ᠰᠢᠨᠬᠤᠸᠠ ᠬᠤᠷᠢᠶᠠᠨ ᠤ ᠪᠡᠭᠡᠵᠢᠩ ᠤᠨ 4 ᠰᠠᠷ᠎ᠠ ᠶᠢᠨ 18 ᠤ ᠴᠠᠬᠢᠯᠭᠠᠨ ᠮᠡᠳᠡᠭᠡ ᠤᠯᠤᠰ ᠤᠨ ᠲᠡᠷᠢᠬᠦᠯᠡᠭᠴᠢ | ᠰᠢ ᠶᠢᠨ ᠫᠢᠩ 4 ᠰᠠᠷ᠎ᠠ ᠶᠢᠨ 18 ᠤ ᠡᠳᠤᠷ ᠽᠢᠮᠪᠠᠪᠦ᠋ᠸᠧᠢ ᠶᠢᠨ ᠶᠡᠷᠤᠩᠬᠡᠶᠢᠯᠡᠭᠴᠢ ᠮᠦᠨᠠᠨᠵᠢᠶᠠᠬᠦ᠋ᠸᠠ ᠲᠠᠢ | ᠬᠠᠷᠢᠯᠴᠠᠨ ᠪᠠᠶᠠᠷ ᠤᠨ ᠴᠠᠬᠢᠯᠭᠠᠨ ᠴᠢᠮᠡᠭᠡ ᠶᠠᠪᠤᠭᠤᠯᠵᠥ᠂ ᠬᠤᠶᠠᠷ ᠤᠯᠤᠰ ᠤᠨ ᠬᠠᠷᠢᠯᠴᠠᠭ᠎ᠠ ᠪᠠᠶᠢᠭᠤᠯᠤᠬᠰᠠᠠ 40 | ᠵᠢᠯ ᠤᠨ ᠤᠢ ᠶᠢ ᠪᠡᠯᠬᠡᠯᠡᠪᠡ᠃ | ᠰᠢ ᠶᠢᠨ ᠫᠢᠩ ᠪᠠᠶᠠᠷ ᠤᠨ ᠴᠠᠬᠢᠯᠭᠠᠨ ᠴᠢᠮᠡᠭᠡ ᠳᠡᠭᠡᠨ᠂ ᠬᠠᠷᠢᠯᠴᠠᠭ᠎ᠠ ᠪᠠᠶᠢᠭᠤᠯᠤᠬᠰᠠᠠ 40 ᠵᠢᠯ ᠤᠨ ᠲᠤᠷᠰᠢ᠂ | ᠲᠤᠮᠳᠠᠳᠤ ᠽᠢᠮᠪᠠᠪᠦ᠋ᠸᠧᠢ ᠢᠮᠠᠬᠳᠠ ᠬᠠᠷᠢᠯᠴᠠᠨ ᠢᠳᠡᠬᠡᠯᠴᠡᠵᠥ᠂ ᠬᠠᠷᠢᠯᠴᠠᠨ ᠲᠡᠮᠵᠢᠯᠴᠡᠵᠥ᠂ ᠬᠤᠶᠠᠷ ᠲᠠᠯ᠎ᠠ ᠶᠢᠨ | ᠬᠠᠷᠢᠯᠴᠠᠭ᠎ᠠ ᠴᠠᠭ ᠬᠤᠭᠤᠴᠠᠭ᠎ᠠ ᠪᠤᠯᠤᠨ ᠲᠡᠯᠡᠬᠡᠢ ᠶᠢᠨ ᠪᠠᠶᠢᠳᠠᠯ ᠤᠨ ᠬᠤᠪᠢᠷᠡᠯᠳᠡ ᠶᠢᠨ ᠰᠢᠯᠭᠠᠯᠳᠠ ᠶᠢ ᠲᠠᠭᠠᠭᠠᠵᠥ | ᠭᠠᠷᠤᠭᠰᠠᠠ ᠪᠠᠶᠢᠨ᠎ᠠ᠃ ᠪᠢ ᠶᠡᠷᠤᠩᠬᠡᠶᠢᠯᠡᠭᠴᠢ ᠮᠦᠨᠠᠨᠵᠢᠶᠠᠬᠦ᠋ᠸᠠ ᠲᠠᠢ ᠲᠤᠮᠳᠠᠳᠤ ᠽᠢᠮᠪᠠᠪᠦ᠋ᠸᠧᠢ ᠶᠢᠨ ᠪᠦᠬᠦ | ᠲᠡᠯ᠎ᠡ ᠶᠢᠨ ᠪᠠᠶᠢᠯᠳᠤᠬᠤ ᠪᠤᠳᠤᠯᠭ᠎ᠠ ᠶᠢᠨ ᠬᠠᠮᠳᠤᠷᠠᠯᠴᠠᠭᠠᠨ ᠤ ᠬᠠᠨᠢᠳᠠᠨ ᠤ ᠬᠠᠷᠢᠯᠴᠠᠭ᠎ᠠ ᠶᠢ ᠪᠠᠶᠢᠭᠤᠯᠵᠦ | ᠬᠦᠭᠵᠢᠬᠦᠯᠬᠦ ᠲᠤᠬᠠᠢ ᠴᠢᠬᠤᠯᠠ ᠬᠠᠮᠳᠤ ᠶᠢᠨ ᠲᠠᠨᠢᠯᠳᠠ ᠲᠠᠢ ᠪᠤᠯᠪᠠ᠃ ᠪᠢ ᠲᠤᠮᠳᠠᠳᠤ ᠽᠢᠮᠪᠠᠪᠦ᠋ᠸᠧᠢ ᠶᠢᠨ | ᠬᠠᠷᠢᠯᠴᠠᠭ᠎ᠠ ᠶᠢᠨ ᠬᠦᠭᠵᠢᠯᠳᠡ ᠶᠢ ᠲᠡᠬᠡᠳᠤ ᠬᠡᠮᠵᠢᠶ᠎ᠡ ᠪᠠᠷ ᠴᠢᠬᠤᠯᠠᠴᠢᠯᠠᠵᠦ ᠪᠠᠶᠢᠨ᠎ᠠ᠂ ᠲᠤᠷᠠᠳᠠᠶ᠎ᠠ ᠶᠡᠷᠤᠩᠬᠡᠶᠢᠯᠡᠭᠴᠢ | ᠮᠦᠨᠠᠨᠵᠢᠶᠠᠬᠦ᠋ᠸᠠ ᠲᠠᠢ ᠬᠠᠮᠳᠤ ᠪᠠᠷ ᠴᠢᠷᠮᠠᠶᠢᠵᠥ᠂ ᠬᠤᠶᠠᠷ ᠤᠯᠤᠰ ᠤᠨ ᠬᠠᠷᠢᠯᠴᠠᠭ᠎ᠠ ᠪᠠᠶᠢᠭᠤᠯᠤᠬᠰᠠᠠ 40 ᠵᠢᠯ ᠤᠨ | ᠤᠢ ᠪᠠᠷ ᠠᠵᠠ ᠲᠤᠬᠢᠶᠠᠯ ᠪᠤᠯᠭᠠᠵᠥ᠂ ︽ᠨᠢᠭᠡ ᠪᠦᠰᠡ ᠨᠢᠭᠡ ᠵᠠᠮ︾ ᠢ ᠬᠠᠮᠳᠤ ᠪᠠᠷ ᠪᠦᠲᠦᠭᠡᠨ ᠪᠠᠶᠢᠭᠤᠯᠬᠤ ᠶᠢ | ᠠᠬᠢᠭᠤᠯᠵᠤ᠂ ᠳᠤᠮᠳᠠᠳᠤ ᠠᠹᠷᠢᠺᠠ ᠶᠢᠨ ᠬᠠᠮᠳᠤᠷᠠᠯᠴᠠᠭᠠᠨ ᠤ ᠶᠠᠷᠢᠶᠠᠨ ᠤ ᠲᠠᠪᠴᠠᠩ ᠤᠨ ᠪᠡᠭᠡᠵᠢᠩ ᠳᠠᠬᠢ | ᠲᠦᠷᠦᠭᠦᠴᠤᠳ ᠤᠨ ᠬᠤᠷᠠᠯ ᠤᠨ ᠦᠷ᠎ᠠ ᠪᠦᠲᠦᠭᠡᠯ ᠢ ᠽᠢᠮᠪᠠᠪᠦ᠋ᠸᠧᠢ ᠶᠢᠨ ︽2030 ᠤᠨ ᠤ ᠬᠦᠰᠡᠯ ᠡᠷᠡᠮᠡᠯᠵᠡᠯ︾ | ᠲᠠᠢ ᠨᠢᠭᠳᠠ ᠵᠤᠯᠭᠠᠭᠤᠯᠬᠤ ᠶᠢ ᠨᠠᠶᠢᠳᠠᠪᠤᠷᠢᠵᠢᠭᠤᠯᠵᠤ᠂ ᠡᠯ᠎ᠠ ᠬᠦᠷᠢᠶᠡᠨ ᠤ ᠪᠤᠳᠠᠳᠠᠢ ᠶᠢ ᠡᠷᠬᠢᠮᠯᠡᠬᠦ | ᠬᠠᠮᠳᠤᠷᠠᠯᠴᠠᠭ᠎ᠠ ᠶᠢ ᠦᠷᠭᠡᠳᠭᠡᠵᠤ᠂ ᠲᠤᠰ ᠲᠤᠰ ᠤᠨ ᠢᠶᠠᠨ ᠭᠤᠤᠯᠯᠠᠭᠴᠢ ᠠᠰᠢᠭ ᠲᠤᠰᠠ ᠪᠤᠯᠤᠨ ᠠᠩᠬᠠᠷᠴᠤ | ᠪᠠᠶᠢᠭ᠎ᠠ ᠴᠢᠬᠤᠯᠠ ᠶᠡᠭᠡ ᠠᠰᠠᠭᠤᠳᠠᠯ ᠤᠨ ᠲᠠᠯ᠎ᠠ ᠪᠠᠷ ᠨᠡᠩ ᠬᠦᠴᠦᠳᠠᠢ ᠳᠡᠮᠵᠢᠯᠭᠡ ᠦᠵᠡᠭᠦᠯᠤᠨ᠎ᠡ᠃ ᠤᠳᠤᠬᠠᠨ ᠳᠤ᠂ | ᠳᠤᠮᠳᠠᠳᠤ ᠶᠢᠨ ᠲᠠᠯ᠎ᠠ ᠳᠤᠷᠠᠳᠠᠶ᠎ᠠ ᠽᠢᠮᠪᠠᠪᠦ᠋ᠸᠧᠢ ᠶᠢᠨ ᠬᠢᠨ ᠲᠠᠢ ᠬᠠᠮᠳᠤᠷᠠᠯᠴᠠᠭ᠎ᠠ ᠪᠠᠨ ᠴᠢᠩᠭᠠᠳᠬᠠᠵᠤ᠂ ᠴᠠᠬ ᠤᠨ | ᠪᠡᠷᠬᠡ ᠶᠢ ᠬᠠᠮᠳᠦ ᠪᠠᠷ ᠲᠤᠭᠤᠯᠵᠤ᠂ ᠰᠢᠨ᠎ᠠ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠭᠠᠷ | ᠬᠤᠯᠪᠤᠨ ᠳᠠᠶᠢᠯᠠᠨ ᠢᠯᠠᠨ᠎ᠠ ᠭᠡᠵᠤ ᠵᠢᠭᠠᠵᠤ ᠭᠠᠷᠭᠠᠪᠠ᠃ | ᠮᠦᠨᠠᠨᠵᠢᠶᠠᠭᠦ᠋ᠸᠠ ᠪᠠᠶᠠᠷ ᠤᠨ ᠴᠠᠬᠢᠯᠭᠠᠨ ᠴᠢᠮᠡᠭᠡ ᠳᠡᠭᠡᠨ᠂ ᠦᠩᠭᠡᠷᠡᠭᠰᠡᠨ 40 ᠵᠢᠯ ᠢ ᠡᠷᠭᠢᠴᠡᠭᠦᠯᠬᠦ ᠳᠤ᠂ | ᠴᠢᠩ ᠦᠨᠡᠨᠴᠢ᠂ ᠪᠦᠯᠬᠦᠮᠳᠡᠯ ᠲᠠᠢ᠂ ᠬᠠᠮᠳᠦ ᠪᠠᠷ ᠠᠰᠢᠭ ᠬᠦᠷᠳᠡᠬᠦ᠂ ᠬᠠᠷᠢᠯᠴᠠᠨ ᠢᠳᠡᠭᠡᠯᠴᠡᠬᠦ ᠪᠤᠯ ᠽᠢᠮᠪᠠᠪᠦ᠋ᠸᠧᠢ | ᠳᠤᠮᠳᠠᠳᠤ ᠬᠤᠶᠠᠷ ᠤᠯᠤᠰ ᠤᠨ ᠠᠬ᠎ᠠ ᠳᠡᠭᠦᠦ ᠶᠢᠨ ᠨᠦᠬᠦᠷᠯᠡᠯ ᠪᠠ ᠦᠨᠳᠦᠷ ᠲᠦᠪᠰᠢᠨ ᠪᠦᠬᠦᠢ ᠬᠠᠷᠢᠯᠴᠠᠭᠠᠨ ᠤ | ᠢᠯᠡᠷᠬᠡᠢ ᠤᠨᠴᠠᠯᠢᠭ ᠪᠤᠯᠵᠠᠢ᠃ ᠽᠢᠮᠪᠠᠪᠦ᠋ᠸᠧᠢ ᠶᠢᠨ ᠬᠢᠨ ᠨᠢᠭᠡ ᠳᠤᠮᠳᠠᠳᠤ ᠤᠯᠤᠰ ᠪᠠᠶᠢᠬᠤ ᠲᠦᠷᠦ ᠶᠢᠨ | ᠪᠤᠳᠤᠯᠭ᠎ᠠ ᠶᠢ ᠡᠷᠡᠰ ᠬᠡᠷᠡᠭᠵᠢᠭᠦᠯᠵᠤ᠂ ︽ᠨᠢᠭᠡ ᠪᠦᠰᠡ ᠨᠢᠭᠡ ᠵᠠᠮ︾ ᠢ ᠬᠠᠮᠳᠦ ᠪᠠᠷ ᠪᠦᠲᠦᠭᠡᠨ ᠪᠠᠶᠢᠭᠤᠯᠬᠤ | ᠰᠠᠨᠠᠭᠠᠴᠢᠯᠠᠭ᠎ᠠ ᠳᠤ ᠢᠳᠡᠪᠬᠢᠳᠠᠢ ᠤᠷᠤᠯᠴᠠᠨ᠎ᠠ᠃ ᠽᠢᠮᠪᠠᠪᠦ᠋ᠸᠧᠢ ᠶᠢᠨ ᠬᠢᠨ ᠬᠤᠶᠠᠷ ᠤᠯᠤᠰ ᠤᠨ ᠪᠦᠬᠦ ᠲᠠᠯ᠎ᠠ ᠶᠢᠨ | ᠪᠠᠶᠢᠯᠳᠤᠬᠤ ᠪᠤᠳᠤᠯᠭ᠎ᠠ ᠶᠢᠨ ᠬᠠᠮᠳᠤᠷᠠᠯᠴᠠᠭᠠᠨ ᠤ ᠬᠠᠨᠢᠳᠠᠨ ᠤ ᠬᠠᠷᠢᠯᠴᠠᠭ᠎ᠠ ᠶᠢ ᠦᠷᠭᠦᠯᠵᠢᠯᠡᠨ ᠭᠦᠨᠵᠡᠭᠡᠢ | ᠬᠦᠭᠵᠢᠬᠦᠯᠤᠨ᠎ᠡ᠃ ᠰᠢᠨ᠎ᠠ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠬᠠᠳᠠᠭᠤ | ᠰᠢᠯᠭᠠᠯᠳᠠ ᠶᠢᠨ ᠡᠮᠦᠨ᠎ᠠ᠂ ᠽᠢᠮᠪᠠᠪᠦ᠋ᠸᠧᠢ ᠶᠢᠨ ᠬᠢᠨ ᠳᠤᠷᠠᠳᠠᠶ᠎ᠠ ᠳᠤᠮᠳᠠᠳᠤ ᠶᠢᠨ ᠲᠠᠯ᠎ᠠ ᠲᠠᠢ ᠪᠦᠯᠬᠦᠮᠳᠡᠨ | ᠬᠠᠪᠰᠤᠷᠤᠯᠴᠠᠬᠤ ᠪᠠᠨ ᠴᠢᠩᠭᠠᠳᠬᠠᠵᠤ᠂ ᠬᠢᠵᠢᠭ ᠤᠨ ᠪᠠᠶᠢᠳᠠᠯ ᠠᠴᠠ ᠬᠤᠶᠠᠷ ᠤᠯᠤᠰ ᠤᠨ ᠬᠠᠮᠳᠤᠷᠠᠯᠴᠠᠭ᠎ᠠ ᠳᠤ | ᠦᠵᠡᠭᠦᠯᠦᠭᠰᠡᠨ ᠨᠦᠯᠦᠭᠡ ᠶᠢ ᠬᠠᠮᠳᠦ ᠪᠠᠷ ᠠᠷᠭᠠᠴᠠᠭᠠᠨ᠎ᠠ ᠭᠡᠵᠤ ᠢᠯᠡᠳᠭᠡᠪᠡ᠃ | |