ᠰᠢ ᠶᠢᠨ ᠫᠢᠩ ᠪᠧᠯᠤᠷᠦ᠋ᠰᠢᠶ᠎ᠡ ᠳᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠡᠬᠦᠰᠦᠭᠰᠡᠡ ᠲᠤᠬᠠᠢ ᠪᠧᠯᠤᠷᠦ᠋ᠰᠢᠶ᠎ᠡ ᠶᠢᠨ ᠶᠡᠷᠤᠩᠬᠡᠶᠢᠯᠡᠭᠴᠢ ᠯᠦᠺᠠᠱᠧᠨᠺᠧ ᠳᠤ ᠲᠤᠬᠤᠨᠢᠭᠤᠯᠬᠤ ᠴᠠᠬᠢᠯᠭᠠᠨ ᠴᠢᠮᠡᠭᠡ ᠶᠠᠪᠤᠭᠤᠯᠵᠠᠢ
ᠨᠡᠶᠢᠲᠡᠯᠡᠭᠰᠡᠨ ᠴᠠᠭ᠄
2020-04-20
   ᠰᠢᠨᠬᠤᠸᠠ ᠬᠤᠷᠢᠶᠠᠨ ᠤ ᠪᠡᠭᠡᠵᠢᠩ ᠤᠨ 4 ᠰᠠᠷ᠎ᠠ ᠶᠢᠨ 17 ᠤ ᠴᠠᠬᠢᠯᠭᠠᠨ ᠮᠡᠳᠡᠭᠡ ᠤᠯᠤᠰ ᠤᠨ ᠲᠡᠷᠢᠬᠦᠯᠡᠭᠴᠢ ᠰᠢ ᠶᠢᠨ ᠫᠢᠩ 4 ᠰᠠᠷ᠎ᠠ ᠶᠢᠨ 15 ᠤ ᠡᠳᠤᠷ ᠪᠧᠯᠤᠷᠦ᠋ᠰᠢᠶ᠎ᠡ ᠶᠢᠨ ᠶᠡᠷᠤᠩᠬᠡᠶᠢᠯᠡᠭᠴᠢ ᠯᠦᠺᠠᠱᠧᠨᠺᠧ ᠳᠤ ᠴᠠᠬᠢᠯᠭᠠᠨ ᠴᠢᠮᠡᠭᠡ ᠶᠠᠪᠤᠭᠤᠯᠵᠥ᠂ ᠤᠢᠢᠷ᠎ᠠ ᠶᠢᠨ ᠬᠤᠭᠤᠴᠠᠭᠠᠨ ᠳᠤ ᠪᠧᠯᠤᠷᠦ᠋ᠰᠢᠶ᠎ᠡ ᠳᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠡᠬᠦᠰᠦᠭᠰᠡᠡ ᠳᠤ᠂ ᠲᠤᠮᠳᠠᠳᠤ ᠤᠯᠤᠰ ᠤᠨ ᠵᠠᠰᠠᠭ ᠤᠨ ᠤᠷᠳᠤᠨ ᠪᠤᠯᠤᠨ ᠲᠤᠮᠳᠠᠳᠤ ᠤᠯᠤᠰ ᠤᠨ ᠠᠷᠠᠳ ᠲᠦᠮᠡᠨ ᠤ ᠡᠮᠤᠨ᠎ᠡ ᠠᠴᠠ᠂ ᠪᠧᠯᠤᠷᠦ᠋ᠰᠢᠶ᠎ᠡ ᠶᠢᠨ ᠵᠠᠰᠠᠭ ᠤᠨ ᠤᠷᠳᠤᠨ ᠪᠤᠯᠤᠨ ᠠᠷᠠᠳ ᠲᠦᠮᠡᠨ ᠢ ᠴᠢᠩ ᠰᠡᠳᠬᠢᠯ ᠠᠴᠠ ᠪᠠᠨ ᠲᠤᠬᠤᠨᠢᠭᠤᠯᠵᠥ ᠪᠠᠶᠢᠬᠤ ᠪᠠᠨ ᠢᠯᠡᠳᠬᠡᠪᠡ᠃    ᠰᠢ ᠶᠢᠨ ᠫᠢᠩ ᠲᠤᠬᠤᠨᠢᠭᠤᠯᠬᠤ ᠴᠠᠬᠢᠯᠭᠠᠨ ᠴᠢᠮᠡᠭᠡ ᠳᠡᠭᠡᠨ᠂ ᠡᠨᠡ ᠤᠳᠠᠭ᠎ᠠ ᠶᠢᠨ ᠬᠢᠵᠢᠭ ᠤᠨ ᠪᠠᠶᠢᠳᠠᠯ ᠡᠬᠦᠰᠦᠭᠰᠡᠡ ᠤ ᠲᠠᠷᠠᠭ᠎ᠠ᠂ ᠲᠤᠮᠳᠠᠳᠤ ᠪᠧᠯᠤᠷᠦ᠋ᠰᠢᠶ᠎ᠡ ᠬᠤᠶᠠᠷ ᠤᠯᠤᠰ ᠬᠠᠷᠢᠯᠴᠠᠨ ᠲᠡᠮᠵᠢᠯᠴᠡᠨ ᠬᠠᠪᠰᠤᠷᠤᠯᠴᠠᠵᠥ᠂ ᠰᠠᠬᠢᠨ ᠪᠠᠷᠠᠯᠠᠵᠥ ᠬᠠᠷᠢᠯᠴᠠᠨ ᠬᠠᠪᠰᠤᠷᠤᠯᠴᠠᠵᠥ᠂ ᠵᠤᠪᠠᠭᠤᠷᠢ ᠵᠦᠳᠡᠬᠦᠷᠢ ᠪᠠᠨ ᠬᠠᠮᠳᠤᠳᠬᠠᠭᠰᠠᠠ ᠴᠢᠩ ᠦᠨᠡᠨᠴᠢ ᠨᠦᠬᠦᠷᠯᠡᠯ ᠢᠶᠠᠨ ᠢᠯᠡᠷᠡᠬᠦᠯᠪᠡ᠃ ᠲᠤᠮᠳᠠᠳᠤ ᠤᠯᠤᠰ ᠪᠧᠯᠤᠷᠦ᠋ᠰᠢᠶ᠎ᠡ ᠶᠢᠨ ᠬᠢᠨ ᠤ ᠬᠢᠵᠢᠭ ᠲᠠᠢ ᠲᠡᠮᠡᠴᠡᠬᠦ ᠴᠢᠷᠮᠡᠶᠢᠯᠭ᠎ᠠ ᠶᠢ ᠡᠷᠡᠰ ᠲᠡᠮᠵᠢᠵᠥ᠂ ᠪᠧᠯᠤᠷᠦ᠋ᠰᠢᠶ᠎ᠡ ᠳᠤ ᠠᠯᠢ ᠪᠤᠯᠬᠤᠢᠢᠴᠠ ᠬᠠᠪᠰᠤᠷᠤᠯᠭ᠎ᠠ ᠬᠠᠩᠭᠠᠨ᠎ᠠ᠃ ᠸᠢᠷᠦ᠋ᠰ ᠲᠤ ᠤᠯᠤᠰ ᠤᠨ ᠬᠢᠯᠢ ᠦᠬᠡᠢ᠂ ᠸᠢᠷᠦ᠋ᠰ ᠪᠤᠯ ᠬᠦᠮᠥᠨ ᠲᠦᠷᠦᠯᠬᠢᠳᠡᠨ ᠤ ᠬᠠᠮᠳᠤ ᠶᠢᠨ ᠲᠠᠶᠢᠰᠤᠨ ᠮᠦᠨ᠃ ᠲᠡᠯᠡᠬᠡᠢ ᠨᠡᠶᠢᠬᠡᠮ ᠢᠶᠠᠷ ᠢᠶᠠᠨ ᠬᠦᠮᠥᠨ ᠲᠦᠷᠦᠯᠬᠢᠳᠡᠨ ᠤ ᠬᠤᠪᠢ ᠵᠠᠶᠠᠭᠠᠨ ᠤ ᠬᠠᠮᠳᠤ ᠶᠢᠨ ᠴᠤᠭᠴᠠ ᠶᠢᠨ ᠤᠢᠢᠯᠠᠭᠠᠬᠳᠠᠬᠤᠨ ᠢ ᠪᠠᠷᠢᠮᠳᠠᠯᠠᠵᠥ᠂ ᠪᠦᠯᠬᠦᠮᠳᠡᠯ ᠬᠠᠮᠵᠢᠯᠴᠠᠭ᠎ᠠ ᠪᠠᠨ ᠴᠢᠩᠭᠠᠳᠬᠠᠵᠥ᠂ ᠭᠠᠷ ᠬᠤᠯᠪᠤᠨ ᠬᠢᠵᠢᠭ ᠲᠠᠢ ᠲᠡᠮᠡᠴᠡᠵᠥ᠂ ᠲᠡᠯᠡᠬᠡᠢ ᠶᠢᠨ ᠤᠯᠠᠨ ᠨᠡᠶᠢᠳᠡ ᠶᠢᠨ ᠡᠷᠡᠬᠦᠯ ᠬᠠᠮᠠᠭᠠᠯᠠᠯ ᠤᠨ ᠠᠮᠤᠷ ᠲᠦᠪᠰᠢᠨ ᠢ ᠬᠠᠮᠳᠤ ᠪᠠᠷ ᠬᠠᠮᠠᠭᠠᠯᠠᠪᠠᠯ ᠵᠤᠬᠢᠨ᠎ᠠ ᠬᠡᠵᠥ ᠵᠢᠭᠠᠵᠥ ᠭᠠᠷᠭᠠᠪᠠ᠃    ᠰᠢ ᠶᠢᠨ ᠫᠢᠩ᠂ ᠪᠢ ᠲᠤᠮᠳᠠᠳᠤ ᠪᠧᠯᠤᠷᠦ᠋ᠰᠢᠶ᠎ᠡ ᠶᠢᠨ ᠬᠠᠷᠢᠯᠴᠠᠭ᠎ᠠ ᠶᠢᠨ ᠬᠦᠭᠵᠢᠯᠳᠡ ᠶᠢ ᠲᠡᠬᠡᠳᠤ ᠬᠡᠮᠵᠢᠶ᠎ᠡ ᠪᠠᠷ ᠴᠢᠬᠤᠯᠠᠴᠢᠯᠠᠵᠦ ᠪᠠᠶᠢᠨ᠎ᠠ᠂ ᠲᠤᠷᠠᠳᠠᠶ᠎ᠠ ᠶᠡᠷᠤᠩᠬᠡᠶᠢᠯᠡᠭᠴᠢ ᠯᠦᠺᠠᠱᠧᠨᠺᠧ ᠲᠠᠢ ᠬᠠᠮᠳᠤ ᠪᠠᠷ ᠴᠢᠷᠮᠡᠶᠢᠵᠥ᠂ ᠬᠤᠶᠠᠷ ᠲᠡᠯ᠎ᠡ ᠶᠢᠨ ᠡᠮ ᠡᠮᠨᠡᠯᠬᠡ ᠡᠷᠡᠬᠦᠯ ᠬᠠᠮᠠᠭᠠᠯᠠᠯ ᠵᠡᠷᠬᠡ ᠬᠦᠷᠢᠶᠡᠨ ᠤ ᠬᠠᠮᠳᠤᠷᠠᠯᠴᠠᠭ᠎ᠠ ᠪᠠᠨ ᠴᠢᠩᠭᠠᠳᠬᠠᠵᠥ᠂ ᠬᠤᠶᠠᠷ ᠤᠯᠤᠰ ᠪᠤᠯᠤᠨ ᠬᠤᠶᠠᠷ ᠤᠯᠤᠰ ᠤᠨ ᠠᠷᠠᠳ ᠲᠦᠮᠡᠨ ᠳᠤ ᠪᠤᠶᠠᠨ ᠦᠢᠯᠡᠳᠦᠨ᠎ᠡ ᠬᠡᠵᠥ ᠴᠢᠬᠤᠯᠠᠴᠢᠯᠠᠪᠠ᠃
 
ᠢᠷᠡᠯᠲᠡ᠄ ᠲᠤᠮᠳᠠᠲᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠬᠡᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号