨ ᠰᠢᠨ᠎ᠡ ᠶᠢ ᠡᠭᠦᠳᠭᠦ ᠬᠡᠷᠡᠭᠲᠡᠶ᠃ ᠬᠢᠵᠢᠭ ᠤᠨ ᠨᠥᠯᠥᠭᠡ ᠠᠴᠠ ᠪᠣᠯᠵᠣ ᠡᠨᠡ ᠵᠢᠯ ᠤᠨ ᠠᠵᠢᠯ ᠤᠨ ᠡᠭᠦᠷᠭᠡ ᠥᠩᠭᠡᠷᠡᠭᠰᠡᠨ ᠵᠢᠯ ᠠᠴᠠ ᠨᠠᠩ ᠬᠦᠨᠳᠦ ᠪᠣᠯᠵᠣ ᠪᠡᠶᠡᠯᠡᠭᠦᠯᠬᠦ ᠳᠤ ᠨᠠᠩ ᠬᠦᠴᠢᠷᠲᠡᠶ ᠪᠣᠯᠵᠠᠶ᠂ ᠪᠥᠬᠦ ᠬᠤᠰᠢᠭᠤᠨ ᠤ ᠡᠯ᠎ᠡ ᠱᠠᠳᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠨᠠᠩ ᠥᠨᠳᠥᠷ ᠪᠠᠷᠢᠮᠵᠢᠶ᠎ᠠ᠂ ᠨᠠᠩ ᠲᠦᠷᠭᠡᠨ ᠬᠤᠷᠳᠤᠴᠠ᠂ ᠨᠠᠩ ᠪᠣᠳᠠᠲᠠᠶ ᠠᠷᠭ᠎ᠠ ᠬᠡᠮᠵᠢᠶ᠎ᠡ ᠪᠠᠷ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ ᠬᠦᠴᠢᠷ ᠪᠡᠷᠬᠡᠰᠢᠶᠡᠯ ᠢ ᠢᠯᠠᠨ ᠳᠠᠪᠠᠵᠤ ᠬᠢᠵᠢᠭ ᠤᠨ ᠪᠠᠶᠢᠳᠠᠯ ᠤᠨ ᠨᠥᠯᠥᠭᠡ ᠶᠢ ᠬᠠᠮᠤᠭ ᠤᠨ ᠳᠣᠤᠷ᠎ᠠ ᠬᠡᠮᠵᠢᠶᠡᠨ ᠳᠤ ᠭᠢᠵᠠᠭᠠᠷᠯᠠᠨ ᠪᠥᠬᠦ ᠵᠢᠯ ᠤᠨ ᠬᠠᠷᠠᠯᠲᠠ ᠡᠭᠦᠷᠭᠡ ᠪᠠᠨ ᠴᠢᠨᠠᠷ ᠰᠠᠶᠢᠲᠠᠶ ᠪᠡᠶᠡᠯᠡᠭᠦᠯᠬᠦ ᠪᠠᠷ ᠴᠢᠷᠮᠠᠶᠢᠬᠤ ᠭᠡᠷᠡᠭᠳᠠᠢ ᠭᠡᠵᠡᠢ᠃
     ᠡᠷᠳᠡᠨᠢᠪᠢᠯᠢᠭ ᠴᠢᠬᠤᠯᠠᠴᠢᠯᠠᠭᠰᠠᠨ ᠨᠢ᠂ ᠨᠠᠮ ᠤᠨ ᠪᠠᠶᠢᠭᠤᠯᠤᠯᠲᠠ ᠶᠢᠨ ᠠᠵᠢᠯ ᠢ ᠰᠠᠶᠢᠲᠤᠷ ᠬᠢᠬᠦ ᠨᠢ ᠨᠠᠩ ᠴᠢᠬᠤᠯᠠ ᠶᠤᠮ᠂ ᠪᠥᠬᠦ ᠬᠤᠰᠢᠭᠤ ᠪᠠᠷ ᠢᠶᠠᠨ ᠨᠠᠮ ᠤᠨ ᠠᠯᠢᠪᠠ ᠠᠵᠢᠯ ᠳᠠᠬᠢ ᠤᠳᠤᠷᠢᠳᠤᠯᠭ᠎ᠠ ᠶᠢ ᠡᠷᠡᠰ ᠭᠤᠶᠢᠪᠢᠰᠢ ᠥᠬᠡᠶ ᠪᠠᠷᠢᠮᠲᠠᠯᠠᠨ ᠨᠠᠮ ᠤᠨ ᠤᠯᠤᠰ ᠲᠥᠷᠥ ᠶᠢᠨ ᠲᠠᠪᠠᠭᠤᠯᠢᠭ᠂ ᠵᠣᠬᠢᠶᠠᠨ ᠪᠠᠶᠢᠭᠤᠯᠤᠯᠲᠠ ᠶᠢᠨ ᠳᠠᠪᠠᠭᠤᠯᠢᠭ᠂ ᠲᠦᠷᠢᠮ ᠤᠨ ᠳᠠᠪᠠᠭᠤᠯᠢᠭ ᠢ ᠭᠦᠶᠴᠡᠳ ᠪᠠᠳᠠᠷᠠᠭᠤᠯᠵᠤ ᠨᠢᠭᠲᠠᠷᠠᠨ ᠪᠦᠯᠬᠦᠮᠳᠡᠵᠦ ᠡᠯ᠎ᠡ ᠵᠦᠶᠯ ᠤᠨ ᠠᠵᠢᠯ ᠦᠶᠯᠡᠰ ᠤᠨ ᠰᠢᠨ᠎ᠡ ᠪᠠᠶᠢᠳᠠᠯ ᠢ ᠲᠠᠰᠤᠷᠠᠯᠲᠠ ᠥᠬᠡᠶ ᠡᠭᠦᠳᠴᠦ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ ᠨᠤᠮᠢᠨ ᠲᠠᠩᠰᠤᠭ ᠭᠥᠭᠵᠢᠨ ᠮᠠᠨᠳᠤᠯᠳᠠ ᠶᠢ ᠪᠡᠶᠡᠯᠡᠭᠦᠯᠬᠦ ᠳᠤ ᠨᠠᠩ ᠶᠡᠭᠡ ᠰᠢᠨ᠎ᠡ ᠬᠤᠪᠢ ᠨᠡᠮᠡᠷᠢ ᠥᠵᠡᠭᠦᠯᠭᠦ ᠬᠡᠷᠡᠭᠲᠡᠶ ᠭᠡᠵᠡᠶ᠃      ᠵᠣᠣ ᠹᠸᠢ ᠯᠦ ᠱᠠᠭᠠᠷᠳᠠᠭᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠵᠤ ︽ᠳᠥᠷᠪᠡᠨ ᠤᠬᠠᠮᠰᠠᠷ︾ ᠢ ᠪᠣᠶ ᠪᠤᠯᠭᠠᠨ ︽ᠳᠥᠷᠪᠡᠨ ᠢᠲᠡᠭᠡᠯ︾ ᠢᠶᠠᠨ ᠪᠠᠲᠤᠳᠬᠠᠨ ︽ᠬᠤᠶᠠᠷ ᠢ ᠬᠠᠮᠠᠭᠠᠯᠠᠬᠤ︾ ᠶᠢ ᠦᠶᠯᠡᠳᠦᠯᠭᠡᠵᠢᠭᠦᠯᠵᠦ ᠺᠠᠳ᠋ᠷ ᠣᠯᠠᠨ ᠲᠦᠮᠡᠨ ᠤ ᠦᠵᠡᠯ ᠰᠠᠨᠠᠭ᠎ᠠ ᠲᠠᠨᠢᠯᠲᠠ ᠶᠢ ᠨᠢᠭᠡᠳᠬᠡᠨ ᠦᠨᠡᠨ ᠢ ᠪᠠᠷᠢᠮᠲᠠᠯᠠᠨ ᠡᠷᠡᠯᠬᠡᠭᠯᠡᠨ ᠤᠷᠤᠭᠰᠢᠯᠠᠬᠤ ᠬᠦᠴᠦᠨ ᠢ ᠨᠢᠭᠲᠠᠷᠠᠭᠤᠯᠵᠤ ᠠᠵᠢᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠲᠠᠢ ᠬᠠᠷᠢᠴᠠᠭᠤᠯᠤᠨ ᠠᠷᠭ᠎ᠠ ᠪᠠᠷᠢᠯ ᠤᠨ ᠲᠠᠯ᠎ᠠ  ᠪᠠᠷ ᠰᠢᠨ᠎ᠡ ᠶᠢ ᠡᠭᠦᠳᠴᠦ ᠨᠠᠶᠢᠳᠠᠪᠤᠷᠢᠵᠢᠭᠤᠯᠤᠯᠲᠠ ᠶᠢ ᠠᠳᠬᠤᠨ ᠡᠯ᠎ᠡ ᠲᠥᠷᠤᠯ ᠤᠨ ᠠᠵᠢᠯ ᠤᠨ ᠰᠢᠨ᠎ᠡ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠶ ᠭᠡᠵᠡᠢ᠃      ᠬᠤᠷᠠᠯ ᠳᠡᠭᠡᠷ᠎ᠡ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠵᠣᠬᠢᠶᠠᠨ ᠪᠠᠶᠢᠭᠤᠯᠬᠤ ᠭᠡᠯᠳᠡᠰ ᠤᠨ ᠳᠠᠷᠤᠭ᠎ᠠ ᠰᠦ᠋ ᠰᠢᠨ ᠹᠠ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠤᠬᠠᠭᠤᠯᠬᠤ ᠭᠡᠯᠳᠡᠰ ᠤᠨ ᠳᠠᠷᠤᠭ᠎ᠠ ᠹᠧᠩ ᡁᠢ ᠮᠢᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠠᠯᠲᠠᠨᠲᠤᠶᠠᠭ᠎ᠠ ᠲᠣᠰ ᠲᠣᠰ ᠪᠥᠬᠦ ᠬᠤᠰᠢᠭᠤᠨ ᠤ ᠵᠣᠬᠢᠶᠠᠨ ᠪᠠᠶᠢᠭᠤᠯᠤᠯᠳᠠ᠂ ᠤᠬᠠᠭᠤᠯᠭ᠎ᠠ᠂ ᠨᠢᠭᠡᠳᠦᠮᠡᠯ ᠹᠷᠣᠨᠲ ᠤᠨ ᠠᠵᠢᠯ ᠳᠤ ᠳ᠋ᠦᠩᠨᠡᠯᠲᠡ ᠪᠠᠶᠢᠷᠢᠯᠠᠭᠤᠯᠤᠯᠲᠠ ᠬᠢᠵᠡᠶ᠃ ᠡᠭᠦᠨ ᠤ ᠬᠠᠮᠲᠤ 2020 ᠣᠨ ᠤ ᠪᠥᠬᠦ ᠬᠤᠰᠢᠭᠤᠨ ᠤ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ ᠭᠤᠤᠯᠳᠠᠯᠭ᠎ᠠ ᠶᠢ ᠳᠠᠷᠤᠮᠠᠯᠯᠠᠨ ᠲᠠᠷᠬᠠᠭᠠᠪᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号