︽ᠦᠨᠡᠨ︾ ᠰᠡᠳᠭᠦᠯ ᠶᠡᠷᠦᠩᠭᠡᠢ ᠱᠦᠵᠢ ᠰᠢ ᠶᠢᠨ ᠫᠢᠩ ᠤᠨ ᠴᠢᠬᠤᠯᠠ ᠵᠤᠬᠢᠶᠠᠯ ᠢ ᠨᠡᠶᠢᠳᠡᠯᠡᠪᠡ ︽ᠬᠤᠪᠸᠢ ᠮᠤᠵᠢ ᠳᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠢᠨᠵᠢᠯᠡᠨ ᠪᠠᠶᠢᠴᠠᠭᠠᠬᠤ ᠦᠶ᠎ᠡ ᠶᠢᠨ ᠶᠠᠷᠢᠶ᠎ᠠ︾
ᠨᠡᠶᠢᠲᠡᠯᠡᠭᠰᠡᠨ ᠴᠠᠭ᠄
2020-04-02
     ᠰᠢᠨᠬᠤᠸᠠ ᠬᠤᠷᠢᠶᠠᠨ ᠤ ᠪᠡᠭᠡᠵᠢᠩ ᠤᠨ 3 ᠰᠠᠷ᠎ᠠ ᠶᠢᠨ 31 ᠤ ᠴᠠᠬᠢᠯᠭᠠᠨ ᠮᠡᠳᠡᠭᠡ   4 ᠰᠠᠷ᠎ᠠ ᠶᠢᠨ 1 ᠤ ᠡᠳᠦᠷ ᠲᠤ ᠭᠡᠪᠯᠡᠭᠳᠡᠭᠰᠡᠨ 7 ᠳ᠋ᠤᠭᠠᠷ ᠬᠤᠭᠤᠴᠠᠭᠠᠨ ᠤ ︽ᠦᠨᠡᠨ︾ ᠰᠡᠳᠬᠦᠯ ᠳᠤ ᠨᠠᠮ ᠤᠨ ᠲᠦᠪ ᠬᠤᠷᠢᠶᠠᠨ ᠤ ᠶᠡᠷᠦᠩᠭᠡᠢ ᠱᠦᠵᠢ᠂ ᠤᠯᠤᠰ ᠤᠨ ᠲᠡᠷᠢᠬᠦᠯᠡᠭᠴᠢ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠬᠦᠯᠡᠭᠴᠢ ᠰᠢ ᠶᠢᠨ ᠫᠢᠩ ᠤᠨ ᠴᠢᠬᠤᠯᠠ ᠵᠤᠬᠢᠶᠠᠯ ︽ᠬᠤᠪᠸᠢ ᠮᠤᠵᠢ ᠳᠤ ᠰᠢᠨ᠎ᠠ ᠳᠢᠳᠢᠮᠯᠢᠭ ᠠᠭᠤᠰᠬᠢᠨ ᠦᠷᠪᠢᠰᠤᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠢᠨᠵᠢᠯᠡᠨ ᠪᠠᠶᠢᠴᠠᠭᠠᠬᠤ ᠦᠶ᠎ᠠ ᠶᠢᠨ ᠶᠠᠷᠢᠶ᠎ᠠ︾ ᠶᠢ ᠨᠡᠶᠢᠳᠡᠯᠡᠪᠡ᠃      ᠵᠤᠬᠢᠶᠠᠯ ᠳᠤ᠂ ᠬᠤᠪᠸᠢ ᠪᠤᠯᠤᠨ ᠦᠬᠠᠨ ᠪᠤᠯ ᠡᠨᠡ ᠤᠳᠠᠭ᠎ᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠡᠮᠡᠴᠡᠯ ᠳᠠᠬᠢ ᠭᠤᠤᠯᠳᠠᠯᠭ᠎ᠠ ᠶᠢᠨ ᠳᠤᠳᠤᠷᠠᠬᠢ ᠭᠤᠤᠯᠳᠠᠭ᠎ᠠ ᠪᠠ ᠰᠢᠢᠳᠪᠤᠷᠢᠳᠦ ᠢᠯᠠᠯᠳᠠ ᠶᠢ ᠤᠯᠬᠤ ᠭᠠᠵᠠᠷ ᠮᠦᠨ᠃ ᠰᠢᠷᠭᠠᠭᠤ ᠬᠠᠳᠠᠭᠤᠵᠢᠯᠳᠠᠢ ᠴᠢᠷᠮᠠᠶᠢᠯᠭ᠎ᠠ ᠪᠠᠷ ᠳᠠᠮᠵᠢᠨ ᠬᠤᠪᠸᠢ ᠪᠤᠯᠤᠨ ᠦᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠠᠶᠢᠲᠠᠯ ᠳᠤ ᠢᠳᠡᠪᠬᠢᠳᠠᠢ ᠪᠠᠷ ᠰᠠᠶᠢᠵᠢᠷᠠᠬᠤ ᠬᠠᠨᠳᠤᠰᠢ ᠭᠠᠷᠴᠤ᠂ ᠱᠠᠳᠤᠴᠢ ᠴᠢᠨᠠᠷᠳᠠᠢ ᠴᠢᠬᠤᠯᠠ ᠦᠷ᠎ᠠ ᠪᠦᠳᠦᠮᠵᠢ ᠤᠯᠪᠠ᠂ ᠭᠡᠪᠡᠴᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠬᠦᠷᠭᠡ ᠮᠦᠨ ᠬᠦ ᠪᠡᠷᠭᠡ ᠬᠠᠳᠠᠭᠤᠵᠢᠯᠳᠠᠢ ᠬᠦᠨᠳᠦ ᠨᠦᠰᠡᠷ ᠪᠠᠶᠢᠨ᠎ᠠ᠃ ᠡᠶᠢᠨ ᠬᠦ ᠴᠠᠭ ᠦᠶ᠎ᠠ ᠳᠤ ᠲᠡᠷᠢᠬᠢ ᠲᠤᠯᠤᠭᠠᠢ ᠪᠠᠨ ᠨᠡᠩ ᠰᠡᠷᠭᠡᠭ ᠪᠠᠶᠢᠯᠭᠠᠨ᠂ ᠢᠮᠠᠬᠳᠠ ᠬᠢᠨᠠᠭᠤᠷ ᠪᠤᠯᠭᠤᠮᠵᠢᠳᠠᠢ ᠪᠠᠶᠢᠵᠦ᠂ ᠴᠢᠷᠮᠠᠶᠢᠬᠰᠠᠨ ᠳᠡᠭᠡᠷ᠎ᠠ ᠪᠠᠨ ᠴᠢᠷᠮᠠᠶᠢᠵᠦ ᠴᠢᠳᠠᠮᠠᠭᠠᠢ ᠠᠵᠢᠯᠯᠠᠨ ᠦᠷ᠎ᠠ ᠪᠦᠳᠦᠮᠵᠢ ᠭᠠᠷᠭᠠᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠦᠷᠭᠦᠯᠵᠢᠯᠡᠨ ᠤᠳᠤᠬᠠᠨ ᠤ ᠲᠡᠷᠢᠬᠦᠨ ᠴᠢᠬᠤᠯᠠ ᠶᠡᠭᠡ ᠶᠠᠪᠤᠳᠠᠯ ᠪᠠ ᠬᠠᠮᠤᠭ ᠤᠨ ᠴᠢᠬᠤᠯᠠ ᠠᠵᠢᠯ ᠪᠤᠯᠭᠠᠨ᠂ ᠠᠯᠮᠠᠶᠢᠷᠡᠨ ᠲᠠᠶᠢᠪᠤᠰᠢᠷᠠᠬᠤ ᠦᠭᠡᠢ᠂ ᠲᠠᠶᠢᠯᠠᠯᠳᠤᠬᠤ ᠠᠴᠠ ᠬᠠᠯᠠᠰᠢᠷᠠᠬᠤ ᠦᠭᠡᠢ᠂ ᠡᠷᠴᠢᠮ ᠢᠶᠠᠨ ᠰᠤᠯᠠᠷᠠᠭᠤᠯᠬᠤ ᠦᠭᠡᠢ ᠪᠠᠶᠢᠵᠦ᠂ ᠡᠯ᠎ᠠ ᠵᠦᠢᠯ ᠤᠨ ᠰᠡᠷᠭᠡᠶᠢᠯᠡᠨ ᠡᠵᠡᠮᠳᠡᠬᠦ ᠠᠵᠢᠯ ᠢ ᠤᠬᠳᠤ ᠰᠤᠯᠠᠷᠠᠭᠤᠯᠤᠯ ᠦᠭᠡᠢ ᠪᠠᠷ ᠴᠢᠩᠭ᠎ᠠ ᠠᠳᠬᠤᠵᠦ ᠪᠤᠳᠠᠳᠠᠢ ᠠᠳᠬᠤᠨ ᠨᠠᠷᠢᠯᠢᠭ ᠠᠳᠬᠤᠵᠦ᠂ ᠬᠤᠪᠸᠢ ᠶᠢ ᠬᠠᠮᠠᠭᠠᠯᠠᠬᠤ ᠲᠠᠶᠢᠯᠠᠯᠳᠤᠭᠠᠨ᠂ ᠦᠬᠠᠨ ᠢ ᠬᠠᠮᠠᠭᠠᠯᠠᠬᠤ ᠲᠠᠶᠢᠯᠠᠯᠳᠤᠭᠠᠨ ᠤ ᠢᠯᠠᠯᠳᠠ ᠶᠢ ᠡᠷᠡᠰ ᠤᠯᠬᠤ ᠭᠡᠷᠡᠭᠲᠡᠢ ᠭᠡᠵᠦ ᠴᠢᠬᠤᠯᠠᠴᠢᠯᠠᠪᠠ᠃      ᠵᠤᠬᠢᠶᠠᠯ ᠳᠤ᠂ ᠰᠢᠨ᠎ᠠ ᠳᠢᠳᠢᠮᠯᠢᠭ ᠠᠭᠤᠰᠬᠢᠨ ᠦᠷᠪᠢᠰᠤᠯ ᠤᠨ ᠬᠢᠵᠢᠭ ᠤᠨ ᠪᠠᠶᠢᠳᠠᠯ ᠭᠠᠷᠤᠭᠰᠠᠨ ᠤ ᠳᠠᠷᠠᠭ᠎ᠠ᠂ ᠨᠠᠮ ᠤᠨ ᠲᠦᠪ ᠬᠤᠷᠢᠶ᠎ᠠ ᠳᠡᠭᠡᠳᠦ ᠭᠡᠮᠵᠢᠶ᠎ᠠ ᠪᠠᠷ ᠴᠢᠬᠤᠯᠠᠴᠢᠯᠠᠨ᠂ ᠠᠷᠠᠳ ᠤᠯᠠᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠠ ᠮᠠᠬᠠᠪᠤᠳ ᠤᠨ ᠡᠷᠡᠬᠦᠯ ᠮᠡᠨᠳᠦ ᠶᠢ ᠢᠮᠠᠬᠳᠠ ᠲᠡᠷᠢᠬᠦᠨ ᠳᠤ ᠲᠠᠯᠪᠢᠵᠦ᠂ ᠬᠤᠪᠸᠢ ᠪᠤᠯᠤᠨ ᠦᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠭᠤᠤᠯᠳᠠᠯᠭ᠎ᠠ ᠲᠠᠢ ᠲᠡᠮᠵᠢᠵᠦ᠂ ᠬᠠᠮᠤᠭ ᠤᠨ ᠪᠦᠷᠢᠨ ᠬᠦᠢᠴᠡᠳ᠂ ᠬᠠᠮᠤᠭ ᠤᠨ ᠴᠢᠩᠭ᠎ᠠ᠂ ᠬᠠᠮᠤᠭ ᠤᠨ ᠲᠦᠢᠯᠪᠤᠷᠢᠳᠠᠢ ᠰᠡᠷᠭᠡᠶᠢᠯᠡᠨ ᠡᠵᠡᠮᠳᠡᠬᠦ ᠠᠷᠭ᠎ᠠ ᠭᠡᠮᠵᠢᠶ᠎ᠠ ᠠᠪᠴᠦ᠂ ᠬᠢᠵᠢᠭ ᠤᠨ ᠪᠠᠶᠢᠳᠠᠯ ᠤᠨ ᠦᠷᠪᠢᠰᠤᠨ ᠳᠡᠯᠭᠡᠷᠡᠬᠦ ᠬᠠᠨᠳᠤᠰᠢ ᠶᠢ ᠡᠷᠡᠰ ᠬᠤᠷᠢᠬᠯᠠᠪᠠ᠃ ᠠᠷᠠᠳ ᠤᠨ ᠴᠢᠯᠦᠭᠡᠯᠡᠬᠦ ᠴᠡᠷᠢᠭ᠂ ᠲᠦᠪ ᠤᠨ ᠪᠠ ᠲᠦᠷᠦ ᠶᠢᠨ ᠶᠠᠮᠤᠨ ᠵᠦᠪᠯᠡᠯ᠂ ᠡᠯ᠎ᠠ ᠮᠤᠵᠢ ᠤᠷᠤᠨ ᠬᠤᠳᠠ ᠶᠢᠨ ᠬᠢᠨ ᠪᠦᠬᠦ ᠬᠦᠴᠦᠨ ᠢᠶᠠᠷ ᠲᠤᠰᠠᠯᠠᠨ ᠭᠠᠯ ᠹᠷᠤᠨᠲ ᠢ ᠳᠡᠮᠵᠢᠵᠤ᠂ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠠᠷᠠᠳ ᠤᠨ ᠲᠠᠶᠢᠨ᠂ ᠶᠠᠷᠤᠩᠬᠡᠢ ᠲᠠᠶᠢᠯᠠᠯᠳᠤᠭᠠᠨ᠂ ᠬᠤᠷᠢᠬᠯᠠᠯᠲᠠ ᠶᠢᠨ ᠲᠠᠶᠢᠯᠠᠯᠳᠤᠭᠠᠨ ᠢ ᠬᠢᠭᠰᠡᠨ ᠪᠠᠶᠢᠨ᠎ᠠ ᠭᠡᠵᠦ ᠵᠢᠭᠠᠵᠦ ᠭᠠᠷᠭᠠᠪᠠ᠃      ᠵᠤᠬᠢᠶᠠᠯ ᠳᠤ᠂ ᠡᠮᠴᠢᠯᠡᠭᠡᠨ ᠤ ᠠᠪᠤᠷᠠᠨ ᠡᠮᠨᠡᠬᠦ ᠠᠵᠢᠯ ᠢ ᠲᠡᠷᠢᠬᠦᠨ ᠳᠤ ᠲᠠᠯᠪᠢᠵᠤ᠂ ᠰᠢᠨᠵᠢᠯᠡᠬᠦ ᠤᠬᠠᠭᠠᠨᠴᠢ ᠤᠨᠤᠴᠠᠳᠠᠢ ᠪᠠᠷ ᠡᠮᠨᠡᠨ ᠵᠠᠰᠠᠬᠤ ᠲᠡᠭᠡᠷ᠎ᠠ ᠬᠦᠴᠤ ᠲᠠᠯᠪᠢᠨ᠂ ᠠᠯᠢ ᠴᠢᠳᠠᠬᠤ ᠪᠠᠷ ᠢᠯᠡᠷᠢᠰᠢᠭᠤᠯᠬᠤ ᠨᠤᠷᠮ᠎ᠠ ᠶᠢ ᠲᠡᠭᠡᠭᠰᠢᠯᠡᠬᠦᠯᠤᠨ ᠦᠬᠦᠬᠦ ᠨᠤᠷᠮ᠎ᠠ ᠶᠢ ᠪᠠᠭᠤᠷᠠᠭᠤᠯᠬᠤ ᠭᠡᠷᠡᠭᠳᠠᠢ᠃ ᠲᠠᠪᠠᠭᠤᠯᠢᠬ ᠡᠮᠴᠢᠯᠡᠬᠡᠨ ᠤ ᠡᠬᠢ ᠪᠠᠶᠠᠯᠢᠬ ᠪᠤᠯᠤᠨ ᠮᠡᠷᠬᠡᠵᠢᠯ ᠤᠨ ᠬᠦᠴᠤᠨ ᠢ ᠲᠦᠪᠯᠡᠷᠡᠬᠦᠯᠤᠨ ᠡᠪᠡᠳᠴᠢᠳᠠᠨ ᠢ ᠠᠪᠤᠷᠠᠨ ᠡᠮᠨᠡᠵᠤ᠂ ᠰᠢᠨ᠎ᠠ ᠬᠡᠯᠪᠡᠷᠢ ᠶᠢᠨ ᠰᠢᠯᠭᠠᠨ ᠪᠠᠶᠢᠴᠠᠭᠠᠯᠳᠠ ᠶᠢᠨ ᠲᠤᠷᠰᠢᠭᠴᠢ ᠡᠮ᠂ ᠴᠠᠷᠤᠯᠳᠠ ᠶᠢᠨ ᠡᠮ᠂ ᠸᠠᠺᠼᠢᠨ ᠪᠠ ᠤᠨᠤᠰᠢᠯᠠᠨ ᠡᠮᠨᠡᠬᠦ ᠲᠦᠰᠦᠯ ᠵᠡᠷᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠤᠭᠤᠮᠳᠠ ᠰᠢᠪᠳᠤᠯᠤᠯᠳᠠ ᠶᠢ ᠲᠦᠷᠭᠡᠳᠭᠡᠨ ᠠᠬᠢᠭᠤᠯᠵᠦ᠂ ᠰᠤᠳᠤᠯᠵᠤ ᠭᠠᠷᠭᠠᠭᠰᠠᠨ ᠪᠠ ᠰᠤᠩᠭᠤᠵᠤ ᠭᠠᠷᠭᠠᠬᠰᠠᠨ ᠪᠦᠳᠤᠮᠵᠢᠳᠠᠢ ᠡᠮ ᠤᠨ ᠵᠦᠢᠯᠡᠰ ᠢ ᠲᠡᠯᠬᠡᠷᠡᠬᠦᠯᠤᠨ ᠭᠡᠷᠡᠭᠯᠡᠬᠦ ᠶᠢ ᠲᠦᠷᠬᠡᠳᠬᠡᠨ ᠠᠬᠢᠭᠤᠯᠵᠤ᠂ ᠠᠪᠤᠷᠠᠨ ᠡᠮᠨᠡᠬᠦ ᠲᠦᠪᠰᠢᠨ ᠢ ᠲᠡᠭᠡᠭᠰᠢᠯᠡᠬᠦᠯᠬᠦ ᠭᠡᠷᠡᠭᠳᠠᠢ ᠭᠡᠵᠦ ᠵᠢᠭᠠᠵᠦ ᠭᠠᠷᠭᠠᠪᠠ᠃      ᠵᠤᠬᠢᠶᠠᠯ ᠳᠤ᠂ ᠤᠯᠠᠨ ᠢᠶᠠᠷ ᠢᠶᠠᠨ ᠰᠡᠷᠬᠡᠶᠢᠯᠡᠵᠥ ᠤᠯᠠᠨ ᠢᠶᠠᠷ ᠢᠶᠠᠨ ᠡᠵᠡᠮᠳᠡᠬᠦ ᠠᠷᠠᠳ ᠤᠨ ᠲᠠᠶᠢᠨ ᠢ ᠰᠠᠶᠢᠳᠤᠷ ᠬᠢᠬᠦ ᠬᠡᠷᠡᠭᠳᠡᠢ᠃ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠬᠤᠷᠢᠬᠯᠠᠯᠳᠠ ᠶᠢᠨ ᠲᠠᠶᠢᠯᠠᠯᠳᠤᠭᠠᠨ ᠤ ᠢᠯᠠᠯᠳᠡ ᠶᠢ ᠤᠯᠬᠤ ᠳᠤ ᠭᠤᠤᠯᠳᠠᠯᠭ᠎ᠠ ᠨᠢ ︽ᠰᠡᠷᠬᠡᠶᠢᠯᠡᠬᠦ︾ ᠳᠡᠭᠡᠷ᠎ᠠ ᠪᠠᠶᠢᠨ᠎ᠠ᠃ ᠠᠷᠠᠳ ᠤᠯᠠᠨ ᠳᠤ ᠴᠢᠩᠭ᠎ᠠ ᠲᠦᠰᠢᠭᠯᠡᠨ᠂ ᠠᠷᠠᠳ ᠤᠯᠠᠨ ᠢ ᠬᠦᠢᠴᠡᠳ ᠲᠠᠶᠢᠴᠢᠯᠠᠵᠥ᠂ ᠤᠯᠠᠨ ᠲᠦᠮᠡᠨ ᠤ ᠦᠪᠡᠷ ᠤᠨ ᠪᠡᠶ᠎ᠡ ᠳᠡᠭᠡᠨ ᠦᠢᠯᠡᠴᠢᠯᠡᠬᠦ᠂ ᠦᠪᠡᠷ ᠢ ᠪᠠᠨ ᠬᠠᠮᠠᠭᠠᠯᠠᠬᠤ ᠴᠢᠳᠠᠪᠤᠷᠢ ᠶᠢ ᠲᠡᠭᠡᠭᠰᠢᠯᠡᠬᠦᠯᠬᠦ ᠬᠡᠷᠡᠭᠳᠡᠢ᠃ ᠤᠷᠤᠵᠥ ᠭᠠᠷᠬᠤ ᠬᠦᠮᠥᠰ ᠤᠨ ᠬᠠᠮᠢᠶᠠᠷᠤᠯᠳᠠ ᠶᠢ ᠴᠢᠩᠭᠠᠳᠬᠠᠵᠥ᠂ ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠳᠠ ᠶᠢᠨ ᠠᠵᠢᠯ ᠢ ᠬᠦᠨᠵᠡᠬᠡᠢ ᠦᠷᠨᠢᠬᠦᠯᠬᠦ ᠬᠡᠷᠡᠭᠳᠡᠢ᠃ ᠳᠤᠳᠤᠭᠠᠳᠤ ᠳᠠᠭᠠᠨ ᠲᠠᠷᠬᠠᠨ ᠲᠡᠯᠬᠡᠷᠡᠬᠦ ᠶᠢ ᠰᠡᠷᠬᠡᠶᠢᠯᠡᠵᠤ ᠭᠠᠳᠠᠨ᠎ᠠ ᠠᠴᠠ ᠬᠠᠯᠳᠠᠪᠤᠷᠢᠯᠠᠨ ᠤᠷᠤᠵᠤ ᠢᠷᠡᠬᠦ ᠶᠢ ᠰᠡᠷᠬᠡᠶᠢᠯᠡᠬᠦ ᠰᠡᠷᠬᠡᠶᠢᠯᠡᠨ ᠡᠵᠡᠮᠳᠡᠬᠦ ᠠᠷᠭ᠎ᠠ ᠪᠤᠳᠤᠯᠭ᠎ᠠ ᠶᠢ ᠪᠠᠷᠢᠮᠳᠠᠯᠠᠬᠤ ᠶᠢᠨ ᠬᠠᠮᠳᠤ ᠡᠷᠡᠬᠦᠯ ᠮᠡᠨᠳᠤ ᠶᠢᠨ ᠬᠠᠮᠢᠶᠠᠷᠤᠯᠳᠠ ᠶᠢ ᠰᠠᠶᠢᠳᠤᠷ ᠬᠢᠵᠤ᠂ ᠰᠡᠷᠬᠡᠶᠢᠯᠡᠨ ᠡᠵᠡᠮᠳᠡᠬᠦ ᠠᠷᠭ᠎ᠠ ᠬᠡᠮᠵᠢᠶ᠎ᠠ ᠶᠢ ᠰᠠᠶᠢᠳᠤᠷ ᠨᠠᠶᠢᠳᠠᠪᠤᠷᠢᠵᠢᠭᠤᠯᠤᠭᠰᠠᠨ ᠤᠷᠢᠳᠠᠯ ᠲᠤᠤᠷ᠎ᠠ ︽ᠴᠡᠭ ᠢ ᠬᠠᠷᠠᠭᠠᠯᠵᠠᠭᠤᠯᠤᠭᠰᠠᠨ᠂ ᠨᠢᠬᠡ ᠦᠷᠳᠡᠬᠡᠴᠢᠯᠡᠭᠰᠡᠨ︾ ᠠᠷᠭ᠎ᠠ ᠬᠡᠮᠵᠢᠶ᠎ᠠ ᠠᠪᠴᠤ᠂ ᠲᠦᠪᠯᠡᠷᠡᠩᠬᠦᠢ ᠤᠨᠤᠴᠠᠳᠠᠢ ᠪᠠᠷ ᠬᠦᠯᠦᠰᠤᠨ ᠠᠵᠢᠯᠴᠢᠳ ᠤᠨ ᠠᠮᠤᠷ ᠲᠦᠪᠰᠢᠨ ᠢᠶᠠᠷ ᠠᠵᠢᠯ ᠤᠨ ᠪᠠᠶᠢᠷᠢ ᠳᠠᠭᠠᠨ ᠪᠤᠴᠠᠬᠤ ᠶᠢ ᠨᠢ ᠪᠠᠳᠤᠯᠠᠬᠤ ᠬᠡᠷᠡᠭᠳᠡᠢ ᠬᠡᠵᠥ ᠵᠢᠭᠠᠵᠥ ᠭᠠᠷᠭᠠᠪᠠ᠃      ᠵᠤᠬᠢᠶᠠᠯ ᠳᠤ᠂ ᠬᠦᠴᠦᠨ ᠪᠠᠭᠤᠷᠠᠢ ᠭᠠᠵᠠᠷ ᠤᠷᠤᠨ ᠤ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠠᠵᠢᠯ ᠢ ᠴᠢᠩᠭᠠᠳᠬᠠᠨ᠂ ᠡᠮᠴᠢᠯᠡᠬᠡᠨ ᠤ ᠬᠦᠴᠤᠨ ᠢᠶᠠᠷ ᠪᠠᠭᠤᠷᠠᠢ ᠬᠤᠳᠠ ᠵᠸᠤ ᠶᠢ ᠲᠡᠮᠵᠢᠬᠦ ᠡᠷᠴᠢᠮ ᠢᠶᠠᠨ ᠴᠢᠩᠭᠠᠷᠠᠭᠤᠯᠵᠤ᠂ ᠦᠨᠳᠤᠷ ᠲᠦᠪᠰᠢᠨ ᠲᠠᠢ ᠲᠤᠰᠬᠠᠢ ᠮᠡᠷᠬᠡᠵᠢᠯᠳᠠᠨ ᠤ ᠪᠦᠯᠬᠦᠮ ᠤᠨ ᠤᠢᠢᠯᠡᠳᠤᠯ ᠢ ᠪᠠᠳᠠᠷᠠᠭᠤᠯᠤᠨ᠂ ᠲᠤᠭᠤᠷᠢᠨ ᠤᠨᠤᠰᠢᠯᠠᠵᠤ ᠡᠮᠨᠡᠬᠦ᠂ ᠠᠯᠤᠰ ᠡᠵᠡᠮᠰᠢᠯ ᠢᠶᠠᠷ ᠬᠠᠮᠳᠤᠷᠠᠬᠰᠠᠨ ᠤᠨᠤᠰᠢᠯᠠᠯᠳᠠ ᠬᠢᠬᠦ ᠵᠡᠷᠬᠡ ᠪᠦᠳᠤᠮᠵᠢᠳᠠᠢ ᠠᠷᠭ᠎ᠠ ᠬᠢᠳᠡᠯ ᠢ ᠰᠦᠪᠡᠭᠴᠢᠯᠠᠵᠤ᠂ ᠰᠢᠯᠢᠳᠡᠭ ᠡᠮᠴᠢᠯᠡᠬᠡᠨ ᠤ ᠡᠬᠢ ᠪᠠᠶᠠᠯᠢᠬ ᠢ ᠦᠨᠳᠤᠰᠤᠨ ᠱᠠᠳᠤᠨ ᠳᠤ ᠪᠠᠭᠤᠯᠭᠠᠬᠤ ᠶᠢ ᠠᠬᠢᠭᠤᠯᠬᠤ ᠭᠡᠷᠡᠭᠳᠠᠢ᠃ ᠬᠦᠳᠡᠭᠡ ᠲᠤᠰᠬᠤᠨ ᠤ ᠡᠮ ᠡᠮᠨᠡᠯᠬᠡ ᠡᠷᠡᠬᠦᠯ ᠬᠠᠮᠠᠭᠠᠯᠠᠯ ᠤᠨ ᠨᠦᠬᠦᠴᠠᠯ ᠢ ᠰᠠᠶᠢᠵᠢᠷᠠᠭᠤᠯᠵᠤ᠂ ᠬᠦᠳᠡᠭᠡ ᠲᠤᠰᠬᠤᠨ ᠤ ᠡᠮᠴᠢᠯᠡᠭᠡᠨ ᠤ ᠠᠵᠢᠯᠳᠠᠳ ᠪᠤᠯᠤᠨ ᠦᠨᠳᠤᠰᠤᠨ ᠱᠠᠳᠤᠨ ᠤ ᠺᠠᠳ᠋ᠷᠴᠤᠳ ᠲᠤ ᠪᠤᠯᠪᠠᠰᠤᠷᠠᠯ ᠬᠦᠷᠳᠡᠭᠡᠬᠦ ᠪᠠᠨ ᠴᠢᠩᠭᠠᠳᠬᠠᠨ᠂ ᠴᠢᠬᠤᠯᠠ ᠪᠦᠬᠦᠢ ᠰᠡᠷᠬᠡᠶᠢᠯᠡᠨ ᠬᠠᠮᠠᠭᠠᠯᠠᠬᠤ ᠡᠳ᠋ ᠪᠤᠳᠠᠰ ᠢ ᠬᠠᠩᠭᠠᠬᠤ ᠭᠡᠷᠡᠭᠳᠠᠢ ᠬᠡᠵᠥ ᠵᠢᠭᠠᠵᠥ ᠭᠠᠷᠭᠠᠪᠠ᠃      ᠵᠤᠬᠢᠶᠠᠯ ᠳᠤ᠂ ᠤᠯᠠᠨ ᠲᠦᠮᠡᠨ ᠤ ᠦᠨᠳᠦᠰᠦᠨ ᠠᠮᠢᠳᠤᠷᠠᠯ ᠢ ᠰᠠᠶᠢᠳᠤᠷ ᠪᠠᠳᠤᠯᠠᠬᠤ ᠬᠡᠷᠡᠭᠳᠡᠢ᠃ ᠠᠷᠠᠳ ᠤᠨ ᠠᠮᠢᠳᠤᠷᠠᠯ ᠲᠤᠭᠳᠠᠭᠤᠨ ᠪᠤᠯᠪᠠᠯ ᠬᠦᠮᠤᠨ ᠤ ᠰᠡᠳᠬᠢᠯ ᠲᠤᠭᠳᠠᠭᠤᠨ ᠪᠠᠶᠢᠵᠤ᠂ ᠨᠡᠶᠢᠬᠡᠮ ᠲᠤᠭᠳᠠᠭᠤᠨ ᠪᠤᠯᠤᠨ᠎ᠠ᠃ ᠤᠯᠠᠨ ᠲᠦᠮᠡᠨ ᠤ ᠦᠨᠳᠤᠰᠤᠨ ᠠᠮᠢᠳᠤᠷᠠᠯ ᠤᠨ ᠭᠡᠷᠡᠭᠴᠡᠭᠡ ᠶᠢ ᠬᠦᠢᠴᠡᠳ ᠪᠤᠳᠤᠯᠬᠢᠯᠠᠨ᠂ ᠠᠮᠤ ᠲᠤᠰᠤ᠂ ᠮᠢᠬ᠎ᠠ ᠦᠨᠳᠡᠭᠡ ᠰᠦ ᠵᠡᠷᠬᠡ ᠠᠮᠢᠳᠤᠷᠠᠯ ᠤᠨ ᠴᠢᠬᠤᠯᠠ ᠬᠡᠷᠡᠭᠴᠡᠬᠡᠨ ᠤ ᠵᠦᠢᠯᠡᠰ ᠤᠨ ᠬᠠᠩᠭᠠᠯᠭ᠎ᠠ ᠶᠢ ᠪᠠᠳᠤᠯᠠᠬᠤ ᠭᠡᠷᠡᠭᠳᠠᠢ᠃ ᠰᠡᠳᠬᠢᠴᠠ ᠶᠢᠨ ᠵᠢᠯᠤᠭᠤᠳᠤᠯᠭ᠎ᠠ ᠬᠢᠬᠦ ᠪᠠ ᠰᠡᠳᠬᠢᠴᠠ ᠶᠢᠨ ᠬᠠᠮᠢᠶᠡᠷᠤᠯᠳᠠ ᠬᠢᠬᠦ ᠪᠠᠨ ᠴᠢᠩᠭᠠᠳᠬᠠᠵᠤ᠂ ᠶᠠᠷᠢᠶ᠎ᠡ ᠬᠡᠯᠡᠯᠴᠡᠭᠡ ᠪᠠᠷ ᠬᠦᠳᠦᠯᠤᠨ ᠵᠢᠯᠤᠭᠤᠳᠬᠤ ᠪᠠᠨ ᠴᠢᠩᠭᠠᠳᠬᠠᠨ᠂ ᠬᠠᠤᠯᠢ ᠶᠤᠰᠤᠭᠠᠷ ᠰᠡᠷᠭᠡᠶᠢᠯᠡᠨ ᠡᠵᠡᠮᠳᠡᠬᠦ ᠶᠢ ᠪᠠᠷᠢᠮᠳᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠮᠳᠠ ᠢᠯᠡᠷᠡᠬᠦ ᠪᠤᠯᠤᠮᠵᠢ ᠲᠠᠢ ᠡᠯ᠎ᠡ ᠲᠦᠷᠦᠯ ᠤᠨ ᠠᠰᠠᠭᠤᠳᠠᠯ ᠢ ᠵᠦᠢ ᠵᠤᠬᠢᠰᠳᠠᠢ ᠰᠢᠢᠳᠪᠤᠷᠢᠯᠡᠵᠤ᠂ ᠨᠡᠶᠢᠭᠡᠮ ᠤᠨ ᠶᠡᠭᠡ ᠲᠠᠯ᠎ᠡ ᠶᠢᠨ ᠲᠤᠬᠳᠠᠭᠤᠨ ᠢ ᠬᠠᠮᠠᠭᠠᠯᠠᠬᠤ ᠭᠡᠷᠡᠭᠳᠠᠢ ᠭᠡᠵᠤ ᠵᠢᠭᠠᠵᠥ ᠭᠠᠷᠭᠠᠪᠠ᠃      ᠵᠤᠬᠢᠶᠠᠯ ᠳᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠯᠦᠭᠡ ᠲᠤᠬᠢᠷᠠᠯᠴᠠᠬᠰᠡᠨ ᠠᠵᠤ ᠠᠬᠤᠢ ᠨᠡᠶᠢᠭᠡᠮ ᠤᠨ ᠠᠵᠢᠯᠯᠠᠭᠠᠨ ᠤ ᠡᠮᠬᠢ ᠲᠢᠭᠯᠢᠮ ᠢ ᠪᠦᠷᠢᠯᠳᠦᠬᠦᠯᠬᠦ ᠭᠡᠷᠡᠭᠳᠠᠢ᠃ ᠡᠨᠡ ᠤᠳᠠᠭ᠎ᠠ ᠶᠢᠨ ᠬᠢᠵᠢᠭ ᠤᠨ ᠪᠠᠶᠢᠳᠠᠯ ᠨᠢ ᠤᠬᠤᠷ ᠬᠤᠭᠤᠴᠠᠭᠠᠨ ᠲᠤᠲᠤᠷ᠎ᠠ ᠬᠤᠪᠸᠢ ᠶᠢᠨ ᠠᠵᠤ ᠠᠬᠤᠢ ᠨᠡᠶᠢᠭᠡᠮ ᠤᠨ ᠬᠦᠭᠵᠢᠯᠳᠠ ᠳᠤ ᠡᠪᠡᠷᠰᠢᠶᠠᠯ ᠠᠪᠴᠢᠷᠠᠬᠤ ᠪᠤᠯᠪᠠᠴᠤ ᠠᠵᠤ ᠠᠬᠤᠢ ᠶᠢᠨ ᠲᠤᠬᠳᠠᠭᠤᠨ ᠤ ᠲᠤᠮᠳᠠ ᠰᠠᠶᠢᠵᠢᠷᠠᠬᠤ᠂ ᠤᠷᠳᠤ ᠬᠤᠭᠤᠴᠠᠭ᠎ᠠ ᠪᠠᠷ ᠰᠠᠶᠢᠵᠢᠷᠠᠬᠤ ᠦᠨᠳᠤᠰᠤᠨ ᠪᠠᠶᠢᠳᠠᠯ ᠢ ᠨᠦᠯᠦᠭᠡᠯᠡᠬᠦ ᠦᠭᠡᠢ ᠶᠤᠮ᠃ ᠰᠡᠷᠭᠡᠶᠢᠯᠡᠨ ᠡᠵᠡᠮᠳᠡᠬᠦ ᠶᠢ ᠴᠢᠩᠭᠠᠳᠬᠠᠬᠰᠠᠨ ᠤᠷᠢᠳᠠᠯ ᠲᠤᠤᠷ᠎ᠡ ᠵᠦᠷᠢᠶᠠᠴᠢᠯᠡᠭᠰᠡᠨ ᠠᠷᠭ᠎ᠠ ᠪᠤᠳᠤᠯᠭ᠎ᠠ ᠠᠪᠴᠤ᠂ ᠵᠤᠬᠢᠰᠳᠠᠢ ᠴᠠᠭ ᠲᠤ ᠭᠠᠵᠠᠷ ᠤᠷᠤᠨ ᠬᠤᠪᠢᠶᠠᠨ ᠲᠡᠰ ᠬᠤᠪᠢᠶᠠᠵᠤ ᠲᠦᠷᠤᠯ ᠬᠤᠪᠢᠶᠠᠨ ᠴᠠᠭ ᠬᠤᠪᠢᠶᠠᠵᠤ ᠪᠠᠶᠢᠭᠠᠳ ᠨᠦᠬᠦᠴᠡᠯ ᠪᠦᠷᠢᠳᠦᠭᠰᠡᠳ ᠤᠨ ᠠᠵᠢᠯ ᠢᠶᠠᠨ ᠰᠡᠷᠬᠦᠭᠡᠵᠤ ᠦᠢᠯᠡᠳᠪᠤᠷᠢᠯᠡᠯ ᠢᠶᠠᠨ ᠰᠡᠷᠬᠦᠭᠡᠬᠦ ᠶᠢ ᠡᠬᠢᠯᠡᠬᠦᠯᠬᠦ ᠭᠡᠷᠡᠭᠳᠠᠢ᠃ ᠲᠦᠪ ᠤᠨ ᠪᠠ ᠲᠦᠷᠦ ᠶᠢᠨ ᠪᠠᠶᠢᠭᠤᠯᠭ᠎ᠠ ᠶᠢᠨ ᠡᠯ᠎ᠡ ᠶᠠᠮᠤᠨ ᠵᠦᠪᠯᠡᠯ ᠤᠨ ᠬᠢᠨ ᠬᠤᠪᠸᠢ ᠶᠢ ᠲᠡᠮᠵᠢᠬᠦ ᠡᠷᠴᠢᠮ ᠢᠶᠠᠨ ᠦᠷᠬᠦᠯᠵᠢᠯᠡᠨ ᠴᠢᠩᠭᠠᠷᠠᠭᠤᠯᠵᠤ᠂ ᠬᠤᠪᠸᠢ ᠶᠢ ᠬᠠᠪᠰᠤᠷᠤᠨ ᠪᠤᠳᠠᠳᠠᠢ ᠬᠦᠴᠢᠷᠳᠡᠯ ᠪᠤᠯᠤᠨ ᠪᠤᠳᠠᠳᠠᠢ ᠠᠰᠠᠭᠤᠳᠠᠯ ᠢ ᠨᠢ ᠰᠢᠢᠳᠪᠤᠷᠢᠯᠡᠵᠤ᠂ ᠡᠷᠳᠡᠭᠡᠨ ᠪᠦᠬᠦ ᠲᠠᠯ᠎ᠡ ᠪᠠᠷ ᠬᠡᠪ ᠤᠨ ᠪᠠᠶᠢᠳᠠᠯ ᠳᠤᠨᠢ ᠤᠷᠤᠭᠤᠯᠬᠤ ᠭᠡᠷᠡᠭᠳᠠᠢ ᠭᠡᠵᠤ ᠵᠢᠭᠠᠵᠤ ᠭᠠᠷᠭᠠᠪᠠ᠃      ᠵᠤᠬᠢᠶᠠᠯ ᠳᠤ᠂ ᠵᠠᠰᠠᠯᠳᠠ ᠶᠢᠨ ᠰᠢᠰᠲ᠋ᠧᠮ ᠪᠤᠯᠤᠨ ᠵᠠᠰᠠᠯᠳᠠ ᠶᠢᠨ ᠴᠢᠳᠠᠪᠤᠷᠢ ᠶᠢᠨ ᠲᠤᠳᠠᠭᠤᠳᠠᠯ ᠢ ᠨᠦᠬᠦᠪᠤᠷᠢᠯᠡᠬᠦ ᠭᠡᠷᠡᠭᠳᠠᠢ᠃ ᠡᠨᠡ ᠤᠳᠠᠭ᠎ᠠ ᠶᠢᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠪᠤᠯ ᠨᠢᠭᠡ ᠤᠳᠠᠭ᠎ᠠ ᠶᠢᠨ ᠵᠠᠰᠠᠯᠳᠠ ᠶᠢᠨ ᠰᠢᠰᠲ᠋ᠧᠮ ᠪᠤᠯᠤᠨ ᠵᠠᠰᠠᠯᠳᠠ ᠶᠢᠨ ᠴᠢᠳᠠᠪᠤᠷᠢ ᠶᠢᠨ ᠶᠡᠭᠡ ᠰᠢᠯᠭᠠᠯᠳᠠ ᠪᠤᠯᠤᠨ᠎ᠡ᠂ ᠲᠤᠷᠰᠢᠯᠭ᠎ᠠ ᠬᠤᠷᠠᠮᠳᠤᠭᠤᠯᠤᠭᠰᠠᠨ ᠪᠦᠭᠡᠳ ᠪᠠᠰᠠ ᠰᠤᠷᠭᠠᠮᠵᠢ ᠤᠯᠵᠠᠢ᠃ ᠬᠤᠯᠠ ᠶᠢ ᠪᠠᠷᠠᠯᠠᠵᠤ᠂ ᠲᠤᠷᠰᠢᠯᠭ᠎ᠠ ᠰᠤᠷᠭᠠᠮᠵᠢ ᠪᠠᠨ ᠳ᠋ᠦᠡᠭᠨᠡᠨ᠂ ᠵᠠᠰᠠᠯᠳᠠ ᠶᠢᠨ ᠰᠢᠰᠲ᠋ᠧᠮ ᠤᠨ ᠲᠤᠳᠠᠭᠤᠳᠠᠯ ᠪᠤᠯᠤᠨ ᠪᠠᠭᠤᠷᠠᠢ ᠲᠠᠯ᠎ᠡ ᠪᠠᠨ ᠲᠦᠷᠭᠡᠨ ᠨᠦᠬᠦᠪᠤᠷᠢᠯᠡᠵᠤ᠂ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠤᠯᠤᠨ ᠪᠡᠶ᠎ᠡ ᠮᠠᠬᠠᠪᠤᠳ ᠤᠨ ᠡᠷᠡᠬᠦᠯ ᠮᠠᠨᠳᠤ ᠶᠢ ᠪᠠᠳᠤᠯᠬᠠᠤ ᠲᠦᠷᠢᠮ ᠤᠨ ᠰᠡᠷᠭᠡᠶᠢᠯᠡᠯᠳᠠ ᠶᠢᠨ ᠱᠤᠭᠤᠮ ᠢ ᠪᠠᠳᠤ ᠴᠤᠬᠴᠠᠯᠠᠬᠤ ᠭᠡᠷᠡᠭᠳᠠᠢ᠃ ᠤᠯᠠᠨ ᠨᠡᠶᠢᠳᠡ ᠶᠢᠨ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠳᠠ ᠶᠢᠨ ᠰᠢᠰᠲ᠋ᠧᠮ ᠢᠶᠠᠨ ᠬᠦᠴᠦᠯᠡᠨ ᠲᠡᠭᠦᠯᠳᠡᠷᠵᠢᠭᠦᠯᠵᠦ᠂ ᠭᠡᠨᠡᠳᠳᠡ ᠶᠢᠨ ᠬᠦᠨᠳᠤ ᠶᠡᠭᠡ ᠤᠯᠠᠨ ᠨᠡᠶᠢᠳᠡ ᠶᠢᠨ ᠡᠷᠡᠭᠦᠯ ᠬᠠᠮᠠᠭᠠᠯᠠᠯ ᠤᠨ ᠬᠡᠷᠡᠭ ᠢ ᠠᠷᠭᠠᠴᠠᠭᠠᠬᠤ ᠴᠢᠳᠠᠪᠤᠷᠢ ᠪᠠ ᠲᠦᠪᠰᠢᠨ ᠢᠶᠠᠨ ᠳᠡᠭᠡᠭᠰᠢᠯᠡᠭᠦᠯᠬᠦ ᠬᠡᠷᠡᠭᠳᠠᠢ᠃ ᠬᠤᠳᠠ ᠬᠦᠳᠡᠭᠡ ᠶᠢᠨ ᠦᠨᠳᠤᠰᠤᠨ ᠱᠠᠳᠤᠨ ᠤ ᠵᠠᠰᠠᠯᠳᠠ ᠶᠢᠨ ᠰᠢᠰᠲ᠋ᠧᠮ ᠢ ᠬᠦᠴᠤᠯᠠᠨ ᠲᠡᠬᠦᠯᠳᠡᠷᠵᠢᠬᠦᠯᠵᠤ᠂ ︽ᠪᠦᠬᠦ ᠦᠶᠡᠯᠡᠯ ᠤᠨ ᠬᠤᠭᠤᠴᠠᠭᠠᠨ ᠤ ᠬᠠᠮᠢᠶᠡᠷᠤᠯᠳᠠ︾ ᠶᠢᠨ ᠤᠬᠠᠮᠰᠠᠷ ᠢ ᠪᠤᠢ ᠪᠤᠯᠭᠠᠨ᠂ ᠭᠡᠳᠤ ᠶᠡᠭᠡ ᠬᠤᠳᠠ ᠶᠢᠨ ᠤᠳᠤᠬᠢᠴᠢᠯᠠᠬᠰᠠᠨ ᠵᠠᠰᠠᠯᠳᠠ ᠶᠢᠨ ᠰᠢᠨ᠎ᠡ ᠵᠠᠮ ᠢ ᠴᠢᠷᠮᠠᠶᠢᠨ ᠬᠠᠶᠢᠨ ᠰᠦᠪᠡᠭᠴᠢᠯᠡᠬᠦ ᠭᠡᠷᠡᠭᠳᠠᠢ ᠭᠡᠵᠤ ᠵᠢᠭᠠᠵᠤ ᠭᠠᠷᠭᠠᠪᠠ᠃      ᠵᠤᠬᠢᠶᠠᠯ ᠳᠤ᠂ ᠮᠠᠨ ᠤ ᠨᠠᠮ ᠪᠤᠯ ᠲᠤᠳᠤᠭᠠᠳᠤ ᠶᠢᠨ ᠬᠢᠮᠤᠷᠠᠯ ᠭᠠᠳᠠᠭᠠᠳᠤ ᠶᠢᠨ ᠠᠶᠤᠯ ᠲᠤᠮᠳᠠ ᠮᠡᠨᠳᠤᠯᠠᠵᠤ᠂ ᠬᠦᠴᠢᠷ ᠪᠡᠷᠭᠡᠰᠢᠶᠠᠯ ᠨᠤᠭᠤᠷᠠᠯ ᠪᠦᠳᠦᠷᠢᠯ ᠤᠨ ᠲᠤᠮᠳᠠ ᠪᠤᠶᠢᠵᠢᠵᠤ᠂ ᠪᠡᠷᠭᠡ ᠶᠢ ᠲᠠᠪᠡᠨ ᠬᠦᠴᠢᠷ ᠢ ᠲᠤᠭᠤᠯᠬᠤ ᠲᠤᠮᠳᠠ ᠪᠤᠵᠠᠭᠠᠢᠢᠷᠠᠬᠰᠡᠨ ᠶᠤᠮ᠃ ᠵᠤᠷᠢᠬᠳᠠᠢ ᠪᠠᠷ ᠲᠡᠮᠡᠴᠡᠯ ᠬᠢᠵᠤ ᠵᠤᠷᠢᠬᠳᠠᠢ ᠪᠠᠷ ᠢᠯᠡᠯᠳᠠ ᠤᠯᠬᠤ ᠪᠤᠯ ᠲᠤᠮᠳᠠᠳᠤ ᠤᠯᠤᠰ ᠤᠨ ᠡᠪ ᠬᠠᠮᠳᠤᠴᠤᠳ ᠤᠨ ᠢᠯᠡ ᠲᠤᠳᠤ ᠤᠯᠤᠰ ᠲᠦᠷᠦ ᠶᠢᠨ ᠬᠡᠪ ᠴᠢᠨᠠᠷ ᠪᠤᠯᠬᠤ ᠪᠦᠭᠡᠳ ᠪᠠᠰᠠ ᠴᠦ ᠮᠠᠨ ᠤ ᠤᠯᠤᠰ ᠲᠦᠷᠦ ᠶᠢᠨ ᠲᠠᠪᠠᠭᠤᠯᠢᠭ ᠪᠤᠯᠤᠨ᠎ᠠ᠃ ᠡᠯ᠎ᠡ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠪᠤᠯᠤᠨ ᠦᠷᠭᠡᠨ ᠤᠯᠠᠨ ᠨᠠᠮ ᠤᠨ ᠭᠡᠰᠢᠬᠦᠨ᠂ ᠺᠠᠳ᠋ᠷ ᠤᠭ ᠰᠠᠨᠠᠭ᠎ᠠ ᠪᠠᠨ ᠦᠯᠤ ᠮᠡᠷᠳᠡᠨ ᠡᠬᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠵᠤ᠂ ᠬᠠᠷᠢᠭᠤᠴᠠᠯᠭ᠎ᠠ ᠪᠠᠨ ᠡᠬᠦᠷᠭᠡᠯᠡᠨ ᠬᠠᠳᠠᠭᠤ ᠰᠢᠯᠭᠠᠯᠳᠠ ᠶᠢ ᠲᠠᠭᠠᠭᠠᠵᠤ᠂ ᠡᠨᠡ ᠬᠦ ᠶᠡᠭᠡ ᠰᠢᠯᠭᠠᠯᠳᠠ ᠲᠤᠮᠳᠠ ᠬᠠᠷᠢᠭᠤᠴᠠᠯᠭ᠎ᠠ ᠡᠬᠦᠷᠭᠡᠯᠡᠯ ᠤᠨ ᠡᠷᠴᠢ ᠵᠤᠷᠢᠭ᠂ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ ᠡᠵᠡᠮᠳᠡᠬᠦ ᠤᠶᠤᠨ ᠤᠬᠠᠭᠠᠨ᠂ ᠨᠢᠭᠡᠳᠦᠯᠳᠠᠢ ᠲᠦᠯᠦᠪᠵᠢᠬᠦᠯᠤᠨ ᠨᠠᠶᠢᠳᠠ ᠳᠤᠨᠢ ᠬᠠᠷᠠᠭᠠᠯᠵᠠᠬᠤ ᠠᠷᠭ᠎ᠠ ᠪᠤᠳᠤᠯᠭ᠎ᠠ᠂ ᠵᠤᠬᠢᠶᠠᠨ ᠪᠠᠶᠢᠭᠤᠯᠵᠤ ᠭᠡᠷᠡᠭᠵᠢᠬᠦᠯᠬᠦ ᠴᠢᠳᠠᠪᠤᠷᠢ ᠪᠠᠨ ᠲᠠᠪᠳᠠᠨ ᠪᠤᠯᠪᠠᠰᠤᠷᠠᠭᠤᠯᠵᠤ᠂ ᠠᠵᠢᠯ ᠤᠨ ᠬᠠᠷᠢᠭᠤᠴᠠᠯᠭ᠎ᠠ ᠪᠠᠨ ᠪᠠᠷᠢᠮᠳᠠᠯᠠᠨ ᠠᠵᠢᠯ ᠤᠨ ᠬᠠᠷᠢᠭᠤᠴᠠᠯᠭ᠎ᠠ ᠪᠠᠨ ᠭᠦᠢᠴᠡᠳᠭᠡᠬᠦ ᠳᠡᠭᠡᠨ ᠠᠷᠭ᠎ᠠ ᠳᠡᠮ ᠲᠠᠢ ᠪᠠᠶᠢᠬᠤ ᠶᠢ ᠪᠠᠶᠠᠯᠡᠬᠦᠯᠬᠦ ᠭᠡᠷᠡᠭᠳᠠᠢ ᠭᠡᠵᠤ ᠴᠢᠬᠤᠯᠠᠴᠢᠯᠠᠪᠠ᠃    
 
ᠢᠷᠡᠯᠲᠡ᠄ ᠲᠤᠮᠳᠠᠲᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠬᠡᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号