ᠰᠢ ᠶᠢᠨ ᠫᠢᠩ ᠤᠷᠤᠰ ᠤᠨ ᠶᠡᠷᠤᠩᠬᠡᠶᠢᠯᠡᠭᠴᠢ ᠫᠦᠲ᠋ᠢᠨ ᠲᠠᠢ ᠤᠳᠠᠰᠤ ᠪᠠᠷ ᠶᠠᠷᠢᠯᠴᠠᠪᠠ
ᠨᠡᠶᠢᠲᠡᠯᠡᠭᠰᠡᠨ ᠴᠠᠭ᠄
2020-04-20
   ᠰᠢᠨᠬᠤᠸᠠ ᠬᠤᠷᠢᠶᠡᠨ ᠤ ᠪᠡᠭᠡᠵᠢᠩ ᠤᠨ 4 ᠰᠠᠷ᠎ᠠ ᠶᠢᠨ 16 ᠤ ᠴᠠᠬᠢᠯᠭᠠᠨ ᠮᠡᠳᠡᠭᠡ ᠤᠯᠤᠰ ᠤᠨ ᠲᠡᠷᠢᠬᠦᠯᠡᠭᠴᠢ ᠰᠢ ᠶᠢᠨ ᠫᠢᠩ 16 ᠤ ᠤᠷᠤᠢ ᠤᠷᠤᠰ ᠤᠨ ᠶᠡᠷᠦᠩᠬᠡᠶᠢᠯᠡᠭᠴᠢ ᠫᠦᠲ᠋ᠢᠨ ᠲᠠᠢ ᠤᠳᠠᠰᠤ ᠪᠠᠷ ᠶᠠᠷᠢᠯᠴᠠᠪᠠ᠃    ᠰᠢ ᠶᠢᠨ ᠫᠢᠩ᠂ ᠤᠳᠤᠬᠠᠨ ᠳᠤ᠂ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠪᠦᠬᠦ ᠪᠦᠮᠪᠦᠷᠴᠡᠭ ᠲᠤ ᠲᠠᠷᠬᠠᠨ ᠲᠡᠯᠬᠡᠷᠡᠵᠥ᠂ ᠡᠯ᠎ᠡ ᠤᠯᠤᠰ ᠲᠤ ᠪᠦᠷ ᠬᠢᠵᠢᠭ ᠲᠠᠢ ᠲᠡᠮᠡᠴᠡᠬᠦ ᠬᠠᠳᠠᠭᠤᠵᠢᠯᠳᠠᠢ ᠡᠬᠦᠷᠬᠡ ᠲᠤᠯᠭᠠᠷᠠᠵᠥ ᠪᠠᠶᠢᠨ᠎ᠠ᠃ ᠪᠢᠳᠡ ᠨᠢᠬᠡ ᠰᠠᠷ᠎ᠠ ᠶᠢᠨ ᠲᠤᠳᠤᠷ᠎ᠠ ᠬᠤᠶᠠᠷ ᠤᠳᠠᠭ᠎ᠠ ᠤᠳᠠᠰᠤ ᠪᠠᠷ ᠶᠠᠷᠢᠯᠴᠠᠵᠥ᠂ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠬᠠᠮᠳᠤᠷᠠᠯᠴᠠᠭ᠎ᠠ ᠶᠢ ᠨᠡᠩ ᠰᠠᠶᠢᠳᠤᠷ ᠦᠷᠨᠢᠬᠦᠯᠬᠦ ᠲᠤᠬᠠᠢ ᠰᠤᠯᠢᠯᠴᠠᠭ᠎ᠠ ᠵᠤᠬᠢᠴᠠᠭᠤᠯᠭ᠎ᠠ ᠬᠢᠵᠥ᠂ ᠲᠤᠮᠳᠠᠳᠤ ᠤᠷᠤᠰ ᠤᠨ ᠬᠠᠷᠢᠯᠴᠠᠭ᠎ᠠ ᠦᠨᠳᠤᠷ ᠲᠦᠪᠰᠢᠨ ᠲᠠᠢ ᠪᠠᠶᠢᠬᠤ ᠶᠢ ᠲᠠᠬᠢᠨᠳᠡ ᠢᠯᠡᠷᠡᠬᠦᠯᠪᠡ᠃ ᠲᠠ ᠪᠡᠶ᠎ᠡ ᠪᠠᠷ ᠢᠶᠠᠨ ᠬᠢᠵᠢᠭ ᠲᠠᠢ ᠲᠡᠮᠡᠴᠡᠬᠦ ᠠᠵᠢᠯ ᠢ ᠪᠠᠶᠢᠷᠢᠯᠠᠭᠤᠯᠤᠨ ᠵᠢᠯᠤᠭᠤᠳᠴᠦ᠂ ᠠᠯᠢ ᠤᠯᠠᠨ ᠰᠡᠷᠬᠡᠶᠢᠯᠡᠨ ᠡᠵᠡᠮᠳᠡᠬᠦ ᠬᠦᠴᠦᠳᠠᠢ ᠠᠷᠭ᠎ᠠ ᠬᠡᠮᠵᠢᠶ᠎ᠡ ᠶᠢ ᠲᠤᠭᠳᠠᠭᠠᠭᠰᠠᠠ ᠪᠠᠶᠢᠨ᠎ᠠ᠃ ᠲᠠᠨ ᠤ ᠪᠠᠳᠤ ᠴᠢᠩᠭ᠎ᠠ ᠤᠳᠤᠷᠢᠳᠤᠯᠭ᠎ᠠ ᠲᠤᠤᠷ᠎ᠡ᠂ ᠤᠷᠤᠰ ᠤᠨ ᠬᠢᠨ ᠬᠢᠵᠢᠭ ᠲᠠᠷᠬᠠᠨ ᠲᠡᠯᠬᠡᠷᠡᠬᠦ ᠶᠢ ᠡᠷᠳᠡᠬᠡᠨ ᠬᠤᠷᠢᠬᠯᠠᠵᠥ᠂ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠤᠯᠤᠨ ᠪᠡᠶ᠎ᠡ ᠮᠠᠬᠠᠪᠤᠳ ᠤᠨ ᠡᠷᠡᠬᠦᠯ ᠮᠡᠨᠳᠦ ᠶᠢ ᠪᠠᠳᠤᠯᠠᠵᠥ᠂ ᠠᠵᠥ ᠠᠬᠤᠢ ᠨᠡᠶᠢᠬᠡᠮ ᠤᠨ ᠬᠦᠭᠵᠢᠯᠳᠡ ᠪᠠᠨ ᠰᠡᠷᠬᠦᠬᠡᠵᠥ ᠴᠢᠳᠠᠨ᠎ᠠ ᠬᠡᠳᠡᠭ ᠢ ᠪᠢᠳᠡ ᠢᠳᠡᠬᠡᠵᠥ ᠪᠠᠶᠢᠨ᠎ᠠ ᠬᠡᠵᠥ ᠵᠢᠭᠠᠵᠥ ᠭᠠᠷᠭᠠᠪᠠ᠃    ᠰᠢ ᠶᠢᠨ ᠫᠢᠩ᠂ ᠲᠤᠮᠳᠠᠳᠤ ᠤᠷᠤᠰ ᠠᠭᠤᠯᠠ ᠤᠰᠤ ᠪᠠᠷ ᠢᠶᠠᠨ ᠵᠠᠯᠭᠠᠯᠳᠤᠵᠥ᠂ ᠬᠤᠶᠠᠷ ᠤᠯᠤᠰ ᠤᠨ ᠠᠷᠠᠳ ᠲᠦᠮᠡᠨ ᠰᠡᠳᠬᠢᠯ ᠰᠠᠨᠠᠭ᠎ᠠ ᠪᠠᠨ ᠤᠯᠤᠯᠴᠠᠵᠦ ᠪᠠᠶᠢᠭ᠎ᠠ ᠶᠤᠮ᠃ ᠤᠷᠤᠰ ᠤᠨ ᠬᠢᠨ ᠤ ᠲᠤᠮᠳᠠᠳᠤ ᠤᠯᠤᠰ ᠬᠢᠵᠢᠭ ᠲᠠᠢ ᠲᠡᠮᠡᠴᠡᠬᠡᠳ ᠬᠠᠮᠤᠭ ᠤᠨ ᠬᠦᠴᠢᠷ ᠲᠠᠢ ᠪᠠᠶᠢᠬᠰᠠᠠ ᠦᠶ᠎ᠡ ᠳᠤ ᠬᠠᠷᠠᠮ ᠦᠬᠡᠢ ᠲᠡᠮᠵᠢᠯᠬᠡ ᠦᠵᠡᠬᠦᠯᠥᠭᠰᠡᠡ ᠢ ᠪᠢᠳᠡ ᠬᠡᠵᠢᠶᠡᠳᠡ ᠮᠠᠷᠳᠠᠬᠤ ᠦᠬᠡᠢ ᠶᠤᠮ᠃ ᠡᠨᠡ ᠬᠡᠳᠦᠨ ᠡᠳᠦᠷ᠂ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠲᠤᠮᠢᠯᠠᠭᠰᠠᠨ ᠡᠮᠴᠢᠯᠡᠭᠡᠨ ᠤ ᠲᠤᠰᠬᠠᠢ ᠮᠡᠷᠭᠡᠵᠢᠯᠳᠡᠨ ᠤ ᠲᠤᠭᠤᠢᠢᠯᠠᠩ ᠮᠤᠰᠺᠸᠠ ᠬᠤᠳᠠ ᠳᠤ ᠠᠵᠢᠯ ᠢᠶᠠᠨ ᠢᠳᠡᠪᠬᠢᠳᠡᠢ ᠦᠷᠨᠢᠭᠦᠯᠵᠤ᠂ ᠤᠷᠤᠰ ᠤᠨ ᠬᠢᠨ ᠲᠠᠢ ᠬᠢᠵᠢᠭ ᠲᠠᠢ ᠲᠡᠮᠡᠴᠡᠭᠰᠡᠨ ᠲᠤᠷᠰᠢᠯᠭ᠎ᠠ ᠪᠠᠨ ᠬᠤᠪᠢᠶᠠᠯᠴᠠᠵᠤ ᠪᠠᠶᠢᠨ᠎ᠠ᠃ ᠳᠤᠮᠳᠠᠳᠤ ᠤᠯᠤᠰ ᠤᠷᠤᠰ ᠲᠤ ᠨᠢᠭᠡ ᠪᠦᠯᠦᠭ ᠲᠤᠰᠠᠯᠠᠮᠵᠢ ᠦᠭᠭᠦᠭᠰᠡᠨ ᠪᠦᠭᠡᠳ ᠤᠷᠤᠰ ᠤᠨ ᠬᠢᠨ ᠳᠤᠮᠳᠠᠳᠤ ᠤᠯᠤᠰ ᠠᠴᠠ ᠬᠢᠵᠢᠭ ᠲᠠᠢ ᠲᠡᠮᠡᠴᠡᠬᠦ ᠡᠮᠴᠢᠯᠡᠭᠡᠨ ᠤ ᠡᠳ᠋ ᠪᠤᠳᠠᠰ ᠬᠤᠳᠠᠯᠳᠤᠨ ᠠᠪᠬᠤ ᠶᠢ ᠢᠳᠡᠪᠬᠢᠳᠠᠢ ᠪᠠᠷ ᠳᠡᠮᠵᠢᠵᠤ ᠪᠠᠶᠢᠨ᠎ᠠ᠃ ᠳᠤᠮᠳᠠᠳᠤ ᠤᠯᠤᠰ ᠦᠷᠭᠦᠯᠵᠢᠯᠡᠨ ᠤᠷᠤᠰ ᠤᠨ ᠬᠢᠨ ᠳᠤ ᠬᠦᠴᠦᠳᠦ ᠳᠡᠮᠵᠢᠯᠭᠡ ᠬᠠᠩᠭᠠᠨ᠎ᠠ᠃ ᠤᠷᠤᠰ ᠤᠨ ᠬᠢᠨ ᠤ ᠤᠷᠤᠰ ᠲᠤ ᠰᠠᠭᠤᠭ᠎ᠠ ᠳᠤᠮᠳᠠᠳᠤ ᠤᠯᠤᠰ ᠤᠨ ᠢᠷᠭᠡᠳ ᠤᠨ ᠲᠦᠯᠦᠭᠡ ᠬᠢᠭᠰᠡᠨ ᠢᠳᠡᠪᠬᠢᠳᠠᠢ ᠠᠵᠢᠯ ᠳᠤ ᠲᠠᠯᠠᠷᠬᠠᠵᠤ ᠪᠠᠶᠢᠨ᠎ᠠ᠃ ᠤᠷᠤᠰ ᠤᠨ ᠬᠢᠨ ᠦᠷᠭᠦᠯᠵᠢᠯᠡᠨ ᠳᠤᠮᠳᠠᠳᠤ ᠤᠯᠤᠰ ᠤᠨ ᠢᠷᠭᠡᠨ ᠤ ᠤᠷᠤᠰ ᠲᠠᠬᠢ ᠬᠡᠪ ᠤᠨ ᠠᠵᠢᠯ᠂ ᠠᠮᠢᠳᠤᠷᠠᠯ ᠳᠤ ᠪᠠᠳᠤᠯᠠᠭ᠎ᠠ ᠬᠠᠩᠭᠠᠨ᠎ᠠ ᠭᠡᠳᠡᠭ ᠲᠤ ᠢᠳᠡᠭᠡᠵᠤ ᠪᠠᠶᠢᠨ᠎ᠠ ᠭᠡᠵᠤ ᠴᠢᠬᠤᠯᠠᠴᠢᠯᠠᠵᠠᠢ᠃ ᠰᠢ ᠶᠢᠨ ᠫᠢᠩ᠂ ᠬᠢᠵᠢᠭ ᠤᠨ ᠪᠠᠶᠢᠳᠠᠯ ᠢ ᠤᠯᠤᠰ ᠲᠦᠷᠦᠴᠢᠯᠡᠬᠦ᠂ ᠲᠡᠮᠳᠡᠭ ᠬᠠᠳᠠᠬᠤ ᠨᠢ ᠤᠯᠠᠨ ᠤᠯᠤᠰ ᠤᠨ ᠬᠠᠮᠳᠤᠷᠠᠯᠴᠠᠭ᠎ᠠ ᠳᠤ ᠠᠰᠢᠭ ᠦᠭᠡᠢ ᠶᠤᠮ᠂ ᠳᠤᠮᠳᠠᠳᠤ ᠤᠷᠤᠰ ᠭᠠᠷ ᠬᠤᠯᠪᠤᠨ ᠬᠠᠮᠳᠤᠷᠠᠯᠴᠠᠵᠤ᠂ ᠪᠦᠬᠦ ᠳᠡᠯᠡᠭᠡᠢ ᠶᠢᠨ ᠤᠯᠠᠨ ᠨᠡᠶᠢᠳᠡ ᠶᠢᠨ ᠡᠷᠡᠭᠦᠯ ᠬᠠᠮᠠᠭᠠᠯᠠᠯ ᠤᠨ ᠠᠮᠤᠷ ᠲᠦᠪᠰᠢᠨ ᠢ ᠬᠠᠮᠠᠭᠠᠯᠠᠪᠠᠯ ᠵᠤᠬᠢᠨ᠎ᠠ ᠭᠡᠵᠤ ᠴᠢᠬᠤᠯᠠᠴᠢᠯᠠᠪᠠ᠃    ᠰᠢ ᠶᠢᠨ ᠫᠢᠩ᠂ ᠡᠨᠡ ᠵᠢᠯ ᠤᠨ ᠲᠦᠷᠦᠭᠦᠦ ᠤᠯᠠᠷᠢᠯ ᠳᠤ᠂ ᠳᠤᠮᠳᠠᠳᠤ ᠤᠷᠤᠰ ᠬᠤᠶᠠᠷ ᠲᠠᠯ᠎ᠠ ᠶᠢᠨ ᠠᠷᠠᠯᠵᠢᠶᠠᠨ ᠤ ᠬᠡᠮᠵᠢᠶ᠎ᠠ ᠠᠳᠠᠯᠢ ᠬᠤᠭᠤᠴᠠᠭᠠᠨ ᠤ ᠬᠢ ᠠᠴᠠ 3.4% ᠪᠠᠷ ᠨᠡᠮᠡᠭᠳᠡᠪᠡ᠂ ᠡᠨᠡ ᠨᠢ ᠳᠡᠯᠡᠭᠡᠢ ᠶᠢᠨ ᠠᠵᠤ ᠠᠬᠤᠢ ᠶᠡᠷᠦᠩᠬᠡᠢ ᠳᠡᠭᠡᠨ ᠤᠷᠤᠭᠤᠳᠠᠵᠤ ᠪᠠᠶᠢᠭ᠎ᠠ ᠪᠠᠶᠢᠳᠠᠯ ᠳᠤᠤᠷ᠎ᠠ ᠲᠦᠢᠯ ᠤᠨ ᠬᠢᠯᠪᠠᠷ ᠪᠤᠰᠤ ᠶᠢᠨ ᠠᠮᠵᠢᠯᠳᠠ ᠪᠤᠯᠬᠤ ᠶᠤᠮ᠃ ᠲᠤᠮᠲᠠᠲᠤ ᠤᠷᠤᠰ ᠬᠤᠶᠠᠷ ᠲᠠᠯ᠎ᠠ ᠪᠠᠷ ᠢᠶᠠᠨ ᠬᠢᠵᠢᠭ ᠤᠨ ᠪᠠᠶᠢᠲᠠᠯ ᠢ ᠪᠠᠶᠢᠩᠭᠤ ᠰᠡᠷᠭᠡᠶᠢᠯᠡᠡ ᠡᠵᠡᠮᠲᠡᠬᠦ ᠲᠤᠮᠲᠠ ᠠᠮᠢᠲᠤᠯᠢᠭ ᠤᠯᠠᠠ ᠶᠠᠩᠵᠤᠲᠦ ᠰᠢᠨ᠎ᠠ ᠬᠠᠮᠲᠤᠷᠠᠯᠴᠠᠭᠠᠠ ᠤ ᠠᠷᠭ᠎ᠠ ᠬᠡᠯᠪᠡᠷᠢ ᠶᠢ ᠠᠪᠴᠦ᠂ ᠬᠤᠶᠠᠷ ᠲᠠᠯ᠎ᠠ ᠶᠢᠨ ᠬᠠᠮᠲᠤᠷᠠᠯᠴᠠᠭ᠎ᠠ ᠲᠠᠰᠤᠷᠠᠯᠲᠠ ᠦᠭᠡᠢ ᠬᠦᠭᠵᠢᠬᠦ ᠠᠰᠠᠭᠤᠳᠠᠯ ᠢ ᠰᠤᠲᠤᠯᠤᠨ ᠶᠠᠷᠢᠯᠴᠠᠪᠠᠯ ᠵᠤᠬᠢᠨ᠎ᠠ᠃ ᠬᠢᠵᠢᠭ ᠤᠨ ᠪᠠᠶᠢᠲᠠᠯ ᠤᠨ ᠰᠢᠯᠭᠠᠯᠲᠠ ᠪᠠᠷ ᠲᠠᠮᠵᠢᠵᠦ᠂ ᠲᠤᠮᠲᠠᠲᠤ ᠤᠷᠤᠰ ᠤᠨ ᠪᠠᠶᠢᠯᠲᠤᠬᠤ ᠪᠤᠲᠤᠯᠭ᠎ᠠ ᠶᠢᠨ ᠬᠠᠮᠵᠢᠯᠴᠠᠭ᠎ᠠ ᠨᠡᠩ ᠪᠠᠳᠦᠵᠢᠵᠦ᠂ ᠬᠤᠶᠠᠷ ᠤᠯᠤᠰ ᠤᠨ ᠠᠷᠠᠳ ᠲᠦᠮᠡᠡ ᠤ ᠨᠦᠬᠦᠷᠯᠡᠯ ᠦᠨᠢᠳᠡ ᠪᠠᠬᠢᠵᠢᠬᠦ ᠨᠢ ᠯᠠᠪᠳᠠᠢ ᠶᠤᠮ ᠭᠡᠵᠦ ᠴᠢᠬᠤᠯᠠᠴᠢᠯᠠᠪᠠ᠃    ᠫᠦᠲ᠋ᠢᠨ᠂ ᠲᠤᠮᠲᠠᠲᠤ ᠤᠯᠤᠰ ᠤᠨ ᠵᠠᠰᠠᠭ ᠤᠨ ᠤᠷᠲᠤᠨ ᠪᠤᠯᠤᠨ ᠲᠤᠮᠲᠠᠲᠤ ᠤᠯᠤᠰ ᠤᠨ ᠠᠷᠠᠳ ᠲᠦᠮᠡᠡ ᠪᠦᠯᠭᠦᠮᠲᠡᠡ ᠰᠡᠳᠭᠢᠯ ᠨᠢᠭᠡᠳᠴᠤ᠂ ᠰᠢᠨ᠎ᠠ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠲᠠᠯ ᠢ ᠰᠡᠷᠭᠡᠶᠢᠯᠡᠡ ᠡᠵᠡᠮᠲᠡᠬᠦ ᠲᠠᠯ ᠎ᠠ ᠪᠠᠷ ᠴᠢᠬᠤᠯᠠ ᠠᠮᠵᠢᠯᠲᠠ ᠤᠯᠤᠭᠰᠠᠠ ᠪᠦᠭᠡᠳ ᠲᠡᠯᠡᠭᠡᠢ ᠶᠢᠨ ᠮᠠᠰᠢ ᠤᠯᠠᠨ ᠤᠯᠤᠰ ᠤᠨ ᠬᠢᠵᠢᠭ ᠲᠠᠢ ᠲᠡᠮᠡᠴᠡᠬᠦ ᠳᠤ ᠲᠡᠮᠵᠢᠯᠭᠡ ᠪᠠ ᠬᠠᠪᠰᠤᠷᠤᠯᠭ᠎ᠠ ᠬᠠᠩᠭᠠᠵᠦ ᠪᠠᠶᠢᠨ᠎ᠠ᠃ ᠬᠢᠵᠢᠭ ᠤᠨ ᠪᠠᠶᠢᠲᠠᠯ ᠡᠭᠦᠰᠦᠭᠰᠡᠨ ᠠᠴᠠ ᠨᠠᠭᠠᠰᠢ᠂ ᠤᠷᠤᠰ ᠲᠤᠮᠲᠠᠲᠤ ᠬᠤᠶᠠᠷ ᠤᠯᠤᠰ ᠢᠮᠠᠭᠲᠠ ᠪᠦᠯᠬᠦᠮᠲᠡᠡ ᠬᠠᠮᠲᠤᠷᠠᠯᠴᠠᠵᠦ᠂ ᠬᠠᠷᠢᠯᠴᠠᠠ ᠲᠡᠮᠵᠢᠵᠦ᠂ ᠤᠷᠤᠰ ᠲᠤᠮᠲᠠᠲᠤ ᠶᠢᠨ ᠬᠠᠷᠢᠯᠴᠠᠭ᠎ᠠ ᠶᠢᠨ ᠪᠠᠶᠢᠯᠲᠤᠬᠤ ᠪᠤᠲᠤᠯᠭᠠᠲᠦ ᠴᠢᠨᠠᠷ ᠪᠤᠯᠤᠨ ᠦᠨᠲᠦᠷ ᠲᠦᠪᠰᠢᠨ ᠢ ᠢᠯᠡᠷᠡᠭᠦᠯᠵᠠᠢ᠃ ᠵᠠᠷᠢᠮ ᠬᠦᠮᠦᠠ ᠸᠢᠷᠦ᠋ᠰ ᠤᠨ ᠡᠬᠢ ᠡᠭᠦᠰᠦᠯ ᠤᠨ ᠠᠰᠠᠭᠤᠲᠠᠯ ᠳᠤ ᠲᠤᠮᠲᠠᠲᠤ ᠤᠯᠤᠰ ᠲᠤ ᠭᠡᠷᠡᠭ ᠨᠦᠮᠦᠷᠦᠭᠦᠯᠬᠦ ᠪᠠᠷ ᠭᠤᠷᠢᠳᠠᠵᠦ ᠪᠠᠶᠢᠭ᠎ᠠ ᠬᠢᠲᠡᠯ ᠢ ᠬᠦᠯᠢᠶᠠᠠ ᠠᠪᠴᠤ ᠪᠤᠯᠬᠤ ᠦᠭᠡᠢ ᠃ ᠤᠷᠤᠰ ᠤᠨ ᠬᠢᠨ ᠲᠤᠷᠠᠲᠠᠶ᠎ᠠ ᠦᠷᠬᠦᠯᠵᠢᠯᠡᠡ ᠲᠤᠮᠲᠠᠲᠤ ᠤᠯᠤᠰ ᠯᠤᠭ᠎ᠠ ᠬᠢᠵᠢᠭ ᠲᠠᠢ ᠲᠡᠮᠡᠴᠡᠬᠦ ᠵᠡᠷᠭᠡ ᠡᠯ᠎ᠠ ᠬᠦᠷᠢᠶᠡᠡ ᠳᠠᠬᠢ ᠰᠤᠯᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠠ᠂ ᠤᠯᠠᠠ ᠤᠯᠤᠰ ᠤᠨ ᠬᠤᠯᠪᠤᠭᠠᠲᠤ ᠪᠠᠶᠢᠭᠤᠯᠭ᠎ᠠ ᠵᠡᠷᠭᠡ ᠪᠤᠷᠤ ᠲᠦᠯᠦᠪ ᠤᠨ ᠲᠤᠲᠤᠷ᠎ᠠ ᠨᠢᠭᠲᠠ ᠤᠯᠤᠯᠴᠠᠠ ᠬᠠᠮᠵᠢᠯᠴᠠᠨ᠎ᠠ ᠭᠡᠵᠦ ᠢᠯᠡᠳᠭᠡᠪᠡ᠃
 
ᠢᠷᠡᠯᠲᠡ᠄ ᠲᠤᠮᠳᠠᠲᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠬᠡᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号