ᠮᠠᠨ ᠤ ᠬᠤᠰᠢᠭᠤᠨ ᠤ ᠰᠢᠨᠵᠢᠯᠡᠭᠡ ᠮᠡᠷᠬᠡᠵᠢᠯ ᠤᠨ ᠠᠵᠢᠯᠳᠠᠨ ᠮᠠᠯᠴᠢᠨ ᠲᠠᠷᠢᠶᠠᠴᠢᠳ ᠲᠤ ᠮᠡᠷᠭᠡᠵᠢᠯ ᠤᠨ | ᠵᠢᠯᠣᠭᠤᠳᠤᠯᠭ᠎ᠠ ᠬᠠᠩᠭᠠᠵᠤ ᠮᠠᠯᠴᠢᠨ ᠲᠠᠷᠢᠶᠠᠴᠢᠳ ᠤᠨ ᠲᠠᠷᠢᠮᠠᠯ ᠤᠨ ᠶᠠᠪᠤᠴᠠ ᠳᠠᠬᠢ ᠡᠯ᠎ᠡ ᠭᠤᠭᠴᠤᠭᠠᠨ ᠤ | ᠬᠦᠴᠢᠷᠳᠡᠯ ᠢ ᠰᠢᠢᠳᠪᠦᠷᠢᠯᠡᠨ ᠬᠠᠪᠤᠷ ᠤᠨ ᠲᠠᠷᠢᠶᠠᠯᠠᠭ᠎ᠠ ᠶᠢ ᠪᠠᠳᠤᠯᠠᠵᠤ ᠮᠠᠯᠴᠢᠨ ᠲᠠᠷᠢᠶᠠᠴᠢᠳ ᠤᠨ ᠣᠷᠣᠯᠭ᠎ᠠ ᠪᠠᠨ | ᠨᠡᠮᠡᠭᠳᠡᠭᠦᠯᠬᠦ ᠶᠢ ᠠᠬᠢᠭᠤᠯᠵᠤ ᠪᠠᠶᠢᠨ᠎ᠠ ᠃ | ᠲᠤᠭ ᠪᠠᠯᠭᠠᠰᠤᠨ ᠤ ᠬᠤᠸᠠᠲᠣᠯᠣᠭᠠᠢ ᠭᠠᠴᠠᠭᠠᠨ ᠤ ᠮᠠᠯᠴᠢᠨ ᠪᠠᠶᠠᠨᠪᠠᠲᠤ ᠨᠢᠳᠤᠨᠤᠨ ᠠᠴᠠ ᠡᠬᠢᠯᠡᠨ 5 ᠮᠦ | ᠣᠷᠴᠢᠮ ᠳᠤᠯᠠᠭᠠᠨ ᠫᠧᠩ ᠤᠨ ᠢᠳᠡᠰᠢᠨ ᠨᠣᠭᠤᠭ᠎ᠠ ᠲᠠᠷᠢᠵᠠᠢ᠃ ᠭᠡᠪᠡᠴᠦ ᠮᠡᠷᠭᠡᠵᠢᠯ ᠤᠨ ᠲᠠᠯ᠎ᠠ ᠶᠢᠨ ᠮᠡᠳᠡᠯᠭᠡ | ᠳᠤᠲᠠᠮᠠᠭ ᠠᠴᠠ ᠢᠳᠡᠰᠢᠨ ᠨᠣᠭᠤᠭᠠᠨ ᠤ ᠤᠷᠭᠤᠯᠲᠠ ᠬᠤᠷᠢᠶᠠᠯᠲᠠ ᠨᠢ ᠳᠣᠣᠷ᠎ᠠ ᠪᠠᠶᠢᠵᠤ ᠣᠷᠣᠯᠭ᠎ᠠ ᠨᠢ ᠴᠤ | ᠲᠡᠶᠢᠮᠦ ᠰᠠᠶᠢᠨ ᠪᠢᠰᠢ ᠪᠠᠶᠢᠯ᠎ᠠ᠃ | ᠡᠨᠡᠬᠦ ᠪᠠᠶᠢᠳᠠᠯ ᠳᠤ ᠬᠠᠨᠳᠤᠭᠤᠯᠤᠨ ᠬᠤᠰᠢᠭᠤ ᠠᠵᠤ ᠦᠢᠯᠡᠳᠪᠦᠷᠢ ᠮᠡᠳᠡᠭᠡ ᠵᠠᠩᠭᠢᠴᠢᠯᠠᠯᠲᠠ ᠪᠠ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠲᠣᠪᠴᠢᠶᠠᠨ ᠠᠴᠠ ᠲᠤᠰᠬᠠᠢ ᠮᠡᠷᠭᠡᠵᠢᠯᠲᠡᠨ ᠲᠣᠮᠢᠯᠠᠵᠤ ᠬᠦᠷᠦᠰᠦ ᠰᠢᠷᠤᠢ ᠶᠢᠨ | ᠴᠢᠨᠠᠷ ᠰᠢᠨᠵᠢ ᠶᠢ ᠰᠢᠯᠭᠠᠨ ᠪᠠᠶᠢᠴᠠᠭᠠᠵᠤ ᠮᠡᠷᠭᠡᠵᠢᠯ ᠤᠨ ᠵᠢᠯᠣᠭᠤᠳᠤᠯᠭ᠎ᠠ ᠬᠢᠭᠰᠡᠨ ᠰᠠᠭᠤᠷᠢᠨ ᠳᠡᠭᠡᠷ᠎ᠡ ᠮᠠᠯᠴᠢᠨ | ᠪᠠᠶᠠᠨᠪᠠᠲᠤ ᠬᠢᠮᠢ ᠶᠢᠨ ᠪᠣᠷᠳᠣᠭᠤᠷ ᠣᠷᠣᠭᠤᠯᠬᠤ ᠦᠭᠡᠢ᠂ ᠦᠬᠡᠷ ᠬᠤᠨᠢᠨ ᠰᠢᠭᠡᠭ ᠢᠶᠠᠷ ᠪᠣᠷᠳᠣᠭᠤᠷ ᠪᠣᠯᠭᠠᠵᠤ | ᠪᠤᠬᠢᠷᠳᠣᠯ ᠦᠭᠡᠢ ᠵᠠᠮ ᠢ ᠪᠠᠷᠢᠮᠲᠠᠯᠠᠭᠰᠠᠨ ᠢᠶᠠᠷ ᠡᠨᠡ ᠵᠢᠯ ᠣᠳᠣ ᠪᠣᠯᠲᠠᠯ᠎ᠠ ᠰᠣᠶᠤᠭ᠎ᠠ ᠪᠣᠶᠢᠵᠢᠭᠤᠯᠤᠨ ᠬᠤᠳᠠᠯᠳᠤᠬᠤ | ᠂ ᠢᠳᠡᠰᠢᠨ ᠨᠣᠭᠤᠭ᠎ᠠ ᠬᠤᠳᠠᠯᠳᠤᠬᠤ ᠪᠠᠷ ᠳᠠᠮᠵᠢᠨ ᠬᠡᠳᠦᠨ ᠲᠦᠮᠡᠨ ᠲᠥᠭᠦᠷᠢᠭ ᠤᠨ ᠣᠷᠣᠯᠭ᠎ᠠ ᠣᠯᠴᠢᠬᠠᠭᠰᠠᠨ | ᠪᠠᠶᠢᠯ᠎ᠠ᠃ | ᠮᠠᠯᠴᠢᠨ ᠪᠠᠶᠠᠨᠪᠠᠲᠤ᠄ ︽ᠨᠢᠳᠤᠨᠤᠨ ᠤ ᠵᠢᠯ ᠤᠨ ᠡᠴᠦᠰ ᠠᠴᠠ ᠲᠤᠰᠬᠠᠢ ᠮᠡᠷᠭᠡᠵᠢᠯ ᠤᠨ ᠵᠢᠯᠣᠭᠤᠳᠤᠮᠵᠢ | ᠬᠢᠭᠰᠡᠨ ᠠᠴᠠ ᠬᠤᠶᠢᠰᠢ ᠡᠨᠡ ᠫᠧᠩ ᠳᠣᠲᠣᠷ᠎ᠠ ᠤᠷᠭᠤᠵᠤ ᠪᠠᠶᠢᠬᠤ ᠨᠠᠪᠴᠢ ᠨᠣᠭᠤᠭᠠᠨ ᠤ ᠥᠩᠭᠡ᠂ | ᠤᠷᠭᠤᠴᠠ ᠶᠢᠨ ᠪᠠᠶᠢᠳᠠᠯ ᠢ ᠪᠦᠷ ᠮᠡᠷᠭᠡᠵᠢᠯ ᠤᠨ ᠲᠠᠯ᠎ᠠ ᠶᠢᠨ ᠵᠢᠯᠣᠭᠤᠳᠤᠮᠵᠢ ᠬᠢᠭᠰᠡᠨ ᠠᠴᠠ ᠪᠣᠯᠣᠭᠠᠳ ᠤᠷᠭᠤᠴᠠ | ᠰᠠᠶᠢᠨ᠂ ᠥᠩᠭᠡ ᠰᠠᠶᠢᠨ᠂ ᠮᠥᠨᠴᠦ ᠵᠠᠬ᠎ᠠ ᠳᠡᠯᠭᠡᠭᠦᠷ ᠳᠡᠭᠡᠷ᠎ᠡ ᠭᠠᠷᠤᠭᠰᠠᠨ ᠨᠢ ᠣᠯᠠᠨ ᠤ ᠬᠦᠷᠢᠶᠡᠯᠡᠯ ᠢ ᠣᠯᠵᠤ | ᠮᠠᠨ ᠤ ᠣᠷᠣᠯᠭ᠎ᠠ ᠤᠯᠠᠮ ᠨᠡᠮᠡᠭᠳᠡᠵᠦ ᠵᠠᠬ᠎ᠠ ᠳᠡᠯᠭᠡᠭᠦᠷ ᠨᠡᠩ ᠰᠠᠶᠢᠨ ᠠᠭᠤᠵᠢᠮ ᠪᠣᠯᠵᠤ ᠪᠠᠶᠢᠨ᠎ᠠ︾ ᠭᠡᠪᠡ᠃ | ᠣᠶᠢᠯᠠᠭᠠᠭᠰᠠᠨ ᠢᠶᠠᠷ ᠬᠤᠰᠢᠭᠤ ᠠᠵᠤ ᠦᠢᠯᠡᠳᠪᠦᠷᠢ ᠮᠡᠳᠡᠭᠡ ᠵᠠᠩᠭᠢᠴᠢᠯᠠᠯᠲᠠ ᠪᠠ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠲᠣᠪᠴᠢᠶᠠᠨ ᠠᠴᠠ ᠪᠠᠰᠠ ᠬᠢᠵᠢᠭ ᠤᠨ ᠪᠠᠶᠢᠳᠠᠯ ᠳᠤ ᠬᠠᠨᠳᠤᠭᠤᠯᠤᠨ ᠡᠯ᠎ᠡ ᠭᠠᠴᠠᠭ᠎ᠠ | ᠲᠣᠰᠬᠤᠨ ᠳᠤ ᠸᠢᠴᠠᠲ ᠤᠨ ᠴᠤᠭᠯᠠᠷᠠᠯ ᠪᠠᠶᠢᠭᠤᠯᠤᠨ ᠮᠠᠯᠴᠢᠨ ᠲᠠᠷᠢᠶᠠᠴᠢᠳ ᠲᠤ ᠮᠠᠯ ᠲᠠᠷᠢᠶᠠᠯᠠᠭ᠎ᠠ ᠶᠢᠨ ᠲᠤᠰᠬᠠᠢ | ᠮᠡᠷᠭᠡᠵᠢᠯ ᠤᠨ ᠵᠢᠯᠣᠭᠤᠳᠤᠯᠭ᠎ᠠ ᠬᠠᠩᠭᠠᠬᠤ ᠪᠠᠷ ᠪᠠᠶᠢᠨ᠎ᠠ᠃ |