ᠰᠢ ᠶᠢᠨ ᠫᠢᠩ ᠵᠧᠵᠢᠶᠠᠩ ᠳᠤ ᠰᠢᠨᠵᠢᠯᠡᠨ ᠪᠠᠶᠢᠴᠠᠭᠠᠬᠤ ᠳᠠᠭᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠦ ᠠᠬᠤᠢ ᠨᠡᠶᠢᠭᠡᠮ ᠤᠨ ᠬᠦᠭᠵᠢᠯᠳᠡ ᠶᠢᠨ ᠠᠵᠢᠯ ᠢ ᠨᠢᠭᠡᠳᠦᠯᠳᠡᠢ ᠲᠦᠯᠦᠪᠵᠢᠭᠦᠯᠦᠨ ᠠᠬᠢᠭᠤᠯᠵᠦ ᠡᠨᠡ ᠵᠢᠯ ᠤᠨ ᠠᠵᠦ ᠠᠬᠤᠢ ᠨᠡᠶᠢᠭᠡᠮ ᠤᠨ ᠬᠦᠭᠵᠢᠯᠳᠡ ᠶᠢᠨ ᠬᠠᠷᠠᠯᠲᠠ ᠡᠭᠦᠷᠭᠡ ᠶᠢ ᠬᠦᠴᠦᠯᠡᠨ ᠪᠡᠶᠡᠯᠡᠭᠦᠯᠬᠦ ᠬᠡᠷᠡᠭᠳᠡᠢ ᠭᠡᠵᠦ ᠴᠢᠬᠤᠯᠠᠴᠢᠯᠠᠪᠠ
ᠨᠡᠶᠢᠲᠡᠯᠡᠭᠰᠡᠨ ᠴᠠᠭ᠄
2020-04-02
    3 ᠰᠠᠷ᠎ᠠ ᠶᠢᠨ 29 ᠤ ᠡᠳᠤᠷ ᠠᠴᠠ 4 ᠰᠠᠷ᠎ᠠ ᠶᠢᠨ 1 ᠤ ᠡᠳᠤᠷ ᠪᠤᠯᠳᠠᠯ᠎ᠠ᠂ ᠨᠠᠮ ᠤᠨ ᠲᠦᠪ ᠬᠤᠷᠢᠶᠠᠨ ᠤ ᠶᠡᠷᠦᠩᠭᠡᠢ ᠱᠦᠵᠢ᠂ ᠤᠯᠤᠰ ᠤᠨ ᠲᠡᠷᠢᠬᠦᠯᠡᠭᠴᠢ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠬᠦᠯᠡᠭᠴᠢ ᠰᠢ ᠶᠢᠨ ᠫᠢᠩ ᠵᠧᠵᠢᠶᠠᠩ ᠳᠤ ᠰᠢᠨᠵᠢᠯᠡᠨ ᠪᠠᠶᠢᠴᠠᠭᠠᠪᠠ᠃ ᠵᠢᠷᠤᠭ ᠪᠤᠯ 3 ᠰᠠᠷ᠎ᠠ ᠶᠢᠨ 29 ᠤ ᠡᠳᠤᠷ᠂ ᠰᠢ ᠶᠢᠨ ᠫᠢᠩ ᠨᠢᠩᠪᠦ᠋ᠸᠧ ᠶᠢᠨ ᠪᠸᠢ ᠯᠦᠨ ᠳ᠋ᠠ ᠴᠢ ᠳᠡᠭᠡᠳᠦ ᠲᠡᠰ ᠤᠨ ᠮᠠᠰᠢᠨ ᠳᠡᠷᠭᠡᠨ ᠤ ᠰᠡᠯᠪᠢᠭ ᠲᠤᠨᠤᠭ ᠤᠨ ᠬᠡᠪ ᠬᠡᠷᠡᠭᠰᠡᠯ ᠤᠨ ᠬᠦᠷᠢᠶᠡᠯᠡᠩ ᠲᠤᠭᠤᠷᠢᠭ ᠤᠨ ᠬᠠᠮᠢᠶᠠᠷᠤᠯᠳᠠ ᠦᠢᠯᠡᠴᠢᠯᠡᠬᠡᠨ ᠤ ᠲᠦᠪ ᠲᠤ᠂ ᠬᠦᠷᠢᠶᠡᠯᠡᠩ ᠲᠤᠭᠤᠷᠢᠭ ᠤᠨ ᠬᠠᠮᠢᠶᠠᠷᠤᠯᠳᠠ ᠶᠢᠨ ᠠᠵᠢᠯᠳᠠᠨ᠂ ᠲᠤᠮᠳᠠ ᠪᠠᠭ᠎ᠠ ᠠᠵᠥ ᠠᠬᠤᠢᠢᠯᠠᠯ ᠤᠨ ᠬᠠᠷᠢᠭᠤᠴᠠᠯᠭᠠᠳᠠᠨ ᠤ ᠲᠦᠯᠥᠬᠡᠯᠡᠭᠴᠢ᠂ ᠭᠠᠳᠠᠨ᠎ᠠ ᠤᠷᠤᠨ ᠠᠴᠠ ᠵᠧᠵᠢᠶᠠᠩ ᠳᠤ ᠪᠤᠴᠠᠭᠰᠠᠠ ᠠᠵᠢᠯᠴᠢᠨ ᠤ ᠲᠦᠯᠥᠬᠡᠯᠡᠭᠴᠢ ᠵᠡᠷᠬᠡ ᠲᠠᠢ ᠲᠤᠳᠤᠨᠤ ᠪᠠᠷ ᠶᠠᠷᠢᠯᠴᠠᠵᠥ ᠪᠠᠶᠢᠭ᠎ᠠ ᠨᠢ᠃      ᠰᠢᠨᠬᠤᠸᠠ ᠬᠤᠷᠢᠶᠠᠨ ᠤ ᠰᠤᠷᠪᠤᠯᠵᠢᠯᠠᠭᠴᠢ ᠵᠢᠤᠢ ᠫᠧᠩ ᠰᠡᠬᠦᠳᠡᠷᠯᠡᠪᠡ
     3 ᠰᠠᠷ᠎ᠠ ᠶᠢᠨ 29 ᠤ ᠡᠳᠤᠷ ᠠᠴᠠ 4 ᠰᠠᠷ᠎ᠠ ᠶᠢᠨ 1 ᠤ ᠡᠳᠤᠷ ᠪᠤᠯᠳᠠᠯ᠎ᠠ᠂ ᠨᠠᠮ ᠤᠨ ᠲᠦᠪ ᠬᠤᠷᠢᠶᠠᠨ ᠤ ᠶᠡᠷᠦᠩᠭᠡᠢ ᠱᠦᠵᠢ᠂ ᠤᠯᠤᠰ ᠤᠨ ᠲᠡᠷᠢᠬᠦᠯᠡᠭᠴᠢ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠬᠦᠯᠡᠭᠴᠢ ᠰᠢ ᠶᠢᠨ ᠫᠢᠩ ᠵᠧᠵᠢᠶᠠᠩ ᠳᠤ ᠰᠢᠨᠵᠢᠯᠡᠨ ᠪᠠᠶᠢᠴᠠᠭᠠᠪᠠ᠃ ᠵᠢᠷᠤᠭ ᠪᠤᠯ 3 ᠰᠠᠷ᠎ᠠ ᠶᠢᠨ 30 ᠤ ᠡᠳᠤᠷ᠂ ᠰᠢ ᠶᠢᠨ ᠫᠢᠩ ᠬᠤᠵᠸᠥ ᠬᠤᠳᠠ ᠶᠢᠨ ᠠᠨᠵᠢ ᠰᠢᠶᠠᠨ ᠤ ᠲᠢᠶᠠᠨ ᠬᠤᠸᠠᠩ ᠫᠢᠩ ᠪᠠᠯᠭᠠᠰᠤ ᠶᠢᠨ ᠢᠤᠢ ᠼᠦᠨ ᠲᠤᠰᠬᠤᠨ ᠳᠤ ᠪᠠᠶᠢᠴᠠᠭᠠᠨ ᠰᠤᠳᠤᠯᠵᠤ᠂ ᠯᠢᠩᠬᠸ᠎ᠠ ᠶᠢᠨ ᠴᠦᠬᠦᠷᠤᠮ ᠢᠶᠠᠨ ᠴᠡᠪᠡᠷᠯᠡᠵᠥ ᠪᠠᠶᠢᠬᠰᠠᠨ ᠲᠤᠰᠬᠤᠨ ᠤ ᠠᠷᠠᠳ ᠲᠠᠢ ᠲᠤᠳᠤᠨᠤ ᠪᠠᠷ ᠶᠠᠷᠢᠯᠴᠠᠨ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠨᠢ ᠯᠠᠪᠯᠠᠨ ᠠᠰᠠᠭᠤᠵᠤ ᠪᠠᠶᠢᠭ᠎ᠠ᠃      ᠰᠢᠨᠬᠤᠸᠠ ᠬᠤᠷᠢᠶᠠᠨ ᠤ ᠰᠤᠷᠪᠤᠯᠵᠢᠯᠠᠭᠴᠢ ᠱᠧᠨ ᠬᠤᠩ ᠰᠡᠬᠦᠳᠡᠷᠯᠡᠪᠡ          ᠰᠢᠨᠬᠤᠸᠠ ᠬᠤᠷᠢᠶᠠᠨ ᠤ ᠬᠠᠩᠵᠸᠦ ᠶᠢᠨ 4 ᠰᠠᠷ᠎ᠠ ᠶᠢᠨ 1 ᠤ ᠴᠠᠬᠢᠯᠭᠠᠨ ᠮᠡᠳᠡᠭᠡ ᠨᠠᠮ ᠤᠨ ᠲᠦᠪ ᠬᠤᠷᠢᠶᠠᠨ ᠤ ᠶᠡᠷᠦᠩᠭᠡᠢ ᠱᠦᠵᠢ᠂ ᠤᠯᠤᠰ ᠤᠨ ᠲᠡᠷᠢᠬᠦᠯᠡᠭᠴᠢ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠬᠦᠯᠡᠭᠴᠢ ᠰᠢ ᠶᠢᠨ ᠫᠢᠩ ᠤᠢᠢᠷ᠎ᠠ ᠶᠢᠨ ᠡᠳᠦᠷ ᠵᠧᠵᠢᠶᠠᠩ ᠳᠤ ᠰᠢᠨᠵᠢᠯᠡᠨ ᠪᠠᠶᠢᠴᠠᠭᠠᠬᠤ ᠳᠠᠭᠠᠨ᠂ ᠨᠠᠮ ᠤᠨ ᠲᠦᠪ ᠬᠤᠷᠢᠶᠠᠨ ᠤ ᠡᠯ᠎ᠠ ᠵᠦᠢᠯ ᠤᠨ ᠰᠢᠢᠳᠪᠤᠷᠢᠳᠦ ᠪᠤᠳᠤᠯᠭ᠎ᠠ ᠪᠠᠶᠢᠷᠢᠯᠠᠭᠤᠯᠤᠯᠳᠠ ᠶᠢ ᠪᠦᠬᠦ ᠲᠠᠯ᠎ᠠ ᠪᠠᠷ ᠲᠤᠭᠤᠰᠢᠯᠠᠭᠤᠯᠵᠦ᠂ ᠰᠢᠨ᠎ᠠ ᠳᠢᠳᠢᠮᠯᠢᠭ ᠠᠭᠤᠰᠬᠢᠨ ᠦᠷᠪᠢᠰᠤᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠦᠭᠵᠢᠯᠳᠠ ᠶᠢ ᠨᠢᠭᠡᠳᠦᠯᠳᠠᠢ ᠲᠦᠯᠦᠪᠵᠢᠬᠦᠯᠦᠨ ᠠᠬᠢᠭᠤᠯᠬᠤ ᠠᠵᠢᠯ ᠢ ᠰᠠᠶᠢᠳᠤᠷ ᠬᠢᠵᠦ᠂ ᠲᠤᠭᠳᠠᠭᠤᠨ ᠤ ᠳᠤᠮᠳᠠ ᠤᠷᠤᠬᠰᠢᠯᠠᠨ ᠲᠠᠪᠰᠢᠬᠤ ᠠᠵᠢᠯ ᠤᠨ ᠶᠡᠷᠦᠩᠭᠡᠢ ᠬᠦᠭ ᠠᠶᠠᠰ ᠢ ᠪᠠᠷᠢᠮᠳᠠᠯᠠᠨ᠂ ᠰᠢᠨ᠎ᠠ ᠬᠦᠭᠵᠢᠯᠳᠠ ᠶᠢᠨ ᠤᠢᠢᠯᠠᠭᠠᠭᠳᠠᠬᠤᠨ ᠢ ᠪᠠᠷᠢᠮᠳᠠᠯᠠᠵᠦ᠂ ︽ᠨᠠᠢᠮᠠ ᠨᠠᠢᠮᠠ ᠶᠢᠨ ᠪᠠᠶᠢᠯᠳᠤᠬᠤ ᠪᠤᠳᠤᠯᠭ᠎ᠠ︾ ᠪᠠᠷ ᠶᠡᠷᠦᠩᠭᠡᠶᠢᠯᠡᠨ ᠵᠠᠬᠢᠷᠤᠭᠤᠯᠬᠤ ᠶᠢ ᠪᠠᠷᠢᠮᠳᠠᠯᠠᠵᠤ᠂ ᠪᠤᠳᠠᠳᠠᠢ ᠠᠵᠢᠯᠯᠠᠵᠦ ᠡᠮᠦᠨ᠎ᠠ ᠨᠢ ᠬᠤᠰᠢᠭᠤᠷᠠᠨ ᠤᠷᠤᠰᠬᠠᠯ ᠤᠨ ᠡᠮᠦᠨ᠎ᠠ ᠵᠤᠷᠢᠬᠳᠠᠢ ᠵᠤᠬᠰᠤᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠢᠯ ᠢᠶᠠᠨ ᠰᠡᠷᠬᠦᠭᠡᠵᠦ ᠦᠢᠯᠡᠳᠪᠤᠷᠢᠯᠡᠯ ᠢᠶᠠᠨ ᠰᠡᠷᠬᠦᠭᠡᠬᠦ ᠡᠯ᠎ᠠ ᠵᠦᠢᠯ ᠤᠨ ᠠᠷᠭ᠎ᠠ ᠭᠡᠮᠵᠢᠶ᠎ᠠ ᠶᠢ ᠤᠨᠤᠴᠠᠳᠠᠢ ᠨᠠᠶᠢᠳᠠᠪᠤᠷᠢᠵᠢᠭᠤᠯᠤᠨ᠂ ᠡᠨᠡ ᠵᠢᠯ ᠤᠨ ᠠᠵᠤ ᠠᠬᠤᠢ ᠨᠡᠶᠢᠭᠡᠮ ᠤᠨ ᠬᠦᠭᠵᠢᠯᠳᠠ ᠶᠢᠨ ᠬᠠᠷᠠᠯᠳᠠ ᠡᠬᠦᠷᠭᠡ ᠶᠢ ᠬᠦᠴᠦᠯᠡᠨ ᠪᠡᠶᠡᠯᠡᠬᠦᠯᠵᠦ᠂ ᠰᠢᠨ᠎ᠠ ᠴᠠᠭ ᠦᠶ᠎ᠠ ᠳᠤ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠤᠨ ᠲᠠᠪᠠᠭᠤᠯᠢᠭ ᠴᠢᠨᠠᠷ ᠢ ᠪᠦᠬᠦ ᠲᠠᠯ᠎ᠠ ᠪᠠᠷ ᠳᠡᠯᠭᠡᠨ ᠦᠵᠡᠬᠦᠯᠬᠦ ᠴᠢᠬᠤᠯᠠ ᠴᠤᠩᠬᠤᠪᠴᠢ ᠪᠤᠯᠬᠤ ᠪᠠᠷ ᠴᠢᠷᠮᠠᠶᠢᠬᠤ ᠭᠡᠷᠡᠭᠲᠡᠢ ᠭᠡᠵᠦ ᠴᠢᠬᠤᠯᠠᠴᠢᠯᠠᠪᠠ᠃      ᠬᠠᠪᠤᠷ ᠤᠨ ᠭᠤᠷᠪᠠᠨ ᠰᠠᠷ᠎ᠠ ᠳᠤ᠂ ᠵᠧᠵᠢᠶᠠᠩ ᠤᠨ ᠡᠬᠡ ᠭᠠᠵᠠᠷ ᠲᠤ ᠴᠡᠴᠡᠭ ᠬᠤᠸᠠᠷ ᠳᠡᠯᠭᠡᠷᠡᠵᠦ ᠡᠪᠡᠰᠦ ᠮᠤᠳᠤ ᠬᠦᠭᠡᠷᠡᠨ ᠨᠤᠭᠤᠭᠠᠷᠠᠨ᠎ᠠ᠃ 3 ᠰᠠᠷ᠎ᠠ ᠶᠢᠨ 29 ᠤ ᠡᠳᠤᠷ ᠠᠴᠠ 4 ᠰᠠᠷ᠎ᠠ ᠶᠢᠨ 1 ᠤ ᠡᠳᠦᠷ ᠪᠤᠯᠳᠠᠯ᠎ᠠ᠂ ᠰᠢ ᠶᠢᠨ ᠫᠢᠩ ᠵᠧᠵᠢᠶᠠᠩ ᠮᠤᠵᠢ ᠶᠢᠨ ᠨᠠᠮ ᠤᠨ ᠬᠤᠷᠢᠶᠠᠨ ᠤ ᠱᠦᠵᠢ ᠴᠧ ᠵᠢᠶᠦ᠋ᠨ ᠪᠤᠯᠤᠨ ᠮᠤᠵᠢ ᠶᠢᠨ ᠳᠠᠷᠤᠭ᠎ᠠ ᠶᠤᠸᠠᠨ ᠵᠢᠶᠠ ᠵᠢᠶᠦ᠋ᠨ ᠤ ᠪᠠᠷ᠎ᠠ ᠪᠤᠯᠤᠯᠭ᠎ᠠ ᠪᠠᠷ ᠤᠷᠢᠳ ᠬᠤᠵᠢᠳ ᠨᠢᠩᠪᠦ᠋ᠸᠧ᠂ ᠬᠤᠵᠸᠦ᠂ ᠬᠠᠩᠵᠸᠦ ᠵᠡᠷᠭᠡ ᠭᠠᠵᠠᠷ ᠲᠤ ᠬᠦᠷᠴᠦ ᠭᠠᠷᠠᠮ᠂ ᠠᠵᠤ ᠠᠬᠤᠢᠢᠯᠠᠯ᠂ ᠬᠦᠳᠡᠭᠡ ᠲᠤᠰᠬᠤᠨ᠂ ᠠᠮᠢ ᠠᠬᠤᠢ ᠶᠢᠨ ᠨᠤᠭᠤ ᠭᠠᠵᠠᠷ ᠵᠡᠷᠭᠡ ᠭᠠᠵᠠᠷ ᠲᠤ ᠬᠦᠨᠵᠡᠭᠡᠶᠢᠷᠡᠨ᠂ ᠰᠢᠨ᠎ᠠ ᠳᠢᠳᠢᠮᠯᠢᠭ ᠠᠭᠤᠰᠬᠢᠨ ᠦᠷᠪᠢᠰᠤᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠦᠭᠵᠢᠯᠳᠠ ᠶᠢᠨ ᠠᠵᠢᠯ ᠢ ᠨᠢᠭᠡᠳᠦᠯᠳᠠᠢ ᠲᠦᠯᠦᠪᠵᠢᠬᠦᠯᠦᠨ ᠠᠬᠢᠭᠤᠯᠬᠤ ᠲᠤᠬᠠᠢ ᠪᠠᠶᠢᠴᠠᠭᠠᠨ ᠰᠤᠳᠤᠯᠵᠠᠢ᠃      3 ᠰᠠᠷ᠎ᠠ ᠶᠢᠨ 29 ᠤ ᠡᠳᠦᠷ᠂ ᠰᠢ ᠶᠢᠨ ᠫᠢᠩ ᠨᠢᠩᠪᠦ᠋ᠸᠧ ᠶᠢᠨ ᠵᠸᠤ ᠱᠠᠨ ᠭᠠᠷᠠᠮ ᠤᠨ ᠴᠤᠸᠠᠨᠱᠠᠨ ᠭᠠᠷᠠᠮ ᠤᠨ ᠤᠷᠤᠨ ᠳᠤ ᠬᠦᠷᠴᠤ ᠰᠢᠨᠵᠢᠯᠡᠨ ᠪᠠᠶᠢᠴᠠᠭᠠᠪᠠ᠃ ᠴᠤᠸᠠᠨᠱᠠᠨ ᠭᠠᠷᠠᠮ ᠤᠨ ᠤᠷᠤᠨ ᠠᠷᠭ᠎ᠠ ᠭᠡᠮᠵᠢᠶ᠎ᠠ ᠠᠪᠴᠦ ᠡᠷᠳᠡᠭᠡᠨ ᠦᠢᠯᠡᠳᠪᠤᠷᠢᠯᠡᠯ ᠢᠶᠠᠨ ᠰᠡᠷᠬᠦᠭᠡᠭᠰᠡᠡ ᠠᠴᠠ ᠭᠠᠷᠠᠮ ᠤᠨ ᠤᠷᠤᠭᠤᠯᠵᠦ ᠭᠠᠷᠭᠠᠬᠤ ᠭᠡᠮᠵᠢᠶ᠎ᠠ ᠠᠭᠠᠵᠢᠮ ᠢᠶᠠᠷ ᠬᠡᠪ ᠤᠨ ᠲᠦᠪᠰᠢᠨ ᠳᠡᠭᠡᠨ ᠬᠦᠷᠴᠠᠢ᠃ ᠠᠵᠢᠯ ᠶᠠᠪᠤᠲᠠᠯ ᠲᠤᠬᠢᠷᠠᠭᠤᠯᠬᠤ ᠶᠡᠭᠡ ᠲᠢᠩᠬᠢᠮ ᠳᠤ᠂ ᠰᠢ ᠶᠢᠨ ᠫᠢᠩ ᠭᠠᠷᠠᠮ ᠤᠨ ᠤᠷᠤᠨ ᠤ ᠪᠠᠶᠢᠳᠠᠯ ᠪᠤᠯᠤᠨ ᠠᠵᠢᠯ ᠢᠶᠠᠨ ᠰᠡᠷᠬᠦᠭᠡᠵᠦ ᠦᠢᠯᠡᠳᠪᠤᠷᠢᠯᠡᠯ ᠢᠶᠠᠨ ᠰᠡᠷᠬᠦᠭᠡᠭᠰᠡᠨ ᠪᠠᠶᠢᠳᠠᠯ ᠤᠨ ᠬᠠᠷᠢᠭᠤ ᠮᠡᠳᠡᠬᠦᠯᠦᠯᠳᠠ ᠶᠢ ᠰᠤᠨᠤᠰᠪᠠ᠃ ᠨᠢᠭᠡᠳᠦᠭᠡᠷ ᠲᠠᠪᠬᠤᠷᠯᠢᠭ ᠤᠨ ᠶᠡᠭᠡ ᠲᠢᠩᠬᠢᠮ ᠳᠤ᠂ ᠰᠢ ᠶᠢᠨ ᠫᠢᠩ ᠭᠠᠷᠠᠮ ᠤᠨ ᠠᠵᠢᠯᠴᠢᠨ ᠠᠵᠢᠯᠳᠠᠨ ᠤ ᠲᠦᠯᠦᠭᠡᠯᠡᠭᠴᠢᠳ ᠲᠠᠢ ᠳᠤᠳᠤᠨᠤ ᠪᠠᠷ ᠶᠠᠷᠢᠯᠴᠠᠵᠦ᠂ ᠳᠡᠳᠡᠨ ᠢ ᠲᠤᠬᠤᠨᠢᠭᠤᠯᠵᠦ ᠪᠠᠶᠢᠬᠤ ᠪᠠᠨ ᠢᠯᠡᠳᠭᠡᠵᠡᠢ᠃ ᠰᠢ ᠶᠢᠨ ᠫᠢᠩ᠂ ᠨᠢᠩᠪᠦ᠋ᠸᠧ ᠶᠢᠨ ᠵᠸᠦ ᠱᠠᠨ ᠭᠠᠷᠠᠮ ᠲᠦᠷᠦᠬᠦᠯᠡᠨ ᠦᠢᠯᠡᠳᠪᠤᠷᠢᠯᠡᠯ ᠢᠶᠠᠨ ᠰᠡᠷᠬᠦᠭᠡᠪᠠ᠂ ᠡᠨᠡ ᠨᠢ ᠮᠠᠨ ᠤ ᠤᠯᠤᠰ ᠤᠨ ᠠᠵᠤ ᠠᠬᠤᠢᠢᠯᠠᠯ ᠤᠨ ᠠᠵᠢᠯ ᠢᠶᠠᠨ ᠰᠡᠷᠬᠦᠭᠡᠵᠦ ᠦᠢᠯᠡᠳᠪᠤᠷᠢᠯᠡᠯ ᠢᠶᠠᠨ ᠰᠡᠷᠬᠦᠭᠡᠬᠦ᠂ ᠪᠤᠳᠠᠰ ᠤᠨ ᠬᠦᠢᠯᠬᠡᠬᠡ ᠶᠢᠨ ᠰᠢᠰᠲ᠋ᠧᠮ ᠢ ᠰᠡᠷᠬᠦᠭᠡᠬᠦ᠂ ᠪᠦᠬᠦ ᠪᠦᠮᠪᠦᠷᠴᠡᠭ ᠤᠨ ᠠᠵᠤ ᠦᠢᠯᠡᠰ ᠤᠨ ᠭᠡᠯᠬᠢᠶ᠎ᠠ ᠶᠢ ᠰᠡᠷᠬᠦᠭᠡᠬᠦ ᠶᠢ ᠠᠬᠢᠭᠤᠯᠬᠤ ᠳᠤ ᠴᠢᠬᠤᠯᠠ ᠠᠴᠢ ᠬᠤᠯᠪᠤᠭᠳᠠᠯ ᠲᠠᠢ ᠶᠤᠮ᠃ ᠪᠡᠯᠡᠳᠭᠡᠯ ᠲᠠᠢ ᠪᠤᠯ ᠪᠠᠯᠢᠳᠠᠬᠤ ᠦᠭᠡᠢ ᠭᠡᠳᠡᠭ᠂ ᠬᠢᠯᠢ ᠶᠢᠨ ᠭᠠᠳᠠᠨᠠᠬᠢ ᠬᠢᠵᠢᠭ ᠤᠨ ᠪᠠᠶᠢᠳᠠᠯ ᠤᠨ ᠬᠠᠨᠳᠤᠰᠢ ᠶᠢ ᠠᠩᠬᠠᠷᠴᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠴᠦᠬᠦᠷᠡᠰᠢ ᠦᠭᠡᠢ ᠰᠠᠶᠢᠳᠤᠷ ᠠᠳᠬᠤᠬᠤ ᠶᠢ ᠪᠠᠷᠢᠮᠳᠠᠯᠠᠬᠤ ᠶᠢᠨ ᠵᠡᠷᠭᠡ ᠪᠠᠷ ᠡᠯ᠎ᠠ ᠤᠯᠤᠰ ᠤᠨ ᠬᠢᠵᠢᠭ ᠲᠠᠢ ᠲᠡᠮᠡᠴᠡᠬᠦ ᠳᠤ ᠠᠪᠤᠬᠰᠠᠨ ᠡᠯ᠎ᠠ ᠵᠦᠢᠯ ᠤᠨ ᠬᠢᠵᠠᠭᠠᠷᠯᠠᠬᠤ ᠴᠢᠨᠠᠷᠳᠠᠢ ᠠᠷᠭ᠎ᠠ ᠭᠡᠮᠵᠢᠶ᠎ᠠ ᠶᠢᠨ ᠪᠠᠷᠠᠭᠠᠨ ᠤ ᠵᠦᠭᠡᠭᠡᠪᠦᠷᠢ ᠳᠤ ᠦᠵᠡᠬᠦᠯᠦᠭᠰᠡᠨ ᠨᠦᠯᠦᠭᠡ ᠶᠢ ᠢᠳᠡᠪᠬᠢᠳᠠᠢ ᠪᠠᠷ ᠠᠷᠭᠠᠴᠠᠭᠠᠨ ᠨᠠᠮᠳᠠᠭᠠᠵᠦ᠂ ᠮᠠᠨ ᠤ ᠤᠯᠤᠰ ᠤᠨ ᠭᠠᠳᠠᠭᠠᠳᠦ ᠳᠤ ᠭᠠᠷᠭᠠᠬᠤ ᠪᠠᠷᠠᠭ᠎ᠠ ᠶᠢ ᠭᠠᠷᠭᠠᠵᠦ ᠲᠡᠶᠢᠯᠬᠦ᠂ ᠭᠠᠳᠠᠭᠠᠳᠦ ᠠᠴᠠ ᠤᠷᠤᠭᠤᠯᠬᠤ ᠪᠠᠷᠠᠭ᠎ᠠ ᠶᠢ ᠤᠷᠤᠭᠤᠯᠵᠦ ᠲᠡᠶᠢᠯᠬᠦ ᠶᠢ ᠠᠬᠢᠭᠤᠯᠬᠤ ᠭᠡᠷᠡᠭᠲᠡᠢ ᠭᠡᠵᠦ ᠴᠢᠬᠤᠯᠠᠴᠢᠯᠠᠪᠠ᠃ ᠰᠢ ᠶᠢᠨ ᠫᠢᠩ ᠳᠡᠳᠡᠨ ᠳᠤ ᠬᠢᠵᠢᠭ ᠤᠨ ᠪᠠᠶᠢᠳᠠᠯ ᠤᠨ ᠨᠦᠯᠦᠭᠡ ᠶᠢ ᠴᠢᠷᠮᠠᠶᠢᠨ ᠢᠯᠠᠨ ᠲᠠᠪᠠᠵᠦ᠂ ᠰᠢᠯᠢᠳᠡᠭ ᠬᠢᠷᠢ ᠪᠦᠳᠦᠮᠵᠢ ᠭᠠᠷᠭᠠᠬᠤ ᠶᠢ ᠬᠦᠰᠡᠭᠰᠡᠨ ᠪᠠᠶᠢᠨ᠎ᠠ᠃      ᠳᠠᠷᠠᠭ᠎ᠠ ᠳᠤᠨᠢ ᠰᠢ ᠶᠢᠨ ᠫᠢᠩ ᠮᠠᠰᠢᠨ ᠳᠡᠷᠭᠡᠨ ᠳᠤ ᠰᠠᠭᠤᠵᠦ ᠴᠤᠸᠠᠨᠱᠠᠨ ᠭᠠᠷᠠᠮ ᠤᠨ ᠤᠷᠤᠨ ᠤ 2 ᠳ᠋ᠤᠭᠠᠷ ᠨᠤᠮᠧᠷᠳᠦ ᠴᠢᠩᠭᠡᠯᠢᠭ ᠲᠠᠯᠪᠢᠬᠤ ᠭᠠᠵᠠᠷ ᠲᠤ ᠬᠦᠷᠴᠦ᠂ ᠪᠤᠷᠤᠭᠠᠨ ᠳᠤᠮᠳᠠᠭᠤᠷ ᠭᠠᠷᠠᠮ ᠤᠨ ᠲᠤᠬᠠᠢ ᠶᠢᠨ ᠲᠠᠯᠠᠪᠠᠢ ᠳᠤ ᠴᠢᠩᠭᠡᠯᠢᠭ ᠢ ᠵᠦᠭᠡᠭᠡᠪᠦᠷᠢᠯᠡᠵᠦ ᠪᠠᠭᠤᠯᠭᠠᠵᠦ ᠪᠠᠶᠢᠬᠤ ᠪᠠᠶᠢᠳᠠᠯ ᠢ ᠪᠠᠶᠢᠴᠠᠭᠠᠨ ᠦᠵᠡᠵᠦ᠂ ᠭᠠᠷᠠᠮ ᠤᠨ ᠡᠷᠬᠢᠯᠳᠡ ᠶᠢᠨ ᠪᠠᠶᠢᠳᠠᠯ ᠢ ᠤᠢᠢᠯᠠᠭᠠᠪᠠ᠃ ᠰᠢ ᠶᠢᠨ ᠫᠢᠩ᠂ ᠭᠠᠷᠠᠮ ᠪᠤᠯ ᠰᠠᠭᠤᠷᠢ ᠴᠢᠨᠠᠷᠳᠠᠢ᠂ ᠬᠦᠢᠰᠦ ᠴᠢᠨᠠᠷᠳᠠᠢ ᠲᠦᠬᠦᠭᠡᠷᠤᠮᠵᠢ ᠮᠦᠨ᠂ ᠠᠵᠤ ᠠᠬᠤᠢ ᠶᠢᠨ ᠬᠦᠭᠵᠢᠯᠳᠠ ᠶᠢᠨ ᠴᠢᠬᠤᠯᠠ ᠲᠤᠯᠭᠠᠭᠤᠷᠢᠯᠡᠯ ᠮᠦᠨ᠃ ᠨᠢᠩᠪᠦ᠋ᠸᠧ ᠶᠢᠨ ᠵᠸᠦ ᠱᠠᠨ ᠭᠠᠷᠠᠮ ᠨᠢ ︽ᠨᠢᠭᠡ ᠪᠦᠰᠡ ᠨᠢᠭᠡ ᠵᠠᠮ︾ ᠢ ᠬᠠᠮᠳᠤ ᠪᠠᠷ ᠪᠦᠳᠦᠭᠡᠨ ᠪᠠᠶᠢᠭᠤᠯᠬᠤ᠂ ᠬᠦᠭᠡᠮᠦ᠋ᠷᠡᠨ ᠤ ᠠᠵᠤ ᠠᠬᠤᠢ ᠶᠢᠨ ᠪᠦᠰᠡ ᠶᠢ ᠬᠦᠭᠵᠢᠬᠦᠯᠬᠦ᠂ ᠬᠦᠭᠡᠮᠦ᠋ᠷᠡᠨ ᠤ ᠭᠤᠷᠪᠠᠯᠵᠢᠨ ᠬᠤᠶᠢᠭ ᠢ ᠨᠢᠭᠡ ᠴᠤᠬᠴᠠᠵᠢᠭᠤᠯᠤᠨ ᠬᠦᠭᠵᠢᠬᠦᠯᠬᠦ ᠵᠡᠷᠭᠡ ᠤᠯᠤᠰ ᠤᠨ ᠪᠠᠶᠢᠯᠳᠤᠬᠤ ᠪᠤᠳᠤᠯᠭ᠎ᠠ ᠳᠤᠮᠳᠠ ᠴᠢᠬᠤᠯᠠ ᠪᠠᠶᠢᠷᠢ ᠰᠠᠭᠤᠷᠢ ᠲᠠᠢ ᠶᠤᠮ᠂ ᠡᠨᠡ ᠪᠤᠯ ᠰᠢᠨᠲᠠᠰᠦ ᠬᠦᠴᠦᠨ ᠮᠦᠨ᠃ ᠲᠡᠷᠢᠬᠦᠨ ᠤ ᠪᠠᠷᠢᠮᠵᠢᠶ᠎ᠠ ᠶᠢ ᠪᠠᠷᠢᠮᠳᠠᠯᠠᠨ᠂ ᠭᠠᠷᠠᠮ ᠢ ᠰᠠᠶᠢᠳᠤᠷ ᠪᠦᠳᠦᠭᠡᠨ ᠪᠠᠶᠢᠭᠤᠯᠵᠦ ᠰᠠᠶᠢᠳᠤᠷ ᠬᠠᠮᠢᠶᠠᠷᠴᠦ᠂ ᠳᠡᠯᠡᠭᠡᠢ ᠶᠢᠨ ᠲᠡᠷᠢᠬᠦᠨ ᠤ ᠬᠦᠴᠦᠷᠭᠡᠭ ᠭᠠᠷᠠᠮ ᠢ ᠴᠢᠷᠮᠠᠶᠢᠨ ᠴᠤᠬᠴᠠᠯᠠᠵᠦ᠂ ᠤᠯᠤᠰ ᠤᠨ ᠬᠦᠭᠵᠢᠯᠳᠠ ᠳᠤ ᠨᠡᠩ ᠶᠡᠭᠡ ᠬᠤᠪᠢ ᠨᠡᠮᠡᠷᠢ ᠦᠵᠡᠬᠦᠯᠬᠦ ᠭᠡᠷᠡᠭᠲᠡᠢ ᠭᠡᠵᠦ ᠴᠢᠬᠤᠯᠠᠴᠢᠯᠠᠪᠠ᠃      ᠭᠠᠷᠠᠮ ᠤᠨ ᠤᠷᠤᠨ ᠠᠴᠠ ᠭᠠᠷᠤᠭᠠᠳ ᠰᠢ ᠶᠢᠨ ᠫᠢᠩ ᠨᠢᠩᠪᠦ᠋ᠸᠧ ᠶᠢᠨ ᠪᠸᠢ ᠯᠦᠨ ᠳ᠋ᠠ ᠴᠢ ᠳᠡᠭᠡᠳᠦ ᠲᠡᠰ ᠤᠨ ᠮᠠᠰᠢᠨ ᠳᠡᠷᠭᠡᠨ ᠤ ᠰᠡᠯᠪᠢᠭ ᠲᠤᠨᠤᠬ ᠤᠨ ᠬᠡᠪ ᠬᠡᠷᠡᠭᠰᠡᠯ ᠤᠨ ᠬᠦᠷᠢᠶᠡᠯᠡᠩ ᠲᠤᠭᠤᠷᠢᠭ ᠲᠤ ᠬᠦᠷᠴᠤ ᠳᠤᠮᠳᠠ ᠪᠠᠭ᠎ᠠ ᠭᠡᠯᠪᠡᠷᠢ ᠶᠢᠨ ᠠᠷᠠᠳ ᠤᠨ ᠡᠵᠡᠩᠨᠡᠯᠳᠡ ᠶᠢᠨ ᠦᠢᠯᠡᠳᠬᠦ ᠦᠢᠯᠡᠰ ᠤᠨ ᠠᠵᠤ ᠠᠬᠤᠢᠢᠯᠠᠯ ᠪᠤᠯᠬᠤ ᠨᠢᠩᠪᠦ᠋ᠸᠧ ᠶᠢᠨ ᠵᠧᠨ ᡁᠢ ᠮᠠᠰᠢᠨ ᠮᠧᠬᠠᠨᠢᠭ ᠤᠨ ᠬᠡᠪ ᠭᠡᠷᠡᠭᠰᠡᠯ ᠤᠨ ᠬᠢᠵᠠᠭᠠᠷᠳᠦ ᠺᠤᠮᠫᠠᠨᠢ ᠪᠠᠷ ᠰᠢᠨᠵᠢᠯᠡᠨ ᠪᠠᠶᠢᠴᠠᠭᠠᠵᠦ᠂ ᠠᠵᠤ ᠠᠬᠤᠢᠢᠯᠠᠯ ᠤᠨ ᠦᠢᠯᠡᠳᠪᠤᠷᠢᠯᠡᠯ ᠡᠵᠡᠩᠨᠡᠯᠲᠡ ᠵᠢᠴᠢ ᠠᠵᠢᠯ ᠢᠶᠠᠨ ᠰᠡᠷᠬᠦᠭᠡᠵᠦ ᠦᠢᠯᠡᠳᠪᠤᠷᠢᠯᠡᠯ ᠢᠶᠠᠨ ᠰᠡᠷᠬᠦᠭᠡᠭᠰᠡᠨ ᠪᠠᠶᠢᠳᠠᠯ ᠤᠨ ᠲᠠᠨᠢᠯᠴᠠᠭᠤᠯᠭ᠎ᠠ ᠶᠢ ᠨᠢ ᠰᠤᠨᠤᠰᠴᠠᠢ᠃ ᠰᠢ ᠶᠢᠨ ᠫᠢᠩ ᠦᠢᠯᠡᠳᠪᠤᠷᠢᠯᠡᠯ ᠤᠨ ᠱᠤᠭᠤᠮ ᠤᠨ ᠳᠡᠷᠭᠡᠳᠠ ᠬᠦᠷᠴᠦ᠂ ᠠᠵᠢᠯᠴᠢᠳ ᠲᠠᠢ ᠳᠤᠳᠤᠨᠤ ᠪᠠᠷ ᠶᠠᠷᠢᠯᠴᠠᠨ᠂ ᠤᠯᠠᠨ ᠢᠶᠠᠷ ᠢᠶᠠᠨ ᠠᠵᠢᠯ ᠤᠨ ᠪᠠᠶᠢᠷᠢ ᠳᠠᠭᠠᠨ ᠪᠤᠴᠠᠵᠤ ᠢᠷᠡᠬᠦ ᠳᠡᠭᠡᠨ ᠤᠷᠤᠬᠰᠢᠳᠠᠢ ᠪᠠᠶᠢᠭᠰᠠᠠ ᠡᠰᠡᠬᠦ᠂ ᠠᠵᠢᠯ ᠢᠶᠠᠨ ᠰᠡᠷᠬᠦᠭᠡᠭᠰᠡᠨ ᠤ ᠳᠠᠷᠠᠭ᠎ᠠ ᠦᠢᠯᠡᠳᠪᠤᠷᠢᠯᠡᠯ ᠠᠮᠢᠳᠤᠷᠠᠯ ᠤᠨ ᠲᠠᠯ᠎ᠠ ᠪᠠᠷ ᠶᠠᠮᠠᠷ ᠬᠦᠴᠢᠷᠳᠡᠯ ᠲᠠᠢ ᠪᠠᠶᠢᠬᠤ᠂ ᠴᠡᠯᠢᠩ ᠢ ᠨᠢ ᠬᠡᠪ ᠤᠨ ᠶᠤᠰᠤᠭᠠᠷ ᠦᠭᠴᠦ ᠪᠠᠶᠢᠬᠤ ᠡᠰᠡᠬᠦ ᠶᠢ ᠠᠰᠠᠭᠤᠪᠠ᠃ ᠰᠢ ᠶᠢᠨ ᠫᠢᠩ᠂ ᠤᠯᠠᠨ ᠢᠶᠠᠷ ᠢᠶᠠᠨ ᠬᠢᠵᠢᠭ ᠤᠨ ᠪᠠᠶᠢᠳᠠᠯ ᠤᠨ ᠨᠦᠯᠦᠭᠡ ᠶᠢ ᠢᠯᠠᠨ ᠲᠠᠪᠠᠵᠦ᠂ ᠴᠠᠭ ᠲᠤᠬᠠᠢ ᠳᠤᠨᠢ ᠠᠵᠢᠯ ᠤᠨ ᠪᠠᠶᠢᠷᠢ ᠳᠠᠭᠠᠨ ᠪᠤᠴᠠᠵᠦ ᠠᠵᠢᠯ ᠢᠶᠠᠨ ᠰᠡᠷᠬᠦᠭᠡᠭᠰᠡᠨ ᠨᠢ ᠠᠵᠤ ᠠᠬᠤᠢᠢᠯᠠᠯ ᠳᠤ ᠰᠠᠶᠢᠨ᠂ ᠤᠯᠤᠰ ᠤᠷᠤᠨ ᠳᠤ ᠰᠠᠶᠢᠨ ᠢᠶᠠᠷ ᠪᠠᠷᠠᠬᠤ ᠦᠭᠡᠢ ᠪᠠᠰᠠ ᠦᠪᠡᠷ ᠲᠤ ᠴᠢᠨᠢ ᠰᠠᠶᠢᠨ ᠶᠤᠮ᠃ ᠠᠵᠤ ᠠᠬᠤᠢᠢᠯᠠᠯ ᠬᠡᠪ ᠤᠨ ᠦᠢᠯᠡᠳᠪᠤᠷᠢᠯᠡᠯ ᠢᠶᠠᠨ ᠰᠡᠷᠬᠦᠭᠡᠪᠡᠯ ᠤᠯᠤᠰ ᠤᠨ ᠠᠵᠤ ᠠᠬᠤᠢ ᠶᠢᠨ ᠬᠡᠪ ᠤᠨ ᠡᠷᠬᠢᠯᠳᠠ ᠶᠢ ᠪᠠᠳᠤᠯᠠᠵᠦ ᠴᠢᠳᠠᠨ᠎ᠠ᠂ ᠤᠯᠠᠨ ᠳᠤ ᠠᠵᠢᠯ ᠤᠨ ᠪᠠᠶᠢᠷᠢ ᠬᠠᠩᠭᠠᠨ ᠦᠭᠴᠦ ᠴᠢᠳᠠᠨ᠎ᠠ᠂ ᠤᠯᠠᠨ ᠢᠶᠠᠷ ᠢᠶᠠᠨ ᠤᠷᠤᠯᠭ᠎ᠠ ᠲᠠᠢ ᠪᠤᠯᠵᠤ ᠭᠡᠷ ᠪᠦᠯᠢ ᠴᠢᠨᠢ ᠠᠮᠢᠲᠤᠷᠠᠯ ᠤᠨ ᠪᠠᠳᠤᠯᠠᠭ᠎ᠠ ᠲᠠᠢ ᠪᠤᠯᠵᠦ ᠴᠢᠳᠠᠨ᠎ᠠ ᠭᠡᠵᠦ ᠵᠢᠭᠠᠵᠦ ᠭᠠᠷᠭᠠᠪᠠ᠃ ᠰᠢ ᠶᠢᠨ ᠫᠢᠩ᠂ ᠮᠠᠨ ᠤ ᠤᠯᠤᠰ ᠤᠨ ᠳᠤᠮᠳᠠ ᠪᠠᠭ᠎ᠠ ᠠᠵᠤ ᠠᠬᠤᠢᠢᠯᠠᠯ ᠠᠮᠢᠳᠤᠯᠢᠭ ᠵᠢᠪᠬᠤᠭ᠎ᠠ ᠲᠠᠢ᠂ ᠠᠮᠢᠵᠢᠷᠠᠯ ᠤᠨ ᠬᠦᠴᠦᠨ ᠲᠠᠢ᠂ ᠬᠦᠴᠢᠷ ᠢ ᠰᠦᠷᠦᠨ ᠤᠷᠤᠬᠰᠢᠯᠠᠵᠦ ᠪᠡᠶ᠎ᠠ ᠪᠠᠨ ᠳᠠᠭᠠᠭᠠᠨ ᠬᠦᠴᠦᠷᠭᠡᠭᠵᠢᠬᠦ ᠳᠤ ᠴᠢᠳᠠᠮᠠᠭᠠᠢ ᠪᠠᠶᠢᠵᠤ᠂ ᠨᠠᠮ ᠪᠤᠯᠤᠨ ᠵᠠᠰᠠᠭ ᠤᠨ ᠤᠷᠳᠤᠨ ᠵᠢᠴᠢ ᠨᠡᠶᠢᠭᠡᠮ ᠤᠨ ᠡᠯ᠎ᠠ ᠲᠠᠯ᠎ᠠ ᠶᠢᠨ ᠳᠡᠮᠵᠢᠯᠭᠡ ᠳᠤᠤᠷ᠎ᠠ ᠯᠠᠪᠳᠠᠢ ᠪᠡᠷᠬᠡ ᠪᠤᠭᠤᠮᠳᠠ ᠶᠢ ᠲᠠᠪᠠᠨ ᠭᠠᠷᠴᠦ᠂ ᠨᠡᠩ ᠰᠠᠶᠢᠨ ᠬᠦᠭᠵᠢᠯᠳᠠ ᠶᠢ ᠤᠬᠳᠤᠨ ᠠᠪᠴᠦ ᠴᠢᠳᠠᠬᠤ ᠶᠤᠮ ᠭᠡᠵᠦ ᠴᠢᠬᠤᠯᠠᠴᠢᠯᠠᠪᠠ᠃      ᠬᠦᠷᠢᠶᠡᠯᠡᠩ ᠲᠤᠭᠤᠷᠢᠭ ᠤᠨ ᠬᠠᠮᠢᠶᠠᠷᠤᠯᠳᠠ ᠦᠢᠯᠡᠴᠢᠯᠡᠬᠡᠨ ᠤ ᠲᠦᠪ ᠲᠤ᠂ ᠰᠢ ᠶᠢᠨ ᠫᠢᠩ ᠬᠦᠷᠢᠶᠡᠯᠡᠩ ᠲᠤᠭᠤᠷᠢᠭ ᠲᠠᠬᠢ ᠠᠵᠥ ᠠᠬᠤᠢᠢᠯᠠᠯ ᠤᠳ ᠤᠨ ᠠᠵᠢᠯ ᠢᠶᠠᠨ ᠰᠡᠷᠬᠦᠬᠡᠵᠥ ᠦᠢᠯᠡᠳᠪᠤᠷᠢᠯᠡᠯ ᠢᠶᠠᠨ ᠰᠡᠷᠬᠦᠬᠡᠭᠰᠡᠡ ᠪᠠᠶᠢᠳᠠᠯ ᠢ ᠨᠢ ᠨᠠᠷᠢᠨ ᠤᠢᠢᠯᠠᠭᠠᠭᠰᠠᠠ ᠪᠦᠬᠡᠳ ᠬᠦᠷᠢᠶᠡᠯᠡᠩ ᠲᠤᠭᠤᠷᠢᠭ ᠤᠨ ᠬᠠᠮᠢᠶᠠᠷᠤᠯᠳᠠ ᠶᠢᠨ ᠠᠵᠢᠯᠳᠠᠨ᠂ ᠲᠤᠮᠳᠠ ᠪᠠᠭ᠎ᠠ ᠠᠵᠥ ᠠᠬᠤᠢᠢᠯᠠᠯ ᠤᠨ ᠬᠠᠷᠢᠭᠤᠴᠠᠯᠭᠠᠳᠠᠨ ᠤ ᠲᠦᠯᠥᠬᠡᠯᠡᠭᠴᠢ᠂ ᠭᠠᠳᠠᠨ᠎ᠠ ᠤᠷᠤᠨ ᠠᠴᠠ ᠵᠧᠵᠢᠶᠠᠩ ᠳᠤ ᠪᠤᠴᠠᠭᠰᠠᠠ ᠠᠵᠢᠯᠴᠢᠨ ᠤ ᠲᠦᠯᠥᠬᠡᠯᠡᠭᠴᠢᠳ ᠲᠠᠢ ᠲᠤᠳᠤᠨᠤ ᠪᠠᠷ ᠶᠠᠷᠢᠯᠴᠠᠵᠥ᠂ ᠤᠯᠠᠨ ᠤ ᠰᠠᠨᠠᠯ ᠰᠠᠨᠠᠭᠤᠯᠭ᠎ᠠ ᠶᠢ ᠰᠤᠨᠤᠰᠪᠠ᠃ ᠲᠡᠷᠡ᠂ ᠠᠷᠠᠳ ᠤᠨ ᠡᠵᠡᠩᠨᠡᠯᠳᠡ ᠶᠢᠨ ᠠᠵᠥ ᠠᠬᠤᠢᠢᠯᠠᠯ᠂ ᠲᠤᠮᠳᠠ ᠪᠠᠭ᠎ᠠ ᠠᠵᠥ ᠠᠬᠤᠢᠢᠯᠠᠯ ᠨᠢ ᠮᠠᠨ ᠤ ᠤᠯᠤᠰ ᠤᠨ ᠬᠦᠭᠵᠢᠯᠳᠡ᠂ ᠢᠯᠠᠩᠭᠤᠶ᠎ᠠ ᠠᠵᠥ ᠦᠢᠯᠡᠰ ᠤᠨ ᠬᠦᠭᠵᠢᠯᠳᠡ ᠳᠤ ᠴᠢᠬᠤᠯᠠ ᠪᠠᠶᠢᠷᠢ ᠰᠠᠭᠤᠷᠢ ᠲᠠᠢ ᠶᠤᠮ᠃ ᠡᠨᠡ ᠤᠳᠠᠭ᠎ᠠ ᠶᠢᠨ ᠬᠡᠨᠡᠳᠳᠡ ᠡᠬᠦᠰᠦᠭᠰᠡᠡ ᠬᠢᠵᠢᠭ ᠤᠨ ᠪᠠᠶᠢᠳᠠᠯ ᠨᠢ ᠡᠯ᠎ᠡ ᠲᠦᠷᠦᠯ ᠤᠨ ᠠᠵᠥ ᠠᠬᠤᠢᠢᠯᠠᠯ ᠳᠤ ᠪᠦᠷ ᠠᠳᠠᠯᠢ ᠪᠤᠰᠤ ᠬᠡᠮᠵᠢᠶ᠎ᠡ ᠪᠠᠷ ᠨᠦᠯᠥᠬᠡ ᠤᠴᠠᠷᠠᠭᠤᠯᠵᠠᠢ᠃ ᠨᠠᠮ ᠤᠨ ᠲᠦᠪ ᠬᠤᠷᠢᠶ᠎ᠡ ᠲᠡᠬᠡᠳᠤ ᠬᠡᠮᠵᠢᠶ᠎ᠡ ᠪᠠᠷ ᠴᠢᠬᠤᠯᠠᠴᠢᠯᠠᠨ ᠦᠵᠡᠵᠥ᠂ ᠢᠵᠢ ᠪᠦᠷᠢᠨ ᠲᠦᠷᠦ ᠶᠢᠨ ᠪᠤᠳᠤᠯᠭ᠎ᠠ ᠨᠤᠭᠤᠳ ᠢ ᠲᠤᠭᠳᠠᠭᠠᠵᠥ ᠬᠡᠷᠡᠭᠵᠢᠬᠦᠯᠪᠡ᠂ ᠬᠢᠵᠢᠭ ᠤᠨ ᠪᠠᠶᠢᠳᠠᠯ ᠤᠨ ᠬᠦᠭᠵᠢᠯᠳᠡ ᠬᠤᠪᠢᠷᠡᠯᠳᠡ ᠶᠢ ᠲᠠᠭᠠᠯᠳᠤᠨ ᠪᠠᠰᠠ ᠴᠠᠭ ᠲᠤᠬᠠᠢ ᠳᠤᠨᠢ ᠲᠡᠬᠦᠯᠳᠡᠷᠵᠢᠬᠦᠯᠬᠦ ᠪᠤᠯᠤᠨ᠎ᠠ᠃ ᠨᠠᠮ ᠤᠨ ᠲᠦᠪ ᠬᠤᠷᠢᠶ᠎ᠡ ᠲᠤᠮᠳᠠ ᠪᠠᠭ᠎ᠠ ᠠᠵᠥ ᠠᠬᠤᠢᠢᠯᠠᠯ ᠢ ᠤᠨᠴᠠᠭᠠᠢ ᠪᠤᠳᠤᠯᠬᠢᠯᠠᠵᠥ᠂ ᠠᠯᠢ ᠤᠯᠠᠨ ᠠᠷᠭ᠎ᠠ ᠬᠡᠮᠵᠢᠶ᠎ᠡ ᠲᠤᠭᠳᠠᠭᠠᠨ ᠲᠤᠮᠳᠠ ᠪᠠᠭ᠎ᠠ ᠠᠵᠥ ᠠᠬᠤᠢᠢᠯᠠᠯ ᠤᠨ ᠪᠡᠷᠬᠡ ᠪᠤᠭᠤᠮᠳᠠ ᠶᠢ ᠲᠤᠭᠤᠯᠬᠤ ᠳᠤ ᠲᠡᠮᠵᠢᠵᠦ ᠬᠠᠪᠰᠤᠷᠪᠠ᠃ ᠦᠷᠬᠡᠨ ᠤᠯᠠᠨ ᠲᠤᠮᠳᠠ ᠪᠠᠭ᠎ᠠ ᠠᠵᠥ ᠠᠬᠤᠢᠢᠯᠠᠯ ᠤᠨ ᠬᠢᠨ ᠠᠵᠥ ᠠᠬᠤᠢᠢᠯᠠᠯᠳᠠᠨ ᠤ ᠵᠤᠷᠢᠭ ᠰᠠᠨᠠᠭ᠎ᠠ ᠶᠢ ᠪᠠᠳᠠᠷᠠᠭᠤᠯᠵᠥ᠂ ᠬᠠᠳᠠᠭᠤᠵᠢᠯᠳᠠᠢ ᠲᠡᠮᠡᠴᠡᠵᠥ᠂ ᠬᠦᠴᠢᠷ ᠢ ᠲᠤᠭᠤᠯᠤᠨ ᠪᠡᠷᠭᠡ ᠶᠢ ᠲᠡᠪᠡᠵᠥ᠂ ᠬᠢᠵᠢᠭ ᠤᠨ ᠪᠠᠶᠢᠳᠠᠯ ᠤᠨ ᠦᠷᠢᠰᠦᠯᠳᠦᠬᠡᠨ ᠢ ᠴᠢᠷᠮᠡᠶᠢᠨ ᠢᠯᠠᠨ ᠲᠠᠪᠠᠳᠤᠭᠠᠢ ᠬᠡᠵᠥ ᠴᠢᠬᠤᠯᠠᠴᠢᠯᠠᠪᠠ᠃      3 ᠰᠠᠷ᠎ᠠ ᠶᠢᠨ 30 ᠤ ᠡᠳᠤᠷ᠂ ᠰᠢ ᠶᠢᠨ ᠫᠢᠩ ᠬᠤᠵᠸᠥ ᠬᠤᠳᠠ ᠶᠢᠨ ᠠᠨᠵᠢ ᠰᠢᠶᠠᠨ ᠤ ᠲᠢᠶᠠᠨ ᠬᠤᠸᠠᠩ ᠫᠢᠩ ᠪᠠᠯᠭᠠᠰᠤ ᠶᠢᠨ ᠢᠤᠢ ᠼᠦᠨ ᠲᠤᠰᠬᠤᠨ ᠳᠤ ᠬᠦᠷᠴᠦ ᠰᠢᠨᠵᠢᠯᠡᠨ ᠪᠠᠶᠢᠴᠠᠭᠠᠪᠠ᠃ 2005 ᠤᠨ ᠤ 8 ᠰᠠᠷ᠎ᠠ ᠶᠢᠨ 15 ᠤ ᠡᠳᠤᠷ᠂ ᠲᠤᠬᠠᠢ ᠶᠢᠨ ᠦᠶ᠎ᠡ ᠳᠤ ᠵᠧᠵᠢᠶᠠᠩ ᠮᠤᠵᠢ ᠶᠢᠨ ᠨᠠᠮ ᠤᠨ ᠬᠤᠷᠢᠶᠡᠨ ᠤ ᠱᠦᠵᠢ ᠪᠠᠶᠢᠭᠰᠠᠠ ᠰᠢ ᠶᠢᠨ ᠫᠢᠩ ᠲᠤᠰ ᠲᠤᠰᠬᠤᠨ ᠳᠤ ᠰᠢᠨᠵᠢᠯᠡᠨ ᠪᠠᠶᠢᠴᠠᠭᠠᠬᠤ ᠳᠠᠭᠠᠨ ᠠᠩᠬ᠎ᠠ ᠤᠳᠠᠭ᠎ᠠ ︽ᠬᠦᠬᠡᠮᠳᠦᠭ ᠨᠤᠭᠤᠭᠠᠨ ᠠᠭᠤᠯᠠ ᠤᠰᠤ ᠪᠤᠯ ᠠᠯᠳᠠ ᠮᠥᠩᠬᠦᠨ ᠠᠭᠤᠯᠠ ᠮᠥᠨ︾ ᠬᠡᠰᠡᠨ ᠢ ᠲᠤᠷᠠᠳᠴᠠᠢ᠃ 15 ᠵᠢᠯ ᠤᠨ ᠲᠤᠷᠰᠢ᠂ ᠢᠤᠢ ᠼᠦᠨ ᠲᠤᠰᠬᠤᠨ ᠤ ᠬᠢᠨ ᠡᠨᠡ ᠬᠦ ᠤᠢᠢᠯᠠᠭᠠᠬᠳᠠᠬᠤᠨ ᠢ ᠡᠷᠡᠰ ᠦᠢᠯᠡᠳᠦᠯᠬᠡᠵᠢᠬᠦᠯᠵᠥ ᠠᠮᠢ ᠠᠬᠤᠢ ᠭᠤᠶᠤᠵᠢᠭᠰᠠᠨ᠂ ᠠᠵᠥ ᠦᠢᠯᠡᠰ ᠬᠦᠭᠵᠢᠭᠰᠡᠡ᠂ ᠠᠷᠠᠳ ᠢᠷᠭᠡᠳ ᠪᠠᠶᠠᠵᠢᠬᠰᠠᠠ ᠦᠷᠬᠦᠯᠵᠢᠯᠡᠬᠦ ᠬᠦᠭᠵᠢᠯᠳᠡ ᠶᠢᠨ ᠵᠠᠮ ᠢᠶᠠᠷ ᠵᠠᠮᠨᠠᠵᠥ᠂ ᠦᠵᠡᠰᠬᠦᠯᠡᠩᠳᠤ ᠰᠠᠶᠢᠬᠠᠨ ᠬᠦᠳᠡᠭᠡ ᠲᠤᠰᠬᠤᠨ ᠤ ᠪᠦᠳᠦᠬᠡᠨ ᠪᠠᠶᠢᠭᠤᠯᠤᠯᠳᠠ ᠨᠢ ᠢᠤᠢ ᠼᠦᠨ ᠲᠤᠰᠬᠤᠨ ᠳᠤ ᠪᠡᠶᠡᠯᠡᠯ ᠢᠶᠠᠨ ᠤᠯᠤᠬᠰᠠᠠ ᠪᠠᠶᠢᠨ᠎ᠠ᠃ ᠲᠤᠰᠬᠤᠨ ᠤ ᠨᠠᠮ ᠤᠨ ᠬᠡᠰᠢᠬᠦᠨ ᠤᠯᠠᠨ ᠲᠦᠮᠡᠨ ᠤ ᠦᠢᠯᠡᠴᠢᠯᠡᠬᠡᠨ ᠤ ᠲᠥᠪ ᠲᠤ᠂ ᠰᠢ ᠶᠢᠨ ᠫᠢᠩ ᠢᠤᠢ ᠼᠦᠨ ᠲᠤᠰᠬᠤᠨ ᠤ ᠬᠦᠭᠵᠢᠯᠳᠡ ᠶᠢᠨ ᠪᠠᠶᠢᠳᠠᠯ ᠢ ᠨᠠᠷᠢᠨ ᠤᠢᠢᠯᠠᠭᠠᠵᠥ᠂ ᠲᠡᠳᠡᠨ ᠤ ᠪᠤᠬᠢᠷᠳᠤᠯ ᠦᠬᠡᠢ ᠠᠵᠥ ᠠᠬᠤᠢ ᠶᠢ ᠬᠦᠭᠵᠢᠬᠦᠯᠵᠥ᠂ ᠲᠤᠰᠬᠤᠨ ᠤ ᠠᠷᠠᠳ ᠢ ᠲᠠᠭᠠᠭᠤᠯᠤᠨ ᠤᠷᠤᠯᠭ᠎ᠠ ᠶᠢ ᠨᠢ ᠨᠡᠮᠡᠭᠳᠡᠬᠦᠯᠵᠥ ᠪᠠᠶᠠᠵᠢᠭᠤᠯᠤᠬᠰᠠᠠ ᠬᠢᠳᠠᠯ ᠢ ᠬᠦᠢᠴᠡᠳ ᠨᠤᠳᠠᠯᠠᠪᠠ᠃      ᠭᠠᠳᠠᠨ᠎ᠠ ᠬᠤᠷ᠎ᠠ ᠪᠤᠷᠤᠭᠠᠨ ᠰᠢᠪᠡᠷᠡᠵᠦ ᠪᠦᠬᠦ ᠲᠤᠰᠬᠤᠨ ᠢᠶᠠᠷ ᠢᠶᠠᠨ ᠨᠤᠭᠤᠭᠠᠷᠠᠨ ᠬᠦᠬᠡᠷᠡᠨ᠎ᠡ᠃ ᠰᠢ ᠶᠢᠨ ᠫᠢᠩ ᠲᠤᠰᠬᠤᠨ ᠤ ᠨᠤᠭᠤᠭᠠᠨ ᠵᠠᠮ ᠢ ᠲᠠᠭᠠᠨ ᠲᠤᠰᠬᠤᠨ ᠤ ᠲᠦᠷᠰᠦ ᠪᠠᠶᠢᠳᠠᠯ ᠪᠤᠯᠤᠨ ᠲᠠᠷᠢᠮᠠᠯ ᠤᠨ ᠤᠷᠭᠤᠴᠠ ᠶᠢᠨ ᠪᠠᠶᠢᠳᠠᠯ ᠢ ᠪᠠᠶᠢᠴᠠᠭᠠᠨ ᠦᠵᠡᠪᠠ᠂ ᠲᠤᠰᠬᠤᠨ ᠤ ᠠᠷᠠᠳ ᠯᠢᠩᠬᠤᠸ᠎ᠠ ᠶᠢᠨ ᠴᠦᠬᠦᠷᠤᠮ ᠢᠶᠠᠨ ᠴᠡᠪᠡᠷᠯᠡᠵᠥ ᠪᠠᠶᠢᠬᠤ ᠶᠢ ᠦᠵᠡᠬᠡᠳ ᠰᠢ ᠶᠢᠨ ᠫᠢᠩ ᠲᠠᠷᠢᠶᠠᠨ ᠭᠠᠵᠠᠷ ᠤᠨ ᠵᠠᠬ᠎ᠠ ᠳᠤ ᠬᠦᠷᠴᠦ᠂ ᠲᠤᠰᠬᠤᠨ ᠤ ᠠᠷᠠᠳ ᠲᠠᠢ ᠶᠠᠷᠢᠯᠴᠠᠨ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠡᠵᠢᠯ ᠢ ᠨᠢ ᠯᠠᠪᠯᠠᠨ ᠠᠰᠠᠭᠤᠪᠠ᠃ ᠶᠡᠷᠤᠩᠬᠡᠢ ᠱᠦᠵᠢ ᠶᠢᠨ ᠢᠷᠡᠭᠰᠡᠡ ᠢ ᠰᠤᠨᠤᠰᠤᠭᠠᠳ ᠲᠤᠰᠬᠤᠨ ᠤ ᠠᠷᠠᠳ ᠵᠠᠮ ᠤᠨ ᠬᠤᠶᠠᠷ ᠲᠠᠯ᠎ᠠ ᠳᠤ ᠬᠤᠷᠠᠨ ᠴᠤᠭᠯᠠᠷᠠᠵᠥ᠂ ᠦᠶ᠎ᠡ ᠦᠶ᠎ᠡ ᠨᠢᠵᠢᠬᠢᠨᠡᠳᠡᠯ᠎ᠡ ᠠᠯᠠᠭ᠎ᠠ ᠲᠠᠰᠢᠨ᠂ ᠶᠡᠷᠤᠩᠬᠡᠢ ᠱᠦᠵᠢ ᠶᠢ ᠬᠠᠯᠠᠭᠤᠨ ᠢᠶᠠᠷ ᠤᠬᠳᠤᠪᠠ᠃      ᠴᠦᠨ ᠯᠢᠨ ᠵᠤᠰᠠᠯᠠᠩ ᠪᠤᠯ ᠢᠤᠢ ᠼᠦᠨ ᠲᠤᠰᠬᠤᠨ ᠤ ᠠᠭᠤᠷᠬᠠᠢ ᠶᠢ ᠬᠠᠭᠠᠵᠥ ᠪᠤᠬᠢᠷᠳᠤᠯ ᠦᠬᠡᠢ ᠬᠦᠭᠵᠢᠯᠳᠡ ᠶᠢᠨ ᠵᠠᠮ ᠢᠶᠠᠷ ᠵᠠᠮᠨᠠᠬᠰᠠᠠ ᠤ ᠲᠠᠷᠠᠭ᠎ᠠ ᠡᠷᠬᠢᠯᠡᠭᠰᠡᠡ ᠠᠩᠬᠠᠳᠠᠬᠴᠢ ᠠᠷᠠᠳ ᠤᠨ ᠤᠷᠤᠨ ᠰᠠᠭᠤᠴᠠ ᠪᠤᠯᠤᠨ᠎ᠠ᠃ ᠵᠤᠰᠠᠯᠠᠩ ᠤᠨ ᠡᠵᠡᠨ ᠶᠡᠷᠤᠩᠬᠡᠢ ᠱᠦᠵᠢ ᠶᠢ ᠬᠠᠯᠠᠭᠤᠨ ᠢᠶᠠᠷ ᠤᠬᠳᠤᠨ ᠬᠦᠷᠢᠶᠡᠨ ᠳᠡᠭᠡᠨ ᠤᠷᠤᠭᠤᠯᠵᠥ᠂ ᠲᠡᠬᠦᠨ ᠳᠤ ᠡᠳᠡᠬᠡᠷ ᠵᠢᠯ ᠤᠳ ᠲᠤ ᠲᠠᠷᠢᠶᠠᠴᠢᠨ ᠠᠶᠢᠯ ᠤᠨ ᠵᠤᠭ᠎ᠠ ᠰᠡᠯᠡᠬᠦᠴᠡᠯ ᠤᠨ ᠭᠠᠵᠠᠷ ᠤᠨ ᠡᠵᠡᠩᠨᠡᠯᠳᠡ ᠪᠤᠯᠤᠨ ᠴᠠᠭᠠᠯᠢᠭ ᠴᠠᠢ ᠵᠡᠷᠬᠡ ᠤᠨᠴᠠᠯᠢᠬᠳᠤ ᠲᠠᠷᠢᠶᠠᠯᠠᠩ ᠤᠨ ᠪᠦᠳᠦᠬᠡᠭᠳᠡᠬᠦᠨ ᠤ ᠪᠤᠷᠤᠯᠠᠭᠤᠯᠭ᠎ᠠ ᠶᠢᠨ ᠪᠠᠶᠢᠳᠠᠯ ᠢᠶᠠᠨ ᠲᠠᠨᠢᠯᠴᠠᠭᠤᠯᠪᠠ᠃ ᠤᠷᠤᠨ ᠰᠠᠭᠤᠴᠠ ᠶᠢᠨ ᠬᠦᠷᠢᠶᠡᠨ ᠲᠤᠳᠤᠷ᠎ᠠ ᠰᠢ ᠶᠢᠨ ᠫᠢᠩ ᠲᠤᠰᠬᠤᠨ ᠤ ᠨᠠᠮ ᠤᠨ ᠡᠬᠦᠷ ᠤᠨ ᠠᠬᠠᠮᠠᠳ ᠱᠦᠵᠢ ᠪᠤᠯᠤᠨ ᠨᠤᠳᠤᠭ ᠲᠠᠭᠠᠨ ᠪᠤᠴᠠᠵᠥ ᠦᠢᠯᠡᠰ ᠪᠤᠰᠬᠠᠭᠰᠠᠠ ᠲᠤᠰᠬᠤᠨ ᠤ ᠠᠷᠠᠳ ᠤᠨ ᠲᠦᠯᠥᠬᠡᠯᠡᠭᠴᠢᠳ ᠲᠠᠢ ᠵᠤᠭᠤᠭᠳᠠᠪᠠ᠃ ᠰᠢ ᠶᠢᠨ ᠫᠢᠩ᠂ ︽ᠬᠦᠬᠡᠮᠳᠦᠭ ᠨᠤᠭᠤᠭᠠᠨ ᠠᠭᠤᠯᠠ ᠤᠰᠤ ᠪᠤᠯ ᠠᠯᠳᠠ ᠮᠥᠩᠬᠦᠨ ᠠᠭᠤᠯᠠ ᠮᠥᠨ︾ ᠬᠡᠬᠦ ᠤᠢᠢᠯᠠᠭᠠᠬᠳᠠᠬᠤᠨ ᠨᠢ ᠨᠢᠬᠡᠨᠳᠡ ᠪᠦᠬᠦ ᠨᠠᠮ ᠪᠦᠬᠦ ᠨᠡᠶᠢᠬᠡᠮ ᠤᠨ ᠬᠢᠨ ᠤ ᠬᠠᠮᠳᠤ ᠶᠢᠨ ᠲᠠᠨᠢᠯᠳᠠ ᠪᠠ ᠠᠵᠢᠯᠯᠠᠭ᠎ᠠ ᠪᠤᠯᠵᠥ ᠰᠢᠨ᠎ᠡ ᠬᠦᠭᠵᠢᠯᠳᠡ ᠶᠢᠨ ᠤᠢᠢᠯᠠᠭᠠᠬᠳᠠᠬᠤᠨ ᠤ ᠴᠢᠬᠤᠯᠠ ᠪᠦᠷᠢᠯᠳᠦᠬᠦᠨ ᠬᠡᠰᠡᠭ ᠪᠤᠯᠵᠠᠢ᠃ ᠠᠵᠥ ᠠᠬᠤᠢ ᠶᠢ ᠬᠦᠭᠵᠢᠬᠦᠯᠬᠦ ᠳᠤ ᠠᠮᠢ ᠠᠬᠤᠢ ᠶᠢ ᠡᠪᠳᠡᠬᠦ ᠪᠠᠷ ᠦᠷᠡᠭᠳᠡᠯ ᠪᠤᠯᠭᠠᠵᠥ ᠪᠤᠯᠬᠤ ᠦᠬᠡᠢ᠂ ᠠᠮᠢ ᠠᠬᠤᠢ ᠶᠢᠨ ᠲᠤᠰ ᠪᠡᠶ᠎ᠡ ᠨᠢ ᠲᠠᠷᠤᠢ ᠠᠵᠥ ᠠᠬᠤᠢ ᠪᠤᠯᠬᠤ ᠶᠤᠮ᠂ ᠠᠮᠢ ᠠᠬᠤᠢ ᠶᠢ ᠬᠠᠮᠠᠭᠠᠯᠠᠬᠤ ᠨᠢ ᠲᠠᠷᠤᠢ ᠦᠢᠯᠡᠳᠪᠤᠷᠢᠯᠡᠯ ᠤᠨ ᠬᠦᠴᠦᠨ ᠢ ᠬᠦᠭᠵᠢᠬᠦᠯᠵᠥ ᠪᠠᠶᠢᠭ᠎ᠠ ᠶᠠᠪᠤᠳᠠᠯ ᠪᠤᠯᠤᠨ᠎ᠡ ᠬᠡᠳᠡᠭ ᠢ ᠦᠢᠯᠡᠳᠦᠯᠬᠡ ᠬᠡᠷᠡᠴᠢᠯᠡᠭᠰᠡᠨ ᠪᠠᠶᠢᠨ᠎ᠠ᠃ ᠨᠤᠳᠤᠭ ᠤᠨ ᠠᠬ᠎ᠠ ᠲᠡᠬᠦᠤ ᠨᠡᠷ ᠦᠷᠬᠦᠯᠵᠢᠯᠡᠬᠦ ᠬᠦᠭᠵᠢᠯᠳᠡ ᠶᠢᠨ ᠵᠠᠮ ᠢᠶᠠᠷ ᠡᠷᠡᠰ ᠵᠠᠮᠨᠠᠵᠥ᠂ ᠠᠮᠢ ᠠᠬᠤᠢ ᠶᠢ ᠬᠠᠮᠠᠭᠠᠯᠠᠬᠰᠠᠠ ᠤᠷᠢᠳᠡᠯ ᠲᠤᠤᠷ᠎ᠠ ᠤᠯᠠᠨ ᠵᠦᠢᠯ ᠤᠨ ᠡᠵᠡᠩᠨᠡᠯᠳᠡ ᠶᠢ ᠢᠳᠡᠪᠬᠢᠳᠡᠢ ᠬᠦᠭᠵᠢᠬᠦᠯᠵᠥ ᠠᠮᠢ ᠠᠬᠤᠢ ᠶᠢᠨ ᠦᠷ᠎ᠡ ᠠᠰᠢᠬ ᠢ ᠨᠡᠩ ᠰᠠᠶᠢᠨ ᠢᠶᠠᠷ ᠠᠵᠥ ᠠᠬᠤᠢ ᠶᠢᠨ ᠦᠷ᠎ᠡ ᠠᠰᠢᠬ᠂ ᠨᠡᠶᠢᠬᠡᠮ ᠤᠨ ᠦᠷ᠎ᠡ ᠠᠰᠢᠭ ᠪᠤᠯᠭᠠᠨ ᠬᠤᠪᠢᠷᠡᠭᠤᠯᠬᠤ ᠶᠢ ᠬᠦᠰᠡᠵᠥ ᠪᠠᠶᠢᠨ᠎ᠠ᠃ ᠨᠡᠶᠢᠬᠡᠮ ᠵᠢᠷᠤᠮ ᠤᠨ ᠤᠳᠤᠬᠢᠴᠢᠯᠠᠬᠰᠠᠠ ᠤᠯᠤᠰ ᠢ ᠪᠦᠬᠦ ᠲᠡᠯ᠎ᠡ ᠪᠠᠷ ᠪᠦᠳᠦᠬᠡᠨ ᠪᠠᠶᠢᠭᠤᠯᠬᠤ ᠳᠤ ᠬᠤᠳᠠ ᠶᠢᠨ ᠤᠳᠤᠬᠢᠴᠢᠯᠠᠯᠳᠠ ᠪᠠᠶᠢᠬᠤ ᠪᠠᠷ ᠪᠠᠷᠠᠬᠤ ᠦᠬᠡᠢ᠂ ᠬᠦᠳᠡᠭᠡ ᠠᠵᠥ ᠠᠬᠤᠢ ᠬᠦᠳᠡᠭᠡ ᠲᠤᠰᠬᠤᠨ ᠤ ᠤᠳᠤᠬᠢᠴᠢᠯᠠᠯᠳᠠ ᠴᠦ ᠪᠠᠶᠢᠬᠤ ᠬᠡᠷᠡᠭᠳᠡᠢ᠃ ᠬᠦᠳᠡᠭᠡ ᠲᠤᠰᠬᠤᠨ ᠢ ᠪᠦᠬᠦ ᠲᠡᠯ᠎ᠡ ᠪᠠᠷ ᠬᠦᠭᠵᠢᠬᠦᠯᠥᠨ ᠮᠠᠨᠳᠤᠭᠤᠯᠬᠤ ᠶᠢ ᠠᠬᠢᠭᠤᠯᠬᠤ ᠲᠡᠯ᠎ᠡ ᠪᠠᠷ ᠨᠡᠩ ᠶᠡᠭᠡ ᠬᠦᠴᠦ ᠤᠷᠤᠭᠤᠯᠵᠥ᠂ ᠬᠦᠳᠡᠭᠡ ᠲᠤᠰᠬᠤᠨ ᠤ ᠠᠵᠥ ᠠᠬᠤᠢ᠂ ᠬᠦᠳᠡᠭᠡ ᠲᠤᠰᠬᠤᠨ ᠤ ᠬᠠᠤᠯᠢᠵᠢᠯ᠂ ᠬᠦᠳᠡᠭᠡ ᠲᠤᠰᠬᠤᠨ ᠤ ᠰᠤᠶᠤᠯ᠂ ᠬᠦᠳᠡᠭᠡ ᠲᠤᠰᠬᠤᠨ ᠤ ᠵᠠᠰᠠᠯᠳᠠ᠂ ᠬᠦᠳᠡᠭᠡ ᠲᠤᠰᠬᠤᠨ ᠤ ᠠᠮᠢ ᠠᠬᠤᠢ᠂ ᠬᠦᠳᠡᠭᠡ ᠲᠤᠰᠬᠤᠨ ᠤ ᠨᠠᠮ ᠤᠨ ᠪᠠᠶᠢᠭᠤᠯᠤᠯᠳᠠ ᠶᠢ ᠠᠬᠢᠭᠤᠯᠤᠨ ᠪᠦᠬᠦ ᠲᠡᠯ᠎ᠡ ᠪᠠᠷ ᠴᠢᠩᠭᠠᠳᠬᠠᠵᠥ᠂ ᠨᠤᠳᠤᠭ ᠤᠨ ᠠᠬ᠎ᠠ ᠲᠡᠬᠦᠤ ᠨᠡᠷ ᠤᠨ ᠠᠮᠢᠳᠤᠷᠠᠯ ᠢ ᠴᠢᠨᠠᠬᠰᠢᠳᠠ ᠰᠠᠶᠢᠵᠢᠷᠠᠭᠤᠯᠬᠤ ᠬᠡᠷᠡᠭᠳᠡᠢ ᠬᠡᠵᠥ ᠴᠢᠬᠤᠯᠠᠴᠢᠯᠠᠪᠠ᠃      ᠲᠠᠷᠠᠭ᠎ᠠ ᠳᠤᠨᠢ ᠰᠢ ᠶᠢᠨ ᠫᠢᠩ ᠠᠨᠵᠢ ᠰᠢᠶᠠᠨ ᠤ ᠨᠡᠶᠢᠭᠡᠮ ᠤᠨ ᠵᠦᠷᠢᠴᠡᠯ ᠵᠢᠭᠤᠷᠠᠭᠠᠨ ᠢ ᠡᠶᠡᠳᠡᠬᠦᠯᠦᠨ ᠰᠢᠢᠳᠪᠤᠷᠢᠯᠡᠬᠦ ᠲᠦᠪ ᠲᠤ ᠬᠦᠷᠴᠤ᠂ ᠤᠯᠠᠨ ᠲᠦᠮᠠᠨ ᠤ ᠵᠦᠷᠢᠴᠡᠯ ᠵᠢᠭᠤᠷᠠᠭᠠᠨ ᠢ ᠨᠢᠭᠡ ᠦᠷᠳᠡᠭᠡᠴᠢᠯᠡᠭᠰᠡᠨ ᠬᠡᠯᠪᠡᠷᠢ ᠪᠠᠷ ᠬᠦᠯᠢᠶᠠᠨ ᠠᠪᠴᠤ᠂ ᠪᠦᠬᠦᠨ ᠢ ᠡᠶᠡᠳᠡᠬᠦᠯᠵᠤ ᠪᠦᠬᠦ ᠬᠡᠯᠬᠢᠶ᠎ᠡ ᠪᠠᠷ ᠰᠢᠢᠳᠪᠤᠷᠢᠯᠡᠬᠦ ᠵᠠᠬᠪᠤᠷ ᠤᠨ ᠡᠷᠬᠢᠯᠳᠡ ᠶᠢᠨ ᠪᠠᠶᠢᠳᠠᠯ ᠢ ᠤᠢᠢᠯᠠᠭᠠᠪᠠ᠃ ᠰᠢ ᠶᠢᠨ ᠫᠢᠩ᠂ ᠦᠨᠳᠤᠰᠤᠨ ᠱᠠᠳᠤ ᠪᠤᠯ ᠨᠡᠶᠢᠭᠡᠮ ᠤᠨ ᠡᠶ᠎ᠡ ᠵᠤᠬᠢᠴᠠᠩᠭᠤᠢ ᠲᠤᠬᠳᠠᠭᠤᠨ ᠪᠠᠶᠢᠳᠠᠯ ᠤᠨ ᠰᠠᠭᠤᠷᠢ ᠮᠦᠨ᠃ ᠨᠡᠶᠢᠭᠡᠮ ᠤᠨ ᠵᠦᠷᠢᠴᠡᠯ ᠵᠢᠭᠤᠷᠠᠭᠠᠨ ᠢ ᠤᠯᠠᠨ ᠡᠰᠢᠳᠤ ᠪᠠᠷ ᠤᠷᠢᠳᠴᠢᠯᠡᠨ ᠰᠡᠷᠭᠡᠶᠢᠯᠡᠵᠤ ᠡᠶᠡᠳᠡᠬᠦᠯᠤᠨ ᠰᠢᠢᠳᠪᠤᠷᠢᠯᠡᠬᠦ ᠶᠡᠷᠤᠩᠭᠡᠶᠢᠯᠡᠭᠰᠡᠨ ᠲᠤᠬᠳᠠᠴᠠ ᠶᠢ ᠲᠡᠬᠦᠯᠳᠡᠷᠵᠢᠬᠦᠯᠵᠤ᠂ ᠨᠠᠮ ᠤᠨ ᠭᠡᠰᠢᠬᠦᠨ᠂ ᠺᠠᠳ᠋ᠷᠴᠤᠳ ᠤᠨ ᠦᠨᠳᠤᠰᠤᠨ ᠱᠠᠳᠤᠨ ᠳᠤ ᠬᠦᠨᠵᠡᠬᠡᠶᠢᠷᠡᠨ ᠰᠤᠷᠪᠤᠯᠵᠢᠯᠠᠬᠤ ᠪᠤᠯᠤᠨ ᠤᠯᠠᠨ ᠲᠦᠮᠡᠨ ᠤ ᠰᠤᠷᠪᠤᠯᠵᠢᠯᠠᠯ ᠵᠠᠭᠠᠯᠳᠤᠯᠭ᠎ᠠ ᠶᠢ ᠤᠶᠠᠯᠳᠤᠭᠤᠯᠤᠨ᠂ ᠤᠯᠠᠨ ᠲᠦᠮᠡᠨ ᠤ ᠵᠦᠷᠢᠴᠡᠯ ᠵᠢᠭᠤᠷᠠᠭᠠᠨ ᠢ ᠡᠶᠡᠳᠡᠬᠦᠯᠦᠨ ᠰᠢᠢᠳᠪᠤᠷᠢᠯᠡᠬᠦ ᠠᠵᠢᠯ ᠢ ᠵᠢᠷᠤᠮᠵᠢᠭᠤᠯᠵᠤ᠂ ᠤᠯᠠᠨ ᠲᠦᠮᠡᠨ ᠢ ᠠᠰᠠᠭᠤᠳᠠᠯ ᠳᠤ ᠲᠤᠯᠭᠠᠷᠠᠪᠡᠯ ᠰᠢᠢᠳᠪᠤᠷᠢᠯᠡᠵᠤ ᠲᠠᠶᠢᠯᠬᠦ ᠭᠠᠵᠠᠷ ᠲᠠᠢ ᠪᠠᠶᠢᠯᠭᠠᠨ᠂ ᠵᠦᠷᠢᠴᠡᠯ ᠵᠢᠭᠤᠷᠠᠭᠠᠨ ᠢ ᠦᠨᠡᠨ ᠬᠦ ᠡᠬᠢ ᠡᠬᠦᠰᠦᠯ ᠤᠨ ᠱᠠᠳᠤᠨ ᠳᠤᠨᠢ ᠰᠢᠢᠳᠪᠤᠷᠢᠯᠡᠵᠤ᠂ ᠦᠨᠳᠤᠰᠤᠨ ᠱᠠᠳᠤᠨ ᠳᠤᠨᠢ ᠰᠢᠢᠳᠪᠤᠷᠢᠯᠡᠬᠦ ᠭᠡᠷᠡᠭᠳᠠᠢ᠃ ᠠᠨᠵᠢ ᠰᠢᠶᠠᠨ ᠤ ᠠᠷᠭ᠎ᠠ ᠬᠢᠳᠠᠯ ᠲᠡᠯᠭᠡᠷᠡᠬᠦᠯᠦᠬᠦᠰᠢᠳᠠᠢ ᠪᠠᠶᠢᠨ᠎ᠠ ᠭᠡᠵᠤ ᠴᠢᠬᠤᠯᠠᠴᠢᠯᠠᠪᠠ᠃      ᠬᠠᠨᠭ᠍ᠵᠸᠤ ᠶᠢᠨ ᠰᠢ ᠰᠢ ᠤᠯᠤᠰ ᠤᠨ ᠨᠤᠭᠤ ᠭᠠᠵᠠᠷ ᠤᠨ ᠴᠡᠴᠡᠷᠯᠢᠭ ᠪᠤᠯ ᠪᠦᠬᠦ ᠤᠯᠤᠰ ᠤᠨ ᠠᠩᠬᠠᠳᠠᠬᠴᠢ ᠤᠯᠤᠰ ᠤᠨ ᠨᠤᠭᠤ ᠭᠠᠵᠠᠷ ᠤᠨ ᠴᠡᠴᠡᠷᠯᠢᠭ ᠪᠤᠯᠤᠨ᠎ᠡ᠃ 3 ᠰᠠᠷ᠎ᠡ ᠶᠢᠨ 31 ᠤ ᠡᠳᠦᠷ᠂ ᠰᠢ ᠰᠢ ᠨᠤᠭᠤ ᠭᠠᠵᠠᠷ ᠲᠤ ᠤᠨᠢᠶᠠᠷ ᠮᠠᠨᠠᠨ ᠲᠠᠲᠠᠵᠤ ᠡᠪᠡᠰᠤ ᠮᠤᠳᠤ ᠬᠦᠭᠡᠷᠡᠨ ᠨᠤᠭᠤᠭᠠᠷᠠᠨ᠎ᠡ᠃ ᠰᠢ ᠶᠢᠨ ᠫᠢᠩ ᠠᠳᠠ ᠬᠦᠷᠴᠤ ᠢᠷᠠᠭᠡᠳ ᠯᠢᠦᠢ ᠳ᠋ᠢ᠂ ᠹᠦ᠋ ᠳ᠋ᠢ ᠲᠠᠭᠠᠤ ᠨᠤᠭᠤ ᠭᠠᠵᠠᠷ ᠤᠨ ᠬᠠᠮᠠᠭᠠᠯᠠᠯᠳᠠ ᠪᠠ ᠠᠰᠢᠬᠯᠠᠯᠳᠠ ᠶᠢᠨ ᠪᠠᠶᠢᠳᠠᠯ ᠢ ᠪᠠᠶᠢᠴᠠᠭᠠᠨ ᠦᠵᠡᠪᠡ᠃ ᠵᠠᠮ ᠲᠤᠷᠰᠢ ᠵᠢᠭᠤᠯᠴᠢᠯᠠᠬᠰᠡᠳ ᠶᠡᠷᠤᠩᠭᠡᠢ ᠱᠦᠵᠢ ᠰᠢ ᠶᠢᠨ ᠫᠢᠩ ᠤᠨ ᠠᠮᠤᠷ ᠢ ᠠᠰᠠᠭᠤᠵᠤ᠂ ᠰᠢ ᠶᠢᠨ ᠫᠢᠩ ᠪᠠᠰᠠ ᠪᠠᠶᠢᠨ ᠪᠠᠶᠢᠨ ᠤᠯᠠᠨ ᠤ ᠵᠦᠭ ᠭᠠᠷ ᠲᠠᠯᠠᠯᠤᠨ ᠮᠠᠨᠳᠤᠴᠢᠯᠠᠵᠤ ᠪᠠᠶᠢᠯ᠎ᠡ᠃ ᠯᠦᠩ ᠵᠢᠩ ᠴᠠᠢ ᠶᠢ ᠬᠠᠭᠤᠷᠴᠦ ᠪᠤᠯᠪᠠᠰᠤᠷᠠᠭᠤᠯᠬᠤ ᠪᠠ ᠲᠤᠬᠠᠢ ᠶᠢᠨ ᠭᠠᠵᠠᠷ ᠤᠨ ᠤᠨᠴᠠᠯᠢᠬᠳᠤ ᠰᠤᠶᠤᠯ ᠤᠨ ᠡᠬᠦᠳᠦᠯᠳᠠ ᠶᠢᠨ ᠪᠦᠳᠦᠭᠡᠭᠳᠡᠬᠦᠨ ᠢ ᠪᠤᠷᠤᠯᠠᠭᠤᠯᠵᠤ ᠪᠠᠶᠢᠭ᠎ᠠ ᠲᠡᠯᠭᠡᠬᠦᠷ ᠢᠶᠠᠷ ᠦᠡᠭᠭᠡᠷᠡᠬᠦ ᠳᠤ ᠰᠢ ᠶᠢᠨ ᠫᠢᠩ ᠤᠢᠢᠷᠠᠳᠴᠦ ᠬᠦᠷᠦᠬᠡᠳ ᠲᠤᠭᠤᠷᠢᠨ ᠦᠵᠡᠵᠤ᠂ ᠲᠡᠳᠡᠡ ᠤ ᠤᠯᠠᠮᠵᠢᠯᠠᠯᠳᠤ ᠭᠠᠷ ᠤᠷᠠᠯᠠᠯ ᠵᠡᠷᠭᠡ ᠪᠤᠳᠠᠰ ᠤᠨ ᠪᠤᠰᠤ ᠰᠤᠶᠤᠯ ᠤᠨ ᠦᠪ ᠢᠶᠠᠨ ᠰᠠᠶᠢᠳᠤᠷ ᠤᠯᠠᠮᠵᠢᠯᠠᠨ ᠵᠠᠯᠭᠠᠮᠵᠢᠯᠠᠬᠤ ᠶᠢ ᠨᠢ ᠵᠤᠷᠢᠬᠵᠢᠭᠤᠯᠪᠠ᠃ ᠰᠢ ᠶᠢᠨ ᠫᠢᠩ᠂ ᠨᠤᠭᠤ ᠭᠠᠵᠠᠷ ᠤᠨ ᠡᠷᠬᠢᠮ ᠨᠠᠨᠳᠢᠨ ᠴᠢᠨᠠᠷ ᠨᠢ ᠤᠤᠭᠠᠯ ᠠᠮᠢ ᠠᠬᠤᠢ ᠳᠤ ᠪᠠᠶᠢᠵᠤ᠂ ᠤᠤᠭᠠᠯ ᠠᠮᠢ ᠠᠬᠤᠢ ᠪᠤᠯ ᠵᠢᠭᠤᠯᠴᠢᠯᠠᠯ ᠤᠨ ᠦᠪ ᠬᠦᠷᠤᠩᠭᠡ ᠮᠦᠨ᠂ ᠵᠢᠭᠤᠯᠴᠢᠯᠡᠯ ᠢ ᠬᠦᠭᠵᠢᠬᠦᠯᠬᠦ ᠳᠤ ᠠᠮᠢ ᠠᠬᠤᠢ ᠤᠷᠴᠢᠨ ᠲᠤᠭᠤᠷᠢᠨ ᠢ ᠦᠷᠡᠭᠳᠡᠬᠦᠯᠵᠤ ᠪᠤᠯᠬᠤ ᠦᠭᠡᠢ᠂ ᠭᠡᠳᠤ ᠬᠤᠳᠠᠯᠳᠤᠭᠠᠴᠢᠯᠠᠬᠰᠡᠨ ᠨᠡᠭᠡᠭᠡᠯᠳᠠ ᠬᠢᠵᠤ ᠪᠤᠯᠬᠤ ᠦᠭᠡᠢ᠂ ᠠᠮᠢ ᠠᠬᠤᠢ ᠤᠷᠴᠢᠨ ᠲᠤᠭᠤᠷᠢᠨ ᠢ ᠨᠦᠯᠦᠭᠡᠯᠡᠭᠦ ᠪᠠᠷᠢᠯᠭ᠎ᠠ ᠪᠠᠷᠢᠵᠤ ᠪᠤᠯᠬᠤ ᠦᠭᠡᠢ᠂ ᠨᠡᠩ ᠴᠤ ᠬᠤᠪᠢ ᠶᠢᠨ ᠴᠤᠭᠯᠠᠭᠠᠨ ᠤ ᠭᠠᠵᠠᠷ ᠪᠠᠶᠢᠭᠤᠯᠵᠤ ᠪᠤᠯᠬᠤ ᠦᠭᠡᠢ᠂ ᠴᠡᠴᠡᠷᠯᠢᠭ ᠢ ᠤᠯᠠᠨ ᠲᠦᠮᠡᠨ ᠤ ᠬᠠᠮᠳᠤ ᠪᠠᠷ ᠡᠳ᠋ᠯᠡᠬᠦ ᠪᠤᠬᠢᠷᠳᠦᠯ ᠦᠭᠡᠢ ᠤᠷᠤᠨ ᠵᠠᠢ ᠪᠤᠯᠭᠠᠬᠤ ᠭᠡᠷᠡᠭᠳᠠᠢ ᠭᠡᠵᠤ ᠵᠢᠭᠠᠵᠤ ᠭᠠᠷᠭᠠᠪᠠ᠃ ᠰᠢ ᠶᠢᠨ ᠫᠢᠩ ᠤᠰᠤ ᠪᠤᠯ ᠨᠤᠭᠤ ᠭᠠᠵᠠᠷ ᠤᠨ ᠰᠦᠭ ᠰᠦᠨᠡᠰᠤ ᠮᠦᠨ᠂ ᠪᠠᠶᠢᠭᠠᠯᠢ ᠶᠢᠨ ᠠᠮᠢ ᠠᠬᠤᠢ ᠶᠢᠨ ᠭᠤᠶᠤ ᠰᠠᠶᠢᠬᠠᠨ ᠪᠤᠯ ᠰᠢ ᠰᠢ ᠨᠤᠭᠤ ᠭᠠᠵᠠᠷ ᠤᠨ ᠬᠠᠮᠤᠭ ᠤᠨ ᠦᠨᠡᠨ ᠮᠦᠨ᠂ ᠬᠠᠮᠤᠭ ᠤᠨ ᠴᠢᠬᠤᠯᠠ ᠭᠤᠶᠤ ᠰᠠᠶᠢᠬᠠᠨ ᠪᠤᠯᠤᠨ᠎ᠡ᠃ ᠡᠷᠡᠰ ᠭᠤᠶᠢᠪᠢᠰᠢ ᠦᠭᠡᠢ ᠪᠠᠷ ᠬᠠᠮᠠᠭᠠᠯᠠᠯᠳᠠ ᠶᠢ ᠲᠡᠷᠢᠬᠦᠨ ᠳᠤ ᠲᠠᠯᠪᠢᠵᠤ᠂ ᠬᠠᠮᠤᠭ ᠤᠨ ᠶᠡᠭᠡ ᠴᠢᠷᠮᠠᠶᠢᠯᠭ᠎ᠠ ᠪᠠᠷ ᠨᠤᠭᠤ ᠭᠠᠵᠠᠷ ᠤᠨ ᠠᠮᠢ ᠠᠬᠤᠢ ᠪᠤᠯᠤᠨ ᠤᠰᠤᠨ ᠤ ᠤᠷᠴᠢᠨ ᠲᠤᠭᠤᠷᠢᠨ ᠢ ᠬᠠᠮᠠᠭᠠᠯᠠᠬᠤ ᠭᠡᠷᠡᠭᠳᠠᠢ᠃ ᠰᠢ ᠬᠤ᠋ ᠨᠠᠭᠤᠷ ᠪᠤᠯᠤᠨ ᠰᠢ ᠰᠢ ᠨᠤᠭᠤ ᠭᠠᠵᠠᠷ ᠤᠨ ᠬᠠᠮᠠᠭᠠᠯᠠᠯᠳᠠ ᠶᠢ ᠬᠠᠨᠭ᠍ᠵᠸᠤ ᠬᠤᠳᠠ ᠶᠢᠨ ᠬᠦᠭᠵᠢᠯᠳᠠ ᠪᠠ ᠵᠠᠰᠠᠯᠳᠠ ᠶᠢᠨ ᠢᠯᠡ ᠲᠤᠳᠤ ᠤᠳᠤᠷᠢᠳᠤᠮᠵᠢ ᠪᠤᠯᠭᠠᠨ᠂ ᠦᠢᠯᠡᠳᠪᠤᠷᠢᠯᠡᠯ᠂ ᠠᠮᠢᠳᠤᠷᠠᠯ ᠪᠠ ᠠᠮᠢ ᠠᠬᠤᠢ ᠭᠤᠷᠪᠡᠨ ᠶᠡᠭᠡ ᠤᠷᠤᠨ ᠵᠠᠢ ᠶᠢᠨ ᠪᠠᠶᠢᠷᠢᠰᠢᠭᠤᠯᠤᠯᠳᠠ ᠶᠢ ᠰᠠᠶᠢᠳᠤᠷ ᠨᠢᠭᠡᠳᠦᠯᠳᠠᠢ ᠲᠦᠯᠦᠪᠵᠢᠬᠦᠯᠵᠤ᠂ ᠬᠦᠮᠦᠨ ᠬᠢᠬᠡᠳ ᠪᠠᠶᠢᠭᠠᠯᠢ ᠶᠢᠨ ᠡᠶ᠎ᠡ ᠵᠤᠬᠢᠴᠠᠩᠭᠤᠢ ᠪᠠᠷ ᠲᠦᠰᠢᠯᠴᠡᠨ ᠤᠷᠤᠰᠢᠬᠤ᠂ ᠬᠠᠮᠳᠤ ᠪᠠᠷ ᠠᠮᠢᠳᠤᠷᠠᠵᠤ ᠬᠠᠮᠳᠤ ᠪᠠᠷ ᠴᠡᠴᠡᠭᠯᠡᠨ ᠬᠦᠭᠵᠢᠭᠰᠡᠨ ᠤᠷᠤᠰᠢᠨ ᠰᠠᠭᠤᠷᠢᠰᠢᠬᠤ ᠳᠤ ᠲᠤᠬᠢᠷᠠᠮᠵᠢᠳᠠᠢ ᠬᠤᠳᠠ ᠶᠢ ᠪᠦᠳᠦᠭᠡᠨ ᠪᠠᠶᠢᠭᠤᠯᠬᠤ ᠲᠠᠯ᠎ᠡ ᠪᠠᠷ ᠨᠡᠩ ᠤᠯᠠᠨ ᠲᠤᠷᠰᠢᠯᠭ᠎ᠠ ᠡᠬᠦᠳᠬᠦ ᠭᠡᠷᠡᠭᠳᠠᠢ ᠭᠡᠵᠤ ᠴᠢᠬᠤᠯᠠᠴᠢᠯᠠᠪᠠ᠃      ᠰᠢ ᠶᠢᠨ ᠫᠢᠩ ᠵᠠᠯᠭᠠᠭᠠᠳ ᠬᠠᠨᠭ᠍ᠵᠸᠤ ᠶᠢᠨ ᠬᠤᠳᠠ ᠶᠢᠨ ᠲᠤᠭ᠎ᠠ ᠪᠠᠷᠢᠮᠳᠠ ᠶᠢᠨ ᠡᠵᠡᠩᠨᠡᠯᠳᠠ ᠶᠢᠨ ᠵᠢᠯᠤᠭᠤᠳᠬᠤ ᠲᠦᠪ ᠲᠤ ᠬᠦᠷᠴᠤ ︽ᠲᠤᠭᠠᠴᠢᠯᠠᠯᠳᠠ ᠪᠠᠷ ᠬᠤᠳᠠ ᠶᠢᠨ ᠲᠦᠭᠵᠢᠷᠠᠯ ᠢ ᠵᠠᠰᠠᠬᠤ︾᠂ ︽ᠲᠤᠭᠠᠴᠢᠯᠠᠯᠳᠠ ᠪᠠᠷ ᠬᠤᠳᠠ ᠶᠢ ᠵᠠᠰᠠᠬᠤ︾᠂ ︽ᠲᠤᠭᠠᠴᠢᠯᠠᠯᠳᠠ ᠪᠠᠷ ᠬᠢᠵᠢᠭ ᠢ ᠵᠠᠰᠠᠬᠤ︾ ᠵᠡᠷᠭᠡ ᠭᠡᠷᠡᠭᠯᠡᠭᠡᠨ ᠤ ᠲᠡᠯᠭᠡᠨ ᠦᠵᠡᠬᠦᠯᠭᠡ ᠶᠢ ᠰᠤᠨᠢᠷᠬᠠᠵᠤ᠂ ᠬᠠᠨᠭ᠍ᠵᠸᠤ ᠬᠤᠳᠠ ᠬᠤᠳᠠ ᠶᠢᠨ ᠲᠤᠭ᠎ᠠ ᠪᠠᠷᠢᠮᠳᠠ ᠶᠢᠨ ᠤᠶᠤᠨᠴᠢ ᠰᠢᠰᠲ᠋ᠧᠮ ᠢ ᠠᠰᠢᠬᠯᠠᠨ ᠵᠠᠮ ᠬᠠᠷᠢᠯᠴᠠᠭ᠎ᠠ᠂ ᠰᠤᠶᠤᠯ ᠵᠢᠭᠤᠯᠴᠢᠯᠠᠯ᠂ ᠡᠷᠡᠬᠦᠯ ᠬᠠᠮᠠᠭᠠᠯᠠᠯ ᠡᠷᠡᠬᠦᠯ ᠮᠠᠨᠳᠤ ᠵᠡᠷᠭᠡ ᠰᠢᠰᠲ᠋ᠧᠮ ᠤᠨ ᠵᠠᠰᠠᠯᠳᠠ ᠶᠢᠨ ᠴᠢᠳᠠᠪᠤᠷᠢ ᠶᠢ ᠲᠡᠭᠡᠭᠰᠢᠯᠡᠬᠦᠯᠵᠤ ᠪᠠᠶᠢᠭ᠎ᠠ ᠰᠢᠨ᠎ᠡ ᠡᠬᠦᠳᠦᠯᠳᠠ ᠶᠢᠨ ᠦᠷ᠎ᠡ ᠪᠦᠳᠦᠭᠡᠯ ᠢ ᠨᠤᠳᠠᠯᠠᠵᠤ ᠪᠠᠶᠢᠬᠤ ᠪᠠᠨ ᠢᠯᠡᠳᠭᠡᠪᠡ᠃ ᠰᠢ ᠶᠢᠨ ᠫᠢᠩ᠂ ᠤᠯᠤᠰ ᠤᠨ ᠵᠠᠰᠠᠯᠳᠠ ᠶᠢᠨ ᠰᠢᠰᠲ᠋ᠧᠮ ᠪᠤᠯᠤᠨ ᠵᠠᠰᠠᠯᠳᠠ ᠶᠢᠨ ᠴᠢᠳᠠᠪᠤᠷᠢ ᠶᠢᠨ ᠤᠳᠤᠬᠢᠴᠢᠯᠠᠯᠳᠠ ᠶᠢ ᠠᠬᠢᠭᠤᠯᠬᠤ ᠳᠤ ᠡᠷᠬᠡᠪᠰᠢ ᠬᠤᠳᠠ ᠶᠢᠨ ᠵᠠᠰᠠᠯᠳᠠ ᠶᠢᠨ ᠰᠢᠰᠲ᠋ᠧᠮ ᠪᠤᠯᠤᠨ ᠵᠠᠰᠠᠯᠳᠠ ᠶᠢᠨ ᠴᠢᠳᠠᠪᠤᠷᠢ ᠶᠢᠨ ᠤᠳᠤᠬᠢᠴᠢᠯᠠᠯᠳᠠ ᠶᠢ ᠰᠠᠶᠢᠳᠤᠷ ᠠᠳᠬᠤᠬᠤ ᠭᠡᠷᠡᠭᠳᠠᠢ᠃ ᠲᠤᠮᠤ ᠳ᠋ᠠᠶᠢᠲ᠋ᠠ᠂ ᠡᠬᠦᠯᠡᠨ ᠪᠤᠳᠤᠯᠳᠠ᠂ ᠴᠦᠷᠬᠦᠯᠡᠭᠡ ᠳ᠋ᠠᠶᠢᠲ᠋ᠠ᠂ ᠵᠤᠬᠢᠶᠠᠮᠠᠯ ᠤᠶᠤᠨ ᠴᠢᠳᠠᠪᠤᠷᠢ ᠵᠡᠷᠭᠡ ᠬᠤᠰᠢᠭᠤᠷᠠᠯ ᠮᠡᠷᠭᠡᠵᠢᠯ ᠢ ᠠᠰᠢᠭᠯᠠᠨ ᠬᠤᠳᠠ ᠶᠢᠨ ᠬᠠᠮᠢᠶᠡᠷᠤᠯᠳᠠ ᠶᠢᠨ ᠠᠷᠭ᠎ᠠ ᠪᠠᠷᠢᠯ᠂ ᠬᠠᠮᠢᠶᠡᠷᠤᠯᠳᠠ ᠶᠢᠨ ᠵᠠᠬᠪᠤᠷ᠂ ᠬᠠᠮᠢᠶᠡᠷᠤᠯᠳᠠ ᠶᠢᠨ ᠤᠢᠢᠯᠠᠭᠠᠬᠳᠠᠬᠤᠨ ᠤ ᠰᠢᠨᠡᠴᠢᠯᠡᠯᠳᠠ ᠶᠢ ᠠᠬᠢᠭᠤᠯᠵᠤ᠂ ᠲᠤᠭᠠᠴᠢᠯᠠᠯᠳᠠ ᠠᠴᠠ ᠤᠶᠤᠨ ᠴᠢᠳᠠᠪᠤᠷᠢᠴᠢᠯᠠᠯᠲᠠ ᠳᠤ ᠬᠦᠷᠴᠤ᠂ ᠲᠠᠬᠢᠨ ᠤᠶᠤᠨᠴᠢᠯᠠᠯᠳᠠ ᠳᠤ ᠬᠦᠷᠴᠤ᠂ ᠬᠤᠳᠠ ᠶᠢ ᠨᠡᠩ ᠴᠤᠪᠤᠭᠤᠯᠢᠭ ᠨᠡᠩ ᠤᠶᠤᠨᠯᠢᠭ ᠪᠤᠯᠭᠠᠬᠤ ᠪᠤᠯ ᠬᠤᠳᠠ ᠶᠢᠨ ᠵᠠᠰᠠᠯᠳᠠ ᠶᠢᠨ ᠰᠢᠰᠲ᠋ᠧᠮ ᠪᠤᠯᠤᠨ ᠵᠠᠰᠠᠯᠳᠠ ᠶᠢᠨ ᠴᠢᠳᠠᠪᠤᠷᠢ ᠶᠢᠨ ᠤᠳᠤᠬᠢᠴᠢᠯᠠᠯᠳᠠ ᠶᠢ ᠠᠬᠢᠭᠤᠯᠬᠤ ᠶᠢᠨ ᠵᠠᠶᠢᠯᠠᠰᠢ ᠦᠭᠡᠢ ᠵᠠᠮ ᠮᠦᠨ᠂ ᠲᠡᠭᠦᠨ ᠤ ᠢᠷᠡᠭᠡᠳᠦᠢ ᠦᠷᠭᠡᠨ ᠠᠭᠤᠳᠠᠮ ᠪᠠᠶᠢᠭ᠎ᠠ ᠶᠤᠮ ᠭᠡᠵᠤ ᠵᠢᠭᠠᠵᠤ ᠭᠠᠷᠭᠠᠪᠠ᠃ ᠰᠢ ᠶᠢᠨ ᠫᠢᠩ ᠬᠠᠨᠭ᠍ᠵᠸᠤ ᠶᠢᠨ ᠬᠤᠳᠠ ᠶᠢᠨ ᠲᠤᠭ᠎ᠠ ᠪᠠᠷᠢᠮᠳᠠ ᠶᠢᠨ ᠡᠵᠡᠩᠨᠡᠯᠳᠡ ᠶᠢ ᠪᠠᠶᠢᠭᠤᠯᠬᠤ ᠲᠠᠯ᠎ᠡ ᠪᠠᠷ ᠦᠷᠬᠦᠯᠵᠢᠯᠡᠨ ᠬᠠᠶᠢᠨ ᠰᠦᠪᠡᠭᠴᠢᠯᠡᠯᠳᠠ ᠬᠢᠵᠤ ᠰᠢᠨ᠎ᠡ ᠶᠢ ᠡᠬᠦᠳᠴᠤ᠂ ᠬᠤᠳᠠ ᠶᠢᠨ ᠬᠦᠭᠵᠢᠯᠳᠠ ᠶᠢᠨ ᠲᠠᠯᠳᠠ ᠬᠦᠴᠤᠨ ᠢ ᠴᠢᠨᠠᠬᠰᠢᠳᠠ ᠠᠭᠤᠳᠠᠯᠤᠨ᠂ ᠤᠶᠤᠨᠳᠤ ᠬᠤᠳᠠ ᠶᠢ ᠲᠦᠷᠭᠡᠳᠭᠡᠨ ᠪᠦᠳᠦᠭᠡᠨ ᠪᠠᠶᠢᠭᠤᠯᠵᠤ᠂ ᠪᠦᠬᠦ ᠤᠯᠤᠰ ᠲᠤ ᠨᠡᠩ ᠤᠯᠠᠨ ᠲᠡᠯᠭᠡᠷᠡᠬᠦᠯᠵᠤ ᠪᠤᠯᠬᠤ ᠲᠤᠷᠰᠢᠯᠭ᠎ᠠ ᠡᠬᠦᠳᠬᠦ ᠶᠢ ᠬᠦᠰᠡᠵᠠᠢ᠃      4 ᠰᠠᠷ᠎ᠡ ᠶᠢᠨ 1 ᠤ ᠦᠳᠠ ᠶᠢᠨ ᠡᠮᠤᠨ᠎ᠡ᠂ ᠰᠢ ᠶᠢᠨ ᠫᠢᠩ ᠵᠧᠵᠢᠶᠠᠩ ᠮᠤᠵᠢ ᠶᠢᠨ ᠨᠠᠮ ᠤᠨ ᠬᠤᠷᠢᠶ᠎ᠡ ᠪᠤᠯᠤᠨ ᠮᠤᠵᠢ ᠶᠢᠨ ᠵᠠᠰᠠᠭ ᠤᠨ ᠤᠷᠳᠤᠨ ᠤ ᠠᠵᠢᠯ ᠤᠨ ᠬᠠᠷᠢᠭᠤ ᠮᠡᠳᠡᠬᠦᠯᠦᠯᠳᠠ ᠶᠢ ᠰᠤᠨᠤᠰᠴᠤ᠂ ᠵᠧᠵᠢᠶᠠᠩ ᠤᠨ ᠡᠯ᠎ᠡ ᠵᠦᠢᠯ ᠤᠨ ᠠᠵᠢᠯ ᠢ ᠨᠤᠳᠠᠯᠠᠪᠠ᠃ ᠰᠢ ᠶᠢᠨ ᠫᠢᠩ᠂ ᠭᠡᠰᠡᠭ ᠬᠤᠭᠤᠴᠠᠭᠠᠨ ᠤ ᠬᠠᠳᠠᠭᠤᠵᠢᠯᠳᠠᠢ ᠴᠢᠷᠮᠠᠶᠢᠯᠭ᠎ᠠ ᠪᠠᠷ ᠲᠠᠮᠵᠢᠨ ᠮᠠᠨ ᠤ ᠤᠯᠤᠰ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠨᠳᠤᠰᠢ ᠦᠷᠬᠦᠯᠵᠢᠯᠡᠨ ᠰᠠᠶᠢᠵᠢᠷᠠᠵᠤ᠂ ᠬᠢᠯᠢ ᠳᠤᠳᠤᠷᠠᠬᠢ ᠲᠤᠰ ᠡᠭᠡᠯᠵᠢ ᠶᠢᠨ ᠬᠢᠵᠢᠭ ᠤᠨ ᠦᠷᠪᠢᠰᠤᠨ ᠲᠡᠯᠭᠡᠷᠡᠬᠦ ᠤᠷᠬᠢᠯ ᠤᠨ ᠬᠤᠭᠤᠴᠠᠭ᠎ᠠ ᠨᠢᠭᠡᠨᠳᠠ ᠦᠡᠭᠭᠡᠷᠡᠭᠰᠡᠨ ᠪᠤᠯᠪᠠᠴᠤ ᠬᠢᠯᠢ ᠶᠢᠨ ᠭᠠᠳᠠᠨᠠᠬᠢ ᠬᠢᠵᠢᠭ ᠤᠨ ᠪᠠᠶᠢᠳᠠᠯ ᠶᠠᠭ ᠲᠦᠷᠭᠡᠨ ᠢᠶᠠᠷ ᠦᠷᠪᠢᠰᠦᠨ ᠲᠡᠯᠭᠡᠷᠡᠵᠤ ᠪᠠᠶᠢᠨ᠎ᠡ᠂ ᠮᠠᠨ ᠤ ᠤᠯᠤᠰ ᠶᠠᠭ ᠬᠢᠯᠢ ᠶᠢᠨ ᠭᠠᠳᠠᠨ᠎ᠡ ᠠᠴᠠ ᠬᠢᠵᠢᠭ ᠬᠠᠯᠳᠠᠪᠤᠷᠢᠯᠡᠨ ᠤᠷᠤᠵᠤ ᠢᠷᠠᠬᠦ ᠠᠶᠤᠯ ᠲᠦᠭᠰᠢᠬᠦᠷᠢ ᠶᠡᠭᠡ ᠪᠠᠷ ᠨᠡᠮᠡᠭᠳᠡᠬᠦ ᠪᠠᠶᠢᠳᠠᠯ ᠳᠤ ᠲᠤᠯᠭᠠᠷᠠᠵᠤ ᠪᠠᠶᠢᠨ᠎ᠡ᠃ ᠡᠷᠭᠡᠪᠰᠢ ᠭᠠᠳᠠᠨ᠎ᠡ ᠠᠴᠠ ᠬᠠᠯᠳᠠᠪᠤᠷᠢᠯᠡᠨ ᠤᠷᠤᠵᠤ ᠢᠷᠠᠬᠦ ᠶᠢ ᠰᠡᠷᠭᠡᠶᠢᠯᠡᠵᠤ ᠲᠤᠳᠤᠨ᠎ᠡ ᠪᠠᠨ ᠲᠠᠬᠢᠨ ᠡᠬᠦᠰᠬᠦ ᠶᠢ ᠰᠡᠷᠭᠡᠶᠢᠯᠡᠬᠦ ᠶᠢ ᠴᠢᠩᠭ᠎ᠠ ᠪᠠᠷᠢᠮᠳᠠᠯᠠᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠬᠰᠡᠨ ᠲᠡᠭᠡᠷ᠎ᠡ ᠪᠠᠨ ᠲᠠᠬᠢᠨ ᠴᠢᠩᠭᠠᠳᠬᠠᠵᠤ ᠪᠠᠷᠢᠮᠳᠠᠯᠠᠬᠰᠡᠨ ᠲᠡᠭᠡᠷ᠎ᠡ ᠪᠠᠨ ᠲᠠᠬᠢᠨ ᠪᠠᠷᠢᠮᠳᠠᠯᠠᠵᠤ᠂ ᠢᠮᠠᠬᠳᠠ ᠰᠤᠨᠤᠷ ᠰᠡᠷᠡᠮᠵᠢ ᠲᠠᠢ ᠪᠠᠶᠢᠵᠤ ᠴᠢᠩᠭ᠎ᠠ ᠨᠢᠬᠳᠠ ᠰᠡᠷᠭᠡᠶᠢᠯᠡᠵᠤ᠂ ᠢᠯᠠᠩᠭᠤᠶ᠎ᠡ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠬᠳᠡᠬᠰᠡᠳ ᠢ ᠬᠠᠮᠢᠶᠡᠷᠬᠤ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠵᠢᠯ ᠢ ᠦᠷᠬᠦᠯᠵᠢᠯᠡᠨ ᠴᠢᠩᠭ᠎ᠠ ᠠᠳᠬᠤᠵᠤ ᠪᠤᠳᠠᠳᠠᠢ ᠠᠳᠬᠤᠨ ᠨᠠᠷᠢᠯᠢᠭ ᠠᠳᠬᠤᠵᠤ᠂ ᠠᠵᠢᠯ ᠢᠶᠠᠨ ᠰᠡᠷᠭᠦᠭᠡᠵᠤ ᠦᠢᠯᠡᠳᠪᠤᠷᠢᠯᠡᠯ ᠢᠶᠠᠨ ᠰᠡᠷᠬᠦᠭᠡᠬᠦ ᠪᠤᠯᠤᠨ ᠨᠡᠶᠢᠭᠡᠮ ᠤᠨ ᠠᠮᠢᠳᠤᠷᠠᠯ ᠤᠨ ᠡᠯ᠎ᠡ ᠲᠠᠯ᠎ᠡ ᠳᠤ ᠤᠨᠤᠴᠠᠳᠠᠢ ᠪᠠᠷ ᠨᠠᠶᠢᠳᠠᠪᠤᠷᠢᠵᠢᠭᠤᠯᠬᠤ ᠭᠡᠷᠡᠭᠳᠠᠢ᠃ ᠬᠢᠯᠢ ᠶᠢᠨ ᠭᠠᠳᠠᠨ᠎ᠡ ᠠᠴᠠ ᠬᠢᠵᠢᠭ ᠬᠠᠯᠳᠠᠪᠤᠷᠢᠯᠠᠨ ᠤᠷᠤᠵᠤ ᠢᠷᠡᠬᠦ ᠶᠢ ᠴᠢᠩᠭ᠎ᠠ ᠰᠡᠷᠭᠡᠶᠢᠯᠡᠬᠦ ᠠᠵᠢᠯ ᠢ ᠤᠳᠤᠬᠠᠨ ᠤ᠂ ᠴᠢᠨᠠᠬᠰᠢᠯᠠᠪᠠᠯ ᠨᠡᠯᠢᠶᠡᠳ ᠤᠷᠳᠤ ᠬᠤᠭᠤᠴᠠᠭᠠᠨ ᠤ ᠲᠤᠷᠰᠢᠬᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠭᠤᠤᠯᠳᠠᠯᠭ᠎ᠠ ᠶᠢᠨ ᠲᠤᠳᠤᠷᠠᠬᠢ ᠭᠤᠤᠯᠳᠠᠯᠭ᠎ᠠ ᠪᠠᠨ ᠪᠤᠯᠭᠠᠵᠤ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢᠨ ᠴᠢᠭᠯᠡᠬᠦᠯᠦᠯᠳᠤ ᠴᠢᠨᠠᠷ ᠪᠤᠯᠤᠨ ᠪᠤᠳᠠᠳᠠᠢ ᠦᠷ᠎ᠡ ᠪᠦᠳᠦᠮᠵᠢᠳᠤ ᠴᠢᠨᠠᠷ ᠢ ᠲᠠᠬᠡᠭᠰᠢᠯᠡᠬᠦᠯᠦᠨ᠂ ᠬᠢᠯᠢ ᠶᠢᠨ ᠭᠠᠳᠠᠨ᠎ᠡ ᠠᠴᠠ ᠬᠢᠵᠢᠭ ᠬᠠᠯᠳᠠᠪᠤᠷᠢᠯᠡᠨ ᠤᠷᠤᠵᠤ ᠢᠷᠠᠬᠦ ᠠᠶᠤᠯ ᠲᠦᠭᠰᠢᠬᠦᠷᠢ ᠶᠢ ᠠᠷᠭᠠᠴᠠᠭᠠᠬᠤ ᠪᠠᠳᠤ ᠪᠠᠬᠢ ᠰᠡᠷᠭᠡᠶᠢᠯᠡᠯᠳᠠ ᠶᠢᠨ ᠱᠤᠭᠤᠮ ᠢ ᠴᠤᠬᠴᠠᠯᠠᠬᠤ ᠬᠡᠷᠡᠭᠲᠡᠢ᠂ ᠶᠠᠮᠠᠷ ᠴᠤ ᠠᠯᠲᠠᠰᠢ ᠠᠳᠡᠰᠢ ᠭᠠᠷᠭᠠᠵᠤ ᠪᠤᠯᠬᠤ ᠦᠭᠡᠢ ᠭᠡᠵᠤ ᠴᠢᠬᠤᠯᠠᠴᠢᠯᠠᠪᠠ᠃      ᠰᠢ ᠶᠢᠨ ᠫᠢᠩ᠂ ᠠᠶᠤᠯ ᠲᠦᠭᠰᠢᠬᠦᠷᠢ ᠪᠠ ᠠᠵᠠ ᠲᠤᠬᠢᠶᠠᠯ ᠶᠡᠷᠦ ᠨᠢ ᠬᠠᠮᠲᠤ ᠣᠷᠣᠰᠢᠵᠤ᠂ ᠠᠶᠤᠯ ᠲᠦᠭᠰᠢᠬᠦᠷᠢ ᠶᠢ ᠢᠯᠠᠨ ᠳᠠᠪᠠᠪᠠᠯ ᠠᠵᠠ ᠲᠤᠬᠢᠶᠠᠯ ᠪᠤᠯᠳᠠᠭ ᠶᠤᠮ᠃ ᠬᠢᠯᠢ ᠶᠢᠨ ᠭᠠᠳᠠᠨᠠᠬᠢ ᠬᠢᠵᠢᠭ ᠤᠨ ᠪᠠᠶᠢᠳᠠᠯ ᠲᠦᠷᠭᠡᠨ ᠢᠶᠠᠷ ᠥᠷᠪᠢᠰᠤᠨ ᠳᠡᠯᠭᠡᠷᠡᠬᠦ ᠶᠢ ᠳᠠᠭᠠᠯᠳᠤᠨ ᠤᠯᠠᠨ ᠤᠯᠤᠰ ᠤᠨ ᠠᠵᠤ ᠠᠬᠤᠶ ᠠᠷᠠᠯᠵᠢᠶ᠎ᠠ ᠶᠢᠨ ᠠᠵᠢᠯᠯᠠᠭ᠎ᠠ ᠬᠦᠨᠳᠦ ᠨᠣᠴᠢᠲᠠᠶ ᠨᠥᠯᠥᠭᠡᠯᠡᠭᠳᠡᠵᠦ᠂ ᠮᠠᠨ ᠤ ᠤᠯᠤᠰ ᠤᠨ ᠠᠵᠤ ᠠᠬᠤᠶ ᠶᠢᠨ ᠬᠥᠭᠵᠢᠯᠲᠡ ᠳᠤ ᠰᠢᠨ᠎ᠡ ᠥᠷᠢᠰᠥᠯᠳᠦᠭᠡᠨ ᠢ ᠠᠪᠴᠢᠷᠠᠬᠤ ᠶᠢᠨ ᠬᠠᠮᠲᠤ ᠪᠠᠰᠠ ᠮᠠᠨ ᠤ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠥᠭᠵᠢᠯᠲᠡ ᠶᠢ ᠲᠦᠷᠭᠡᠳᠬᠡᠬᠦ᠂ ᠠᠵᠤ ᠦᠢᠯᠡᠰ ᠢ ᠰᠢᠯᠢᠳᠡᠭᠵᠢᠬᠦᠯᠦᠨ ᠲᠡᠰ ᠳᠡᠪᠰᠢᠬᠦᠯᠬᠦ ᠶᠢ ᠠᠬᠢᠭᠤᠯᠬᠤ ᠳᠤ ᠰᠢᠨ᠎ᠡ ᠠᠵᠠ ᠲᠣᠬᠢᠶᠠᠯ ᠠᠪᠴᠢᠷᠠᠵᠠᠢ᠃ ᠭᠦᠨᠵᠡᠭᠡᠢ ᠵᠠᠳᠠᠯᠤᠨ ᠪᠦᠬᠦ ᠲᠠᠯ᠎ᠠ ᠪᠠᠷ ᠲᠤᠩᠭᠠᠵᠤ᠂ ᠬᠤᠪᠢᠷᠠᠯᠲᠠ ᠶᠢ ᠣᠨᠣᠪᠴᠢᠲᠠᠢ ᠲᠠᠨᠢᠵᠤ ᠰᠢᠨᠵᠢᠯᠡᠬᠦ ᠤᠬᠠᠭᠠᠨᠴᠢ ᠪᠠᠷ ᠬᠤᠪᠢᠷᠠᠯᠲᠠ ᠶᠢ ᠠᠷᠭᠠᠴᠠᠭᠠᠨ ᠰᠠᠨᠠᠭᠠᠴᠢᠯᠠᠭ᠎ᠠ ᠠᠴᠠ ᠪᠠᠨ ᠬᠤᠪᠢᠷᠠᠯᠲᠠ ᠶᠢ ᠡᠷᠢᠯᠬᠢᠯᠡᠵᠦ᠂ ᠨᠢᠳᠤᠨ ᠡᠮᠦᠨᠡᠬᠢ ᠬᠢᠮᠤᠷᠠᠯ᠂ ᠨᠢᠳᠦᠨ ᠡᠮᠦᠨᠡᠬᠢ ᠬᠦᠴᠢᠷᠳᠡᠯ ᠠᠴᠠ ᠠᠵᠠ ᠲᠣᠬᠢᠶᠠᠯ ᠢ ᠣᠯᠵᠤ ᠠᠪᠬᠤ ᠪᠠ ᠠᠵᠠ ᠲᠤᠬᠢᠶᠠᠯ ᠢ ᠡᠭᠦᠳᠬᠦ ᠳᠡᠭᠡᠨ ᠴᠢᠳᠠᠮᠠᠭᠠᠢ ᠪᠠᠶᠢᠬᠤ ᠬᠡᠷᠡᠭᠲᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠴᠢᠩᠭ᠎ᠠ ᠰᠠᠶᠢᠲᠤᠷ ᠬᠢᠭᠰᠡᠨ ᠤᠷᠢᠲᠠᠯ ᠳᠣᠤᠷ᠎ᠠ ᠂ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠬᠤᠷᠳᠤᠴᠠ ᠶᠢ ᠲᠦᠷᠬᠡᠳᠬᠡᠨ ᠬᠡᠪᠴᠢᠶ᠎ᠡ ᠪᠠᠨ ᠥᠷᠭᠡᠳᠬᠡᠬᠦ ᠶᠢ ᠴᠢᠩᠭ᠎ᠠ ᠬᠦᠴᠦᠲᠡᠶ ᠡᠮᠬᠢ ᠵᠢᠷᠤᠮ ᠲᠠᠢ ᠪᠠᠷ ᠠᠬᠢᠭᠤᠯᠵᠤ᠂ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠳᠤᠮᠳᠠᠬᠢ ᠬᠦᠴᠢᠷ ᠠᠰᠠᠭᠤᠳᠠᠯ᠂ ᠲᠦᠭᠵᠢᠷᠡᠯ ᠤᠨ ᠴᠡᠭ ᠢ ᠢᠳᠡᠪᠬᠢᠲᠡᠶ ᠰᠢᠢᠳᠪᠦᠷᠢᠯᠡᠵᠤ᠂ ᠪᠥᠬᠦ ᠠᠵᠤ ᠦᠢᠯᠡᠰ ᠤᠨ ᠬᠡᠯᠬᠢᠶ᠎ᠡ ᠶᠢᠨ ᠬᠤᠯᠪᠣᠭᠠᠯᠠᠨ ᠬᠥᠳᠡᠯᠦᠯᠴᠡᠵᠦ ᠠᠵᠢᠯ ᠢᠶᠠᠨ ᠰᠡᠷᠭᠦᠭᠡᠬᠦ ᠶᠢ ᠠᠬᠢᠭᠤᠯᠬᠤ ᠬᠡᠷᠡᠭᠲᠡᠶ᠃ ᠤᠯᠠᠨ ᠤᠯᠤᠰ ᠤᠨ ᠠᠵᠤ ᠠᠬᠤᠶ ᠶᠢᠨ ᠪᠠᠶᠢᠳᠠᠯ ᠤᠨ ᠲᠤᠬᠠᠶ ᠰᠤᠳᠤᠯᠤᠨ ᠮᠠᠭᠠᠳᠯᠠᠵᠤ ᠵᠠᠳᠠᠯᠬᠤ ᠪᠠᠨ ᠴᠢᠩᠭᠠᠳᠬᠠᠵᠤ᠂ ᠬᠠᠨᠳᠤᠯᠭᠠᠲᠤ ᠴᠢᠨᠠᠷᠲᠠᠶ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠴᠠᠭ ᠲᠤᠬᠠᠶ ᠳᠤᠨᠢ ᠲᠣᠭᠲᠠᠭᠠᠨ᠂ ᠤᠯᠠᠨ ᠤᠯᠤᠰ ᠤᠨ ᠬᠠᠩᠭᠠᠯᠭ᠎ᠠ ᠶᠢᠨ ᠬᠡᠯᠬᠢᠶ᠎ᠡ ᠶᠢᠨ ᠰᠠᠭᠠᠳ ᠦᠭᠡᠢ ᠨᠡᠪᠲᠡᠷᠡᠬᠦ ᠶᠢ ᠪᠠᠲᠤᠯᠠᠵᠤ᠂ ᠡᠯ᠎ᠡ ᠲᠦᠷᠦᠯ ᠤᠨ ᠠᠵᠤ ᠠᠬᠤᠶ ᠠᠷᠠᠯᠵᠢᠶᠠᠨ ᠤ ᠠᠵᠢᠯᠯᠠᠭ᠎ᠠ ᠶᠢᠨ ᠬᠡᠪ ᠤᠨ ᠶᠣᠰᠣᠭᠠᠷ ᠥᠷᠨᠢᠬᠦ ᠶᠢ ᠪᠠᠲᠤᠯᠠᠬᠤ ᠬᠡᠷᠡᠭᠲᠡᠶ᠃ ᠴᠢᠳᠠᠪᠤᠷᠢᠲᠠᠨ ᠢ ᠲᠠᠲᠠᠨ ᠠᠪᠴᠢᠷᠠᠬᠤ᠂ ᠰᠢᠨ᠎ᠡ ᠶᠢ ᠡᠭᠦᠳᠬᠦ ᠶᠢ ᠠᠬᠢᠭᠤᠯᠬᠤ ᠪᠣᠳᠠᠲᠠᠢ ᠠᠷᠭ᠎ᠠ ᠭᠡᠮᠵᠢᠶ᠎ᠠ ᠠᠪᠴᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠬᠦ ᠬᠡᠷᠡᠭᠲᠡᠢ᠃ ᠠᠵᠤ ᠦᠶ᠋ᠯᠡᠰ ᠤᠨ ᠲᠣᠭᠠᠴᠢᠯᠠᠯᠳᠠ᠂ ᠲᠣᠭᠠᠴᠢᠯᠠᠭᠰᠠᠨ ᠠᠵᠤ ᠦᠢᠯᠡᠰᠵᠢᠯᠲᠡ ᠠᠴᠠ ᠣᠯᠭᠤᠭᠰᠠᠨ ᠠᠵᠠ ᠲᠣᠬᠢᠶᠠᠯ ᠢ ᠠᠳᠬᠤᠨ 5G ᠰᠦᠯᠵᠢᠶ᠎ᠡ᠂ ᠳ᠋ᠠᠶᠢᠲ᠋ᠠ ᠶᠢᠨ ᠲᠥᠪ ᠵᠡᠷᠭᠡ ᠰᠢᠨ᠎ᠡ ᠬᠡᠯᠪᠡᠷᠢ ᠶᠢᠨ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠪᠠᠨ ᠲᠦᠷᠭᠡᠳᠬᠡᠵᠦ᠂ ᠲᠣᠭᠠᠴᠢᠯᠠᠭᠰᠠᠨ ᠠᠵᠤ ᠠᠬᠤᠶ᠂ ᠠᠮᠢ ᠨᠠᠰᠤᠨ ᠤ ᠡᠷᠡᠭᠦᠯ ᠮᠡᠨᠳᠦ᠂ ᠰᠢᠨ᠎ᠡ ᠮᠠᠲ᠋ᠧᠷᠢᠶᠠᠯ ᠵᠡᠷᠭᠡ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠮᠠᠨᠲᠤᠭᠰᠠᠠ ᠠᠵᠤ ᠦᠶ᠋ᠯᠡᠰ᠂ ᠢᠷᠡᠭᠡᠳᠦᠶ ᠶᠢᠨ ᠠᠵᠤ ᠦᠢᠯᠡᠰ ᠢ ᠱᠠᠯᠠᠪᠳᠠᠨ ᠪᠠᠶᠢᠷᠢᠰᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠶᠡᠭᠡ ᠪᠠᠷ ᠠᠬᠢᠭᠤᠯᠤᠨ᠂ ᠰᠢᠨ᠎ᠡ ᠨᠡᠮᠡᠭᠳᠡᠯ ᠤᠨ ᠴᠡᠭ ᠢ ᠬᠦᠴᠦᠯᠡᠨ ᠪᠤᠵᠠᠭᠠᠶᠢᠷᠠᠭᠤᠯᠵᠤ᠂ ᠬᠥᠭᠵᠢᠯᠲᠡ ᠶᠢᠨ ᠰᠢᠨ᠎ᠡ ᠬᠥᠳᠡᠯᠭᠡᠬᠦ ᠡᠨᠧᠷᠬᠢ ᠶᠢ ᠪᠣᠶ ᠪᠣᠯᠭᠠᠬᠤ ᠬᠡᠷᠡᠭᠲᠡᠶ᠃ ᠴᠢᠬᠤᠯᠠ ᠬᠦᠷᠢᠶ᠎ᠡ ᠪᠣᠯᠤᠨ ᠵᠠᠩᠭᠢᠯᠠᠭ᠎ᠠ ᠶᠢᠨ ᠭᠤᠭᠴᠤᠭ᠎ᠠ ᠶᠢᠨ ᠥᠭᠡᠷᠡᠴᠢᠯᠡᠯᠲᠡ ᠶᠢ ᠭᠦᠨᠵᠡᠭᠡᠢ ᠠᠬᠢᠭᠤᠯᠵᠤ᠂ ᠥᠭᠡᠷᠡᠴᠢᠯᠡᠯᠲᠡ ᠶᠢᠨ ᠡᠷᠴᠢᠮ ᠢᠶᠠᠨ ᠴᠢᠩᠭᠠᠷᠠᠭᠤᠯᠤᠨ᠂ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ᠂ ᠨᠡᠩ ᠤᠯᠠᠨ ᠪᠣᠳᠠᠲᠤ ᠴᠢᠨᠠᠷᠲᠠᠢ᠂ ᠰᠢᠪᠲᠤᠯᠤᠯᠲᠠ ᠶᠢᠨ ᠴᠢᠨᠠᠷᠲᠠᠢ᠂ ᠰᠢᠰᠲ᠋ᠧᠮ ᠤᠨ ᠴᠢᠨᠠᠷᠲᠠᠢ ᠦᠷ᠎ᠡ ᠪᠦᠲᠦᠭᠡᠯ ᠤᠯᠬᠤ ᠶᠢ ᠲᠦᠷᠭᠡᠳᠬᠡᠵᠦ ᠪᠦᠬᠦ ᠤᠯᠤᠰ ᠤᠨ ᠥᠭᠡᠷᠡᠴᠢᠯᠡᠯᠲᠡ ᠳᠤ ᠵᠠᠮ ᠬᠠᠶᠢᠵᠤ ᠲᠤᠷᠰᠢᠯᠭ᠎ᠠ ᠬᠠᠨᠳᠢᠪᠯᠠᠬᠤ ᠬᠡᠷᠡᠭᠲᠡᠢ ᠬᠡᠵᠤ ᠵᠢᠭᠠᠵᠤ ᠭᠠᠷᠭᠠᠪᠠ᠃      ᠰᠢ ᠶᠢᠨ ᠫᠢᠩ᠂ ᠣᠳᠣᠬᠠᠨ ᠳᠤ ᠰᠠᠭᠤᠷᠢᠯᠠᠨ ᠠᠯᠤᠰ ᠬᠡᠲᠦ ᠶᠢ ᠪᠣᠳᠣᠯᠬᠢᠯᠠᠵᠤ᠂ ᠪᠠᠶᠢᠯᠳᠤᠬᠤ ᠪᠣᠳᠣᠯᠭ᠎ᠠ ᠶᠢᠨ ᠲᠥᠰᠦᠪᠯᠡᠯ ᠪᠣᠯᠤᠨ ᠢᠷᠡᠬᠡᠳᠤᠢ ᠶᠢᠨ ᠪᠠᠷᠠᠯᠠᠯᠳᠤ ᠪᠠᠶᠢᠷᠢᠰᠢᠭᠤᠯᠤᠯᠲᠠ ᠪᠠᠨ ᠴᠢᠩᠭᠠᠳᠬᠠᠨ᠂ ᠡᠩ ᠤᠨ ᠦᠶ᠎ᠡ ᠪᠠ ᠲᠡᠶᠢᠨ ᠤ ᠦᠶ᠎ᠡ ᠶᠢ ᠤᠶᠠᠯᠳᠤᠭᠤᠯᠬᠤ ᠶᠢ ᠪᠠᠷᠢᠮᠲᠠᠯᠠᠵᠤ᠂ ᠬᠦᠨᠳᠦ ᠶᠡᠭᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠭᠤᠯᠤᠮᠵᠢ ᠲᠣᠭᠲᠠᠴᠠ ᠶᠢ ᠲᠡᠭᠦᠯᠳᠡᠷᠵᠢᠭᠦᠯᠤᠨ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠢᠰᠲ᠋ᠧᠮ ᠢ ᠲᠡᠬᠦᠯᠳᠡᠷᠵᠢᠬᠦᠯᠵᠤ᠂ ᠠᠵᠢᠯ ᠤᠨ ᠬᠦᠴᠦ ᠶᠢᠨ ᠨᠢᠭᠡᠳᠦᠭᠡᠷ ᠹᠷᠣᠨᠲ ᠲᠤ ᠬᠦᠨᠵᠡᠬᠡᠶᠢᠷᠡᠬᠦ ᠶᠢ ᠠᠬᠢᠭᠤᠯᠬᠤ ᠬᠡᠷᠡᠭᠲᠡᠶ᠃ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠭᠦᠨᠵᠡᠭᠡᠢ ᠥᠷᠨᠢᠭᠦᠯᠵᠦ᠂ ᠬᠤᠳᠠ ᠬᠥᠳᠡᠭᠡ ᠶᠢᠨ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠠᠬᠢᠭᠤᠯᠵᠤ᠂ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠲᠥᠬᠦᠭᠡᠷᠦᠮᠵᠢ ᠶᠢ ᠲᠡᠭᠦᠯᠳᠡᠷᠵᠢᠭᠦᠯᠤᠨ᠂ ᠪᠣᠯᠪᠠᠰᠤᠨ ᠡᠷᠡᠭᠦᠯ ᠰᠠᠷᠠᠭᠤᠯ᠂ ᠪᠣᠬᠢᠷᠲᠤᠯ ᠦᠭᠡᠢ ᠣᠷᠴᠢᠨ ᠲᠣᠭᠤᠷᠢᠨ ᠢ ᠬᠠᠮᠠᠭᠠᠯᠠᠬᠤ ᠠᠮᠢᠳᠤᠷᠠᠯ ᠤᠨ ᠠᠷᠭ᠎ᠠ ᠬᠡᠯᠪᠡᠷᠢ ᠶᠢ ᠰᠠᠨᠠᠭᠠᠴᠢᠯᠠᠬᠤ ᠬᠡᠷᠡᠭᠲᠡᠢ ᠬᠡᠵᠤ ᠴᠢᠬᠤᠯᠠᠴᠢᠯᠠᠪᠠ᠃      ᠰᠢ ᠶᠢᠨ ᠫᠢᠩ᠂ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠨᠢ ᠬᠤᠳᠠ ᠬᠥᠳᠡᠭᠡ ᠶᠢᠨ ᠵᠣᠬᠢᠴᠠᠩᠭᠤᠢ ᠬᠥᠭᠵᠢᠯᠲᠡ ᠲᠠᠢ ᠨᠢᠭᠲᠠ ᠬᠤᠯᠪᠣᠭ᠎ᠠ ᠲᠠᠢ ᠪᠠᠶᠢᠳᠠᠭ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠭᠦᠨᠵᠡᠭᠡᠢ ᠬᠡᠷᠡᠭᠵᠢᠭᠦᠯᠬᠦ ᠪᠠᠷ ᠭᠠᠷᠳᠠᠴᠠ ᠪᠣᠯᠭᠠᠨ᠂ ︽ᠮᠢᠩᠭᠠᠨ ᠲᠣᠰᠬᠤᠨ ᠢᠶᠠᠷ ᠵᠢᠱᠢᠶ᠎ᠡ ᠦᠵᠡᠭᠦᠯᠬᠦ ᠲᠦᠮᠡᠨ ᠲᠣᠰᠬᠤᠨ ᠢ ᠴᠡᠭᠴᠡᠯᠡᠨ ᠵᠠᠰᠠᠬᠤ︾ ᠢᠨᠵᠧᠨᠧᠷᠢᠩ ᠪᠣᠯᠤᠨ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ᠂ ᠦᠵᠡᠰᠬᠦᠯᠡᠩᠲᠦ ᠰᠠᠶᠢᠬᠠᠨ ᠬᠤᠳᠠ ᠪᠠᠯᠭᠠᠰᠤᠨ ᠤ ᠪᠦᠳᠦᠭᠡᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠦᠢᠯᠡᠳᠪᠦᠷᠢ ᠬᠤᠳᠠᠯᠳᠤᠭᠠᠨ ᠤ ᠬᠦᠷᠦᠩᠭᠡ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠪᠣᠯᠤᠨ ᠴᠢᠳᠠᠪᠤᠷᠢᠲᠠᠨ ᠤ ︽ᠬᠥᠳᠡᠭᠡ ᠲᠤᠰᠬᠤᠨ ᠳᠤ ᠪᠠᠭᠤᠬᠤ︾ ᠶᠢ ᠠᠬᠢᠭᠤᠯᠵᠤ᠂ ᠬᠤᠳᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠪᠠᠶᠢᠭᠤᠯᠤᠮᠵᠢ ᠲᠣᠭᠲᠠᠴᠠ ᠪᠣᠯᠤᠨ ᠲᠦᠷᠦ ᠶᠢᠨ ᠪᠤᠳᠤᠯᠭ᠎ᠠ ᠶᠢᠨ ᠰᠢᠰᠲ᠋ᠧᠮ ᠢ ᠪᠠᠶᠢᠭᠤᠯᠤᠨ ᠪᠦᠷᠢᠨᠰᠢᠬᠦᠯᠵᠦ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠣᠳᠣᠬᠢᠴᠢᠯᠠᠯᠲᠠ ᠶᠢ ᠲᠦᠷᠭᠡᠳᠬᠡᠨ ᠠᠬᠢᠭᠤᠯᠬᠤ ᠬᠡᠷᠡᠭᠲᠡᠢ᠃ ᠮᠠᠯ ᠠᠵᠤ ᠠᠬᠤᠶ ᠲᠠᠷᠢᠶᠠᠯᠠᠩ ᠤᠨ ᠦᠢᠯᠡᠳᠪᠦᠷᠢᠯᠡᠯ ᠢ ᠴᠢᠩᠭ᠎ᠠ ᠠᠳᠬᠤᠨ ᠪᠣᠳᠠᠲᠠᠶ ᠠᠳᠬᠤᠵᠤ᠂ ᠬᠤᠳᠠ ᠶᠢᠨ ᠠᠷᠠᠳ ᠤᠨ ︽ᠠᠮᠤ ᠬᠦᠨᠡᠰᠦ︾᠂ ︽ᠬᠤᠯᠢᠰᠢᠨ ᠢᠳᠡᠭᠡᠨ︾ ᠤ ᠲᠠᠯ᠎ᠠ ᠪᠠᠷ ᠪᠠᠷᠠᠭ᠎ᠠ ᠭᠦᠶ᠋ᠴᠡᠳ ᠦᠨ᠎ᠠ ᠬᠠᠩᠰᠢ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠵᠤ᠂ ᠲᠠᠷᠢᠶᠠᠴᠢᠳ ᠤᠨ ᠪᠠᠶᠠᠵᠢᠨ ᠴᠢᠨᠡᠭᠡᠯᠢᠭᠵᠢᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠰᠢᠨ᠎ᠡ ᠬᠡᠯᠪᠡᠷᠢ ᠶᠢᠨ ᠬᠤᠳᠠ ᠪᠠᠯᠭᠠᠰᠤᠵᠢᠯᠳᠠ ᠶᠢ ᠯᠠᠪᠳᠠᠭᠤᠨ ᠪᠠᠲᠤᠲᠠᠢ ᠠᠬᠢᠭᠤᠯᠵᠤ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠰᠠᠶᠢᠲᠤᠷ ᠪᠦᠳᠦᠬᠡᠨ ᠪᠠᠶᠢᠭᠤᠯᠬᠤ ᠶᠢ ᠳᠠᠶᠢᠴᠢᠯᠠᠬᠤ ᠬᠡᠷᠡᠭᠲᠡᠢ᠃ ᠵᠡᠭᠦᠨ ᠪᠠᠷᠠᠭᠤᠨ ᠣᠷᠣᠨ ᠤ ᠶᠠᠳᠠᠭᠤ ᠶᠢ ᠲᠡᠳᠬᠦᠬᠦ ᠬᠠᠮᠵᠢᠯᠴᠠᠭ᠎ᠠ ᠪᠠ ᠠᠵᠢᠯ ᠲᠦᠷᠦᠯ ᠢᠶᠠᠷ ᠳᠡᠮᠵᠢᠬᠦ᠂ ᠠᠵᠢᠯ ᠲᠦᠷᠦᠯ ᠢᠶᠠᠷ ᠬᠠᠮᠲᠤᠷᠠᠨ ᠠᠵᠢᠯᠯᠠᠬᠤ ᠠᠵᠢᠯ ᠢ ᠬᠢᠨᠠᠮᠠᠭᠠᠶ ᠰᠠᠶᠢᠲᠤᠷ ᠬᠢᠵᠦ᠂ ᠠᠵᠢᠯ ᠲᠦᠷᠦᠯ ᠢᠶᠠᠷ ᠲᠡᠮᠵᠢᠬᠦ ᠭᠠᠵᠠᠷ ᠣᠷᠣᠨ ᠤ ᠲᠠᠪᠠᠯᠳᠠᠳᠤ ᠬᠥᠭᠵᠢᠯᠲᠡ ᠳᠤ ᠬᠦᠴᠦᠨ ᠨᠡᠮᠡᠷᠢᠯᠡᠬᠦ ᠬᠡᠷᠡᠭᠲᠡᠶ᠃ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ︾ ᠭᠡᠬᠦ ᠬᠥᠭᠵᠢᠯᠲᠡ ᠶᠢᠨ ᠤᠢᠢᠯᠠᠭᠠᠭᠳᠠᠬᠤᠨ ᠢ ᠦᠢᠯᠡᠳᠦᠯᠭᠡᠵᠢᠭᠦᠯᠵᠦ᠂ ᠵᠧᠵᠢᠶᠠᠩ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠰᠢᠨ᠎ᠡ ᠳᠡᠭᠲᠡᠷ ᠲᠤ ᠭᠠᠷᠭᠠᠬᠤ ᠶᠢ ᠠᠬᠢᠭᠤᠯᠵᠤ᠂ ᠬᠥᠬᠡᠮᠳᠦᠭ ᠨᠣᠭᠤᠭᠠᠨ ᠠᠭᠤᠯᠠ ᠤᠰᠤ ᠶᠢ ᠨᠡᠩ ᠦᠵᠡᠰᠬᠦᠯᠡᠩᠲᠦ ᠰᠠᠶᠢᠬᠠᠨ ᠪᠣᠯᠭᠠᠨ ᠪᠦᠳᠦᠭᠡᠨ ᠪᠠᠶᠢᠭᠤᠯᠵᠤ᠂ ᠠᠯᠳᠠ ᠮᠥᠩᠭᠦᠨ ᠠᠭᠤᠯᠠ ᠶᠢ ᠰᠦᠨᠳᠡᠷᠯᠡᠬᠦᠯᠤᠨ᠂ ᠨᠤᠮᠢᠨ ᠨᠣᠭᠤᠭᠠᠨ ᠦᠩᠭᠡ ᠶᠢ ᠵᠧᠵᠢᠶᠠᠩ ᠤᠨ ᠬᠥᠭᠵᠢᠯᠲᠡ ᠶᠢᠨ ᠬᠠᠮᠤᠭ ᠤᠨ ᠰᠡᠳᠬᠢᠯ ᠬᠥᠳᠡᠯᠭᠡᠮ᠎ᠡ ᠦᠡᠭᠭᠡ ᠪᠤᠳᠤᠭ ᠪᠣᠯᠭᠠᠬᠤ ᠬᠡᠷᠡᠭᠲᠡᠢ ᠬᠡᠵᠤ ᠵᠢᠭᠠᠵᠤ ᠭᠠᠷᠭᠠᠪᠠ᠃      ᠰᠢ ᠶᠢᠨ ᠫᠢᠩ᠂ ᠡᠨᠡ ᠤᠳᠠᠭ᠎ᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠡᠮᠡᠴᠡᠯ ᠪᠣᠯ ᠡᠯ᠎ᠡ ᠭᠠᠵᠠᠷ ᠡᠯ᠎ᠡ ᠨᠢᠭᠡᠴᠢ ᠶᠢᠨ ᠨᠠᠮ ᠢ ᠬᠠᠮᠢᠶᠠᠷᠴᠤ ᠨᠠᠮ ᠢ ᠵᠠᠰᠠᠬᠤ ᠲᠦᠪᠰᠢᠨ᠂ ᠤᠳᠤᠷᠢᠳᠬᠤ ᠪᠠᠭ ᠪᠣᠯᠤᠨ ᠨᠠᠮ ᠤᠨ ᠭᠡᠰᠢᠭᠦᠨ ᠺᠠᠳ᠋ᠷ ᠤᠨ ᠡᠩᠨᠡᠭᠡ ᠶᠢᠨ ᠪᠠᠶᠢᠭᠤᠯᠤᠯᠲᠠ ᠶᠢᠨ ᠲᠦᠪᠰᠢᠨ ᠳᠠᠬᠢ ᠦᠨᠡᠨ ᠪᠣᠳᠠᠲᠠᠢ ᠰᠢᠯᠭᠠᠯᠲᠠ ᠪᠣᠯᠤᠨ᠎ᠠ᠃ ᠡᠯ᠎ᠡ ᠱᠠᠲᠤᠨ ᠤ ᠨᠠᠮ ᠤᠨ ᠬᠤᠷᠢᠶ᠎ᠡ ︵ᠨᠠᠮ ᠤᠨ ᠤᠳᠤᠷᠢᠳᠬᠤ ᠳᠤᠭᠤᠶᠢᠯᠠᠩ︶ ᠨᠠᠮ ᠤᠨ ᠪᠠᠶᠢᠭᠤᠯᠤᠯᠲᠠ ᠶᠢᠨ ᠠᠵᠢᠯ ᠢ ᠴᠢᠩᠭ᠎ᠠ ᠠᠳᠬᠤᠵᠤ᠂ ᠨᠠᠮ ᠤᠨ ᠭᠡᠰᠢᠭᠦᠨ᠂ ᠺᠠᠳ᠋ᠷᠴᠤᠳ ᠤᠨ ᠪᠠᠶᠢᠩᠭᠤ ᠶᠢᠨ ᠴᠢᠨᠠᠷᠲᠠᠢ ᠬᠥᠮᠦᠵᠢᠯ ᠬᠠᠮᠢᠶᠠᠷᠤᠯᠲᠠ ᠶᠢ ᠪᠣᠳᠠᠲᠠᠢ ᠠᠳᠬᠤᠨ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠡᠨᠡ ᠬᠦ ᠰᠠᠭᠤᠷᠢ ᠶᠢ ᠪᠠᠬᠢᠵᠢᠭᠦᠯᠵᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠱᠠᠭᠠᠷᠳᠠᠯᠭ᠎ᠠ ᠶᠢ ᠪᠣᠳᠠᠲᠠᠢ ᠨᠠᠶᠢᠳᠠᠪᠤᠷᠢᠵᠢᠭᠤᠯᠬᠤ ᠬᠡᠷᠡᠭᠲᠡᠢ᠃ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ᠂ ᠢᠯᠠᠩᠭᠤᠶ᠎ᠠ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠢ ᠤᠯᠠᠨ ᠲᠦᠮᠡᠨ ᠲᠠᠢ ᠬᠠᠷᠢᠯᠴᠠᠵᠤ ᠤᠯᠠᠨ ᠲᠦᠮᠡᠨ ᠳᠤ ᠦᠢᠯᠡᠴᠢᠯᠡᠬᠦ ᠲᠠᠯ᠎ᠠ ᠪᠠᠷ ᠢᠯᠡᠭᠦᠬᠡᠨ ᠰᠡᠳᠬᠢᠯ ᠲᠠᠯᠪᠢᠵᠤ᠂ ᠤᠯᠠᠨ ᠲᠦᠮᠡᠨ ᠢ ᠤᠬᠠᠭᠤᠯᠤᠨ ᠬᠥᠮᠦᠵᠢᠭᠦᠯᠬᠦ ᠲᠠᠯ᠎ᠠ ᠪᠠᠷ ᠢᠯᠡᠭᠦᠬᠡᠨ ᠰᠡᠳᠬᠢᠯ ᠲᠠᠯᠪᠢᠵᠤ᠂ ᠤᠯᠠᠨ ᠲᠦᠮᠡᠨ ᠢ ᠵᠣᠬᠢᠶᠠᠨ ᠪᠠᠶᠢᠭᠤᠯᠵᠤ ᠨᠢᠭᠲᠠᠷᠠᠭᠤᠯᠬᠤ ᠲᠠᠯ᠎ᠠ ᠪᠠᠷ ᠢᠯᠡᠭᠦᠬᠡᠨ ᠬᠦᠴᠦ ᠲᠠᠯᠪᠢᠬᠤ ᠬᠡᠷᠡᠭᠲᠡᠢ᠃ ᠬᠡᠯᠪᠡᠷᠢᠴᠢ ᠦᠵᠡᠯ ᠨᠣᠶᠠᠨᠴᠢ ᠰᠤᠷᠲᠠᠯ ᠤᠨ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ ᠪᠦᠬᠦ ᠲᠠᠯ᠎ᠠ ᠪᠠᠷ ᠪᠠᠶᠢᠴᠠᠭᠠᠨ ᠰᠢᠨᠵᠢᠵᠤ ᠬᠠᠷᠠᠯᠲᠠ ᠲᠠᠢ ᠪᠠᠷ ᠵᠠᠰᠠᠬᠤ ᠶᠢ ᠥᠷᠨᠢᠭᠦᠯᠵᠦ᠂ ᠦᠨᠳᠦᠰᠦᠨ ᠱᠠᠲᠤᠨ ᠤ ᠳᠠᠷᠤᠭᠠᠰᠤ ᠶᠢ ᠦᠨᠡᠨ ᠬᠦ ᠬᠥᠩᠭᠡᠷᠡᠭᠦᠯᠤᠨ᠂ ᠺᠠᠳ᠋ᠷᠴᠤᠳ ᠢ ᠨᠡᠩ ᠤᠯᠠᠨ ᠴᠠᠭ ᠪᠠ ᠤᠶᠤᠨ ᠴᠢᠳᠠᠯ ᠢᠶᠠᠨ ᠨᠠᠶᠢᠳᠠᠪᠤᠷᠢᠵᠢᠭᠤᠯᠤᠯᠲᠠ ᠶᠢ ᠠᠳᠬᠤᠬᠤ ᠳᠡᠭᠡᠷ᠎ᠠ ᠲᠠᠯᠪᠢᠭᠤᠯᠬᠤ ᠬᠡᠷᠡᠭᠲᠡᠢ ᠬᠡᠵᠤ ᠴᠢᠬᠤᠯᠠᠴᠢᠯᠠᠪᠠ᠃      ᠳ᠋ᠢᠩ ᠰᠢᠤᠸᠠᠢ ᠰᠢᠶᠠᠩ᠂ ᠯᠢᠦ ᠾᠧ᠂ ᠾᠧ ᠯᠢ ᠹᠧᠩ ᠪᠣᠯᠤᠨ ᠲᠥᠪ ᠤᠨ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠪᠠᠷ᠎ᠠ ᠪᠣᠯᠵᠣ ᠰᠢᠨᠵᠢᠯᠡᠨ ᠪᠠᠶᠢᠴᠠᠭᠠᠵᠠᠢ᠃
 
ᠢᠷᠡᠯᠲᠡ᠄ ᠲᠤᠮᠳᠠᠲᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠬᠡᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号