ᠪᠦᠬᠦ ᠬᠤᠰᠢᠭᠤᠨ ᠤ ᠺᠠᠳ᠋ᠷᠴᠤᠳ ᠤᠨ ᠶᠡᠭᠡ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020-04-02
     3 ᠰᠠᠷ᠎ᠠ ᠶᠢᠨ 31 ᠤ ᠡᠳᠦᠷ᠂ ᠪᠥᠬᠦ ᠬᠤᠰᠢᠭᠤᠨ ᠤ ᠺᠠᠳ᠋ᠷᠴᠤᠳ ᠤᠨ ᠶᠡᠭᠡ ᠬᠤᠷᠠᠯ ᠬᠤᠷᠠᠯᠳᠤᠵᠤ ᠬᠤᠲᠠ  ᠶᠢᠨ ᠨᠠᠮ ᠤᠨ ᠬᠤᠷᠢᠶ᠎ᠠ ᠠᠴᠠ ᠦᠦᠰᠢᠨ ᠬᠤᠰᠢᠭᠤᠨ ᠤ ᠤᠳᠤᠷᠢᠳᠬᠤ ᠺᠠᠳ᠋ᠷ ᠤᠨ ᠲᠤᠰᠢᠶᠠᠯ ᠡᠭᠦᠷᠭᠡᠯᠡᠬᠦ ᠲᠤᠬᠠᠶ ᠶᠠᠪᠤᠳᠠᠯ ᠢ ᠵᠠᠷᠯᠠᠪᠠ᠃ ᠬᠤᠲᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠺᠠᠳ᠋ᠷ ᠤᠨ ᠨᠢᠭᠡᠳᠦᠭᠡᠷ ᠰᠠᠯᠠᠭᠠᠨ ᠤ ᠲᠠᠷᠤᠭ᠎ᠠ ᠥᠯᠵᠡᠶ ᠵᠢᠴᠢ ᠬᠠᠮᠢᠶ᠎ᠠ ᠪᠥᠬᠦᠶ ᠬᠠᠷᠢᠭᠤᠴᠠᠯᠭᠠᠲᠠᠨ ᠬᠤᠷᠠᠯ ᠳᠤ ᠣᠷᠣᠯᠴᠠᠵᠤ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ ᠬᠤᠷᠠᠯ ᠢ ᠡᠷᠭᠢᠯᠠᠨ ᠰᠢᠶᠠᠨ ᠭᠠᠵᠠᠷ ᠤᠨ ᠲᠠᠰ ᠤᠨ ᠬᠡᠷ  ᠲᠡᠭᠡᠨ ᠪᠠᠶᠢᠭ᠎ᠠ ᠪᠥᠬᠦ ᠤᠳᠤᠷᠢᠳᠤᠯᠭ᠎ᠠ ᠬᠤᠷᠠᠯ ᠳᠤ ᠤᠷᠤᠯᠴᠠᠪᠠ᠃
     ᠬᠤᠷᠠᠯ ᠳᠡᠭᠡᠷ᠎ᠡ᠂ ᠬᠤᠳᠠ ᠶᠢᠨ ᠨᠠᠮ ᠤᠨ ᠬᠤᠷᠢᠶᠠᠨ ᠤ ᠺᠠᠳ᠋ᠷ ᠤᠨ ᠲᠤᠰᠢᠶᠠᠯ ᠡᠭᠦᠷᠭᠡᠯᠡᠬᠦ ᠲᠤᠬᠠᠢ ᠪᠢᠴᠢᠭ ᠮᠠᠲ᠋ᠧᠷᠢᠶᠠᠯ ᠢ ᠤᠩᠰᠢᠨ ᠨᠡᠶᠢᠲᠡᠯᠡᠭᠰᠡᠨ ᠪᠥᠭᠡᠳ ᠲᠤᠰᠢᠶᠠᠯ ᠡᠭᠦᠷᠭᠡᠯᠡᠬᠦ ᠨᠥᠭᠦᠷ ᠤᠨ ᠦᠨᠳᠦᠰᠦᠨ ᠪᠠᠶᠢᠳᠠᠯ ᠢ ᠲᠠᠨᠢᠯᠴᠠᠭᠤᠯᠪᠠ᠃ ᠯᠢᠨ ᠶᠦᠩ ᠭᠠᠩ ᠨᠥᠬᠦᠷ ᠮᠠᠨ ᠤ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤ ᠳᠡᠳ᠋ ᠳᠠᠷᠤᠭ᠎ᠠ ᠶᠢᠨ ᠲᠤᠰᠢᠶᠠᠯ ᠢ ᠲᠦᠷ ᠡᠭᠦᠷᠭᠡᠯᠡᠵᠦ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠤᠯᠬᠤ ᠠᠵᠢᠯ ᠢ ᠲᠤᠰᠬᠠᠶᠢᠯᠠᠨ ᠳᠥᠯᠭᠢᠨ ᠠᠭᠢᠭᠤᠯᠬᠤ ᠪᠤᠯᠤᠨ᠎ᠠ᠃
     ᠥᠯᠵᠡᠶ ᠬᠤᠲᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠬᠤᠷᠠᠯᠳᠤᠭᠤᠯᠤᠭᠰᠠᠨ ᠲᠤᠰᠢᠶᠠᠯ ᠡᠭᠦᠷᠭᠡᠯᠡᠭᠦ ᠺᠠᠳ᠋ᠷ ᠤᠨ ᠬᠠᠮᠲᠤ ᠶᠢᠨ ᠶᠠᠷᠢᠯᠴᠠᠭ᠎ᠠ ᠪᠣᠯᠤᠨ ᠳᠠᠶᠢᠴᠢᠯᠠᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠠᠶ᠃ ᠥᠯᠵᠡᠶ ᠵᠢᠭᠠᠵᠤ ᠭᠠᠷᠭᠠᠭᠰᠠᠨ ᠨᠢ᠂ ᠲᠣᠰ ᠤᠳᠠᠭᠠᠨ ᠤ ᠲᠤᠰᠢᠶᠠᠯ ᠡᠭᠦᠷᠭᠡᠯᠡᠭᠦᠯᠬᠦ ᠠᠵᠢᠯ ᠪᠣᠯ ᠨᠠᠮ ᠤᠨ ᠲᠥᠪ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶᠠᠨ ᠤ ᠶᠠᠳᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠬᠤ ᠲᠠᠶᠢᠯᠠᠯᠳᠤᠭᠠᠨ ᠤ ᠰᠢᠶᠳᠪᠦᠷᠢᠲᠦ ᠢᠯᠠᠯᠲᠠ ᠶᠢ ᠤᠯᠬᠤ ᠲᠤᠬᠠᠶ ᠬᠠᠮᠤᠭ ᠤᠨ ᠰᠢᠨ᠎ᠡ ᠪᠠᠶᠢᠷᠢᠯᠠᠭᠤᠯᠤᠯᠳᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠂ ᠦᠦᠰᠢᠨ ᠬᠤᠰᠢᠭᠤᠨ ᠤ ᠳᠥᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ ᠪᠠ ᠥᠷᠭᠡᠨ ᠣᠯᠠᠨ ᠺᠠᠳ᠋ᠷ ᠲᠤᠰᠢᠶᠠᠯ ᠡᠭᠦᠷᠭᠡᠯᠡᠭᠰᠠᠨ ᠺᠠᠳ᠋ᠷ ᠤᠨ ᠠᠵᠢᠯ ᠢ ᠪᠥᠬᠦ ᠬᠦᠴᠦᠨ ᠢᠶᠠᠷ  ᠢᠶᠠᠨ ᠳᠡᠮᠵᠢᠨ ᠶᠠᠳᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠬᠤ ᠡᠯ᠎ᠡ ᠵᠦᠶᠯ ᠤᠨ ᠡᠭᠦᠷᠭᠡ ᠶᠢ ᠨᠠᠶᠢᠳᠠᠪᠤᠷᠢᠵᠢᠭᠤᠯᠬᠤ ᠶᠢ ᠠᠬᠢᠭᠤᠯᠬᠤ ᠶᠢ ᠬᠦᠰᠡᠵᠦ ᠪᠠᠶᠢᠨ᠎ᠠ᠃ ᠯᠢᠨ ᠶᠦᠩ ᠭᠠᠩ ᠨᠥᠬᠦᠷ ᠲᠤᠰ ᠪᠡᠶ᠎ᠡ ᠶᠢᠨ ᠣᠨᠴᠠᠯᠢᠭ ᠪᠣᠯᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠢ ᠢᠳᠡᠪᠬᠢᠲᠡᠢ ᠥᠷᠨᠢᠭᠦᠯᠵᠦ ᠦᠦᠰᠢᠨ ᠬᠤᠰᠢᠭᠤᠨ ᠤ ᠪᠣᠳᠠᠲᠠᠢ ᠠᠰᠠᠭᠤᠳᠠᠯ ᠢ ᠬᠠᠪᠰᠤᠷᠤᠨ ᠰᠢᠢᠳᠪᠦᠷᠢᠯᠡᠵᠦ ᠪᠣᠳᠠᠲᠠᠢ ᠦᠷ᠎ᠡ ᠪᠦᠲᠦᠮᠵᠢ ᠤᠯᠬᠤ ᠶᠢ ᠬᠦᠰᠡᠵᠦ ᠪᠠᠶᠢᠨ᠎ᠠ ᠭᠡᠵᠡᠢ᠃      ᠰᠢᠨ᠎ᠡ ᠪᠠᠷ ᠲᠦᠷ ᠲᠤᠰᠢᠶᠠᠯ ᠡᠭᠦᠷᠭᠡᠯᠡᠭᠰᠡᠨ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤ ᠳᠡᠳ᠋ ᠳᠠᠷᠤᠭ᠎ᠠ ᠯᠢᠨ ᠶᠦᠩ ᠭᠠᠩ ᠣᠪᠣᠷ ᠢᠶᠠᠨ ᠢᠯᠡᠳᠬᠡᠬᠦ ᠦᠭᠡ ᠶᠠᠷᠢᠪᠠ᠃
       ᠡᠷᠳᠡᠨᠢᠪᠢᠯᠢᠭ ᠶᠠᠷᠢᠶᠠᠨ ᠳᠠᠭᠠᠨ ᠵᠢᠭᠠᠵᠤ ᠭᠠᠷᠭᠠᠭᠰᠠᠨ ᠨᠢ᠂ ᠬᠤᠲᠠ ᠶᠢᠨ ᠨᠠᠮ ᠤᠨ ᠬᠤᠷᠢᠶ᠎ᠠ ᠯᠢᠨ ᠶᠦᠩ ᠭᠠᠩ ᠨᠥᠬᠦᠷ ᠢ ᠮᠠᠨ ᠤ ᠬᠤᠰᠢᠭᠤᠨ ᠳᠤ ᠲᠣᠮᠢᠯᠠᠵᠤ ᠲᠦᠷ ᠲᠤᠰᠢᠶᠠᠯ ᠡᠭᠦᠷᠭᠡᠯᠡᠭᠦᠯᠦᠭᠰᠡᠨ ᠨᠢ ᠬᠤᠲᠠ ᠶᠢᠨ ᠨᠠᠮ  ᠤᠨ ᠬᠤᠷᠢᠶ᠎ᠠ ᠮᠠᠨ ᠤ ᠬᠤᠰᠢᠭᠤᠨ ᠤ ᠠᠵᠢᠯ ᠢ ᠲᠡᠭᠡᠳᠤ ᠬᠡᠮᠵᠢᠶ᠎ᠡ ᠪᠠᠷ ᠴᠢᠬᠤᠯᠠᠴᠢᠯᠠᠨ ᠬᠠᠯᠠᠮᠵᠢᠯᠠᠵᠤ ᠪᠠᠶᠢᠬᠤ ᠶᠢ ᠭᠦᠶᠴᠡᠳ ᠬᠠᠷᠠᠭᠤᠯᠵᠤ ᠪᠠᠶᠢᠭ᠎ᠠ ᠶᠤᠮ᠂ ᠯᠢᠨ ᠶᠦᠩ ᠭᠠᠩ ᠨᠥᠬᠦᠷ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠭᠡᠶ᠎ᠠ᠃ ᠯᠢᠨ ᠶᠦᠩ ᠭᠠᠩ ᠨᠥᠬᠦᠷ ᠪᠠᠶᠢᠴᠠᠭᠠᠨ ᠰᠤᠳᠤᠯᠤᠯᠲᠠ ᠪᠠᠨ ᠴᠢᠩᠭᠠᠳᠬᠠᠨ ᠮᠠᠨ ᠤ ᠬᠤᠰᠢᠭᠤᠨ ᠤ ᠪᠠᠶᠢᠳᠠᠯ ᠢ ᠲᠥᠷᠭᠡᠨ ᠣᠶᠢᠯᠠᠭᠠᠵᠤ ᠬᠤᠯᠪᠣᠭᠳᠠᠯ ᠪᠥᠬᠦᠶ ᠭᠤᠤᠯᠳᠠᠯᠭ᠎ᠠ ᠲᠠᠢ ᠠᠵᠢᠯ ᠢ ᠱᠠᠯᠠᠪᠳᠠᠨ ᠲᠥᠯᠥᠪᠯᠡᠵᠦ ᠳᠠᠪᠠᠭᠤᠯᠢᠭ ᠢᠶᠠᠨ ᠪᠠᠳᠠᠷᠠᠭᠤᠯᠤᠨ ᠵᠠᠮ ᠨᠡᠭᠡᠭᠡᠨ ᠰᠢᠨ᠎ᠡ ᠶᠢ ᠡᠭᠦᠳᠴᠦ ᠰᠢᠨ᠎ᠡ ᠠᠮᠵᠢᠯᠲᠠ ᠪᠦᠲᠦᠮᠵᠢ ᠤᠯᠬᠤ ᠶᠢ ᠬᠦᠰᠡᠵᠦ ᠪᠠᠶᠢᠨ᠎ᠠ᠃ ᠪᠥᠬᠦ ᠬᠤᠰᠢᠭᠤᠨ ᠤ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠯᠢᠨ ᠶᠦᠩ ᠭᠠᠩ ᠨᠥᠬᠦᠷ  ᠤᠨ ᠠᠵᠢᠯ ᠢᠶᠠᠨ ᠥᠷᠨᠢᠭᠦᠯᠬᠦ ᠶᠢ ᠲᠠᠮᠵᠢᠨ ᠪᠦᠯᠬᠦᠮᠳᠡᠨ ᠨᠢᠭᠡᠳᠴᠦ ᠡᠯ᠎ᠡ ᠲᠥᠷᠤᠯ ᠤᠨ ᠠᠵᠢᠯ ᠢ ᠨᠠᠩ ᠰᠠᠶᠢᠲᠤᠷ ᠬᠢᠵᠦ ᠬᠤᠲᠠ ᠶᠢᠨ ᠨᠠᠮ ᠤᠨ ᠬᠤᠷᠢᠶᠠᠨ ᠤ ᠢᠲᠡᠭᠡᠯ ᠨᠠᠶᠢᠳᠠᠯᠭ᠎ᠠ ᠶᠢ ᠬᠥᠰᠡᠷᠳᠡᠭᠦᠯᠬᠦ ᠥᠬᠡᠶ᠂ ᠥᠷᠭᠡᠨ ᠣᠯᠠᠨ ᠺᠠᠳ᠋ᠷ ᠣᠯᠠᠨ ᠲᠦᠮᠡᠨ ᠤ ᠬᠦᠰᠡᠯ ᠡᠷᠡᠮᠡᠯᠵᠡᠯ ᠢ ᠬᠥᠰᠡᠷᠳᠡᠭᠦᠯᠬᠦ ᠥᠬᠡᠶ ᠪᠠᠶᠢᠬᠤ ᠶᠢ ᠭᠥᠰᠡᠵᠤ ᠪᠠᠶᠢᠨ᠎ᠠ ᠭᠡᠵᠡᠢ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号