ᠲᠦᠪ ᠤᠨ ᠴᠡᠷᠢᠭ ᠤᠨ ᠶᠠᠪᠤᠳᠠᠯ ᠤᠨ ᠬᠤᠷᠢᠶᠡᠨ ᠤ ᠲᠡᠷᠢᠬᠦᠯᠡᠭᠴᠢ ᠰᠢ ᠶᠢᠨ ᠫᠢᠩ ᠵᠠᠷᠯᠢᠭ ᠲᠤ ᠭᠠᠷ ᠤᠨ ᠦᠰᠦᠭ ᠵᠢᠷᠤᠵᠥ ᠴᠡᠷᠢᠭ ᠠᠩᠬᠢ ᠶᠢᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠡᠬᠦᠷᠬᠡ ᠶᠢ ᠬᠦᠢᠴᠡᠳᠬᠡᠭᠰᠡᠡ ᠪᠦᠬᠦ ᠬᠦᠮᠥᠰ ᠢ ᠬᠦᠬᠢᠬᠦᠯᠥᠨ ᠰᠠᠶᠢᠰᠢᠶᠠᠬᠤ ᠪᠠᠷ ᠪᠤᠯᠪᠠ
ᠨᠡᠶᠢᠲᠡᠯᠡᠭᠰᠡᠨ ᠴᠠᠭ᠄
2020-04-20
   ᠰᠢᠨᠬᠤᠸᠠ ᠬᠤᠷᠢᠶᠡᠨ ᠤ ᠪᠡᠭᠡᠵᠢᠩ ᠤᠨ 4 ᠰᠠᠷ᠎ᠠ ᠶᠢᠨ 17 ᠤ ᠴᠠᠬᠢᠯᠭᠠᠨ ᠮᠡᠳᠡᠭᠡ ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠲᠦᠪ ᠤᠨ ᠴᠡᠷᠢᠭ ᠤᠨ ᠶᠠᠪᠤᠳᠠᠯ ᠤᠨ ᠬᠤᠷᠢᠶᠡᠨ ᠤ ᠲᠡᠷᠢᠬᠦᠯᠡᠭᠴᠢ ᠰᠢ ᠶᠢᠨ ᠫᠢᠩ ᠤᠢᠢᠷ᠎ᠡ ᠶᠢᠨ ᠡᠳᠤᠷ ᠵᠠᠷᠯᠢᠭ ᠲᠤ ᠭᠠᠷ ᠤᠨ ᠦᠰᠦᠭ ᠵᠢᠷᠤᠵᠥ᠂ ᠴᠡᠷᠢᠭ ᠠᠩᠬᠢ ᠶᠢᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠡᠬᠦᠷᠬᠡ ᠶᠢ ᠬᠦᠢᠴᠡᠳᠬᠡᠭᠰᠡᠡ ᠪᠦᠬᠦ ᠬᠦᠮᠥᠰ ᠢ ᠬᠦᠬᠢᠬᠦᠯᠥᠨ ᠰᠠᠶᠢᠰᠢᠶᠠᠬᠤ ᠪᠠᠷ ᠪᠤᠯᠪᠠ᠃    ᠬᠦᠬᠢᠬᠦᠯᠥᠨ ᠰᠠᠶᠢᠰᠢᠶᠠᠬᠤ ᠵᠠᠷᠯᠢᠭ ᠲᠤ᠂ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠡᠬᠦᠰᠦᠭᠰᠡᠡ ᠠᠴᠠ ᠨᠠᠭᠠᠰᠢ᠂ ᠪᠦᠬᠦ ᠴᠡᠷᠢᠭ ᠠᠩᠬᠢ ᠶᠢᠨ ᠬᠢᠨ ᠨᠠᠮ ᠤᠨ ᠲᠦᠪ ᠬᠤᠷᠢᠶ᠎ᠡ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶᠡᠨ ᠤ ᠰᠢᠢᠳᠪᠤᠷᠢᠳᠤ ᠪᠤᠳᠤᠯᠭ᠎ᠠ ᠵᠠᠷᠯᠢᠭ ᠢ ᠡᠷᠡᠰ ᠲᠤᠭᠤᠰᠢᠯᠠᠭᠤᠯᠵᠥ᠂ ᠵᠠᠷᠯᠢᠭ ᠢ ᠲᠤᠰᠤᠮᠠᠬᠴᠠ ᠪᠠᠷᠢᠨ ᠬᠦᠳᠡᠯᠵᠥ᠂ ᠵᠤᠷᠢᠭᠳᠠᠢ ᠪᠠᠷ ᠬᠦᠨᠳᠦ ᠡᠭᠦᠷᠭᠡ ᠶᠢ ᠡᠬᠦᠷᠬᠡᠯᠡᠨ᠂ ᠬᠦᠨᠳᠦ ᠨᠠᠶᠢᠳᠠᠯᠭ᠎ᠠ ᠶᠢ ᠦᠯᠥ ᠬᠦᠰᠡᠷᠳᠡᠭᠦᠯᠵᠦ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠵᠦ᠂ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠠᠷᠠᠳ ᠤᠨ ᠲᠠᠶᠢᠨ᠂ ᠶᠡᠷᠤᠩᠬᠡᠢ ᠲᠠᠶᠢᠯᠠᠯᠳᠤᠭᠠᠨ᠂ ᠬᠤᠷᠢᠬᠯᠠᠯᠳᠠ ᠶᠢᠨ ᠲᠠᠶᠢᠯᠠᠯᠳᠤᠭᠠᠨ ᠤ ᠢᠯᠠᠯᠳᠠ ᠶᠢ ᠤᠯᠬᠤ ᠳᠤ ᠲᠤᠪᠤᠶᠢᠮ᠎ᠠ ᠬᠤᠪᠢ ᠨᠡᠮᠡᠷᠢ ᠦᠵᠡᠬᠦᠯᠪᠡ᠃ ᠡᠬᠦᠷᠬᠡ ᠬᠦᠯᠢᠶᠡᠭᠰᠡᠨ ᠴᠡᠷᠢᠭ ᠠᠩᠬᠢ ᠶᠢᠨ ᠡᠯ ᠎ᠡ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠪᠤᠯᠤᠨ ᠨᠠᠮ ᠤᠨ ᠬᠡᠰᠢᠬᠦᠨ᠂ ᠺᠠᠳ᠋ᠷ ᠵᠤᠷᠢᠬᠳᠡᠢ ᠪᠠᠷ ᠬᠢᠵᠢᠭ ᠲᠠᠢ ᠲᠡᠮᠡᠴᠡᠬᠦ ᠬᠤᠰᠢᠭᠤᠴᠢ ᠠᠩᠬᠢ ᠭᠠᠪᠰᠢᠭᠠᠢ ᠠᠩᠬᠢ ᠪᠤᠯᠵᠥ᠂ ᠡᠮᠦᠨ᠎ᠡ ᠨᠢ ᠬᠤᠰᠢᠭᠤᠷᠠᠵᠦ᠂ ᠲᠦᠷᠦᠬᠦᠨ ᠳᠤᠨᠢ ᠲᠡᠮᠡᠴᠡᠵᠦ᠂ ᠲᠠᠶᠢᠴᠢᠨ ᠪᠠᠬᠢᠯᠡᠯᠳᠡ ᠶᠢᠨ ᠦᠢᠯᠡᠳᠦᠯ ᠪᠤᠯᠤᠨ ᠬᠤᠰᠢᠭᠤᠴᠢ ᠵᠢᠱᠢᠶᠡᠴᠢ ᠦᠢᠯᠡᠳᠦᠯ ᠢᠶᠠᠨ ᠬᠦᠢᠴᠡᠳ ᠪᠠᠳᠠᠷᠠᠭᠤᠯᠵᠥ᠂ ᠨᠠᠮ ᠤᠨ ᠲᠤᠭ ᠢ ᠬᠢᠵᠢᠭ ᠲᠠᠢ ᠲᠡᠮᠡᠴᠡᠬᠦ ᠲᠡᠮᠡᠴᠡᠯ ᠤᠨ ᠡᠮᠤᠨ᠎ᠡ ᠹᠷᠤᠨᠲ ᠲᠤ ᠦᠨᠳᠤᠷ ᠮᠠᠨᠳᠤᠭᠤᠯᠪᠠ᠃ ᠦᠷᠬᠡᠨ ᠤᠯᠠᠨ ᠡᠮᠴᠢᠯᠡᠬᠡᠨ ᠤ ᠠᠵᠢᠯᠳᠠᠨ ᠲᠦᠳᠡᠭᠡᠯᠵᠡᠯ ᠦᠬᠡᠢ ᠲᠡᠮᠡᠴᠡᠵᠦ᠂ ᠰᠢᠨᠳᠠᠷᠠᠰᠢ ᠦᠭᠡᠢ ᠪᠠᠶᠢᠯᠳᠤᠨ᠂ ᠡᠳᠤᠷᠵᠢᠨ ᠰᠦᠨᠢᠵᠢᠨ ᠠᠵᠢᠯᠯᠠᠵᠥ᠂ ᠵᠤᠷᠢᠬᠳᠡᠢ ᠪᠠᠷ ᠬᠠᠳᠠᠭᠤ ᠲᠠᠶᠢᠯᠠᠯᠳᠤᠭᠠᠨ ᠬᠢᠵᠥ᠂ ᠴᠠᠭ ᠮᠦᠴᠡ ᠲᠠᠢ ᠤᠷᠤᠯᠳᠤᠨ᠂ ᠡᠪᠡᠳᠴᠢᠨ ᠡᠮᠬᠡᠭ ᠲᠠᠢ ᠦᠵᠡᠯᠴᠡᠵᠥ᠂ ᠬᠢᠵᠢᠭ ᠲᠠᠢ ᠲᠡᠮᠡᠴᠡᠬᠦ ᠲᠡᠮᠡᠴᠡᠯ ᠤᠨ ᠲᠤᠮᠳᠠ ᠭᠤᠤᠯᠯᠠᠬᠴᠢ ᠬᠦᠴᠦᠨ ᠤ ᠦᠢᠯᠡᠳᠦᠯ ᠦᠵᠡᠬᠦᠯᠥᠭᠰᠡᠡ ᠪᠠᠶᠢᠨ᠎ᠠ᠃ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠳᠠᠳ ᠬᠦᠴᠢᠷ ᠢ ᠰᠦᠷᠦᠨ ᠤᠷᠤᠭᠰᠢᠯᠠᠵᠤ᠂ ᠴᠠᠬ ᠮᠦᠴᠡ ᠶᠢ ᠵᠠᠪᠳᠤᠨ᠂ ᠪᠠᠴᠢᠮ ᠪᠠᠶᠢᠳᠠᠯ ᠢ ᠠᠷᠭᠠᠴᠠᠭᠠᠬᠤ ᠰᠢᠨᠵᠢᠯᠡᠬᠦ ᠤᠬᠠᠭᠠᠨ ᠤ ᠰᠤᠳᠤᠯᠭᠠᠨ ᠤ ᠪᠤᠭᠤᠮᠳᠠ ᠰᠢᠪᠳᠤᠯᠤᠯᠳᠠ ᠶᠢ ᠪᠦᠬᠦ ᠬᠦᠴᠦ ᠪᠠᠷ ᠢᠶᠠᠨ ᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠪᠠᠳᠦ ᠬᠦᠴᠦᠳᠠᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠯᠭᠠᠭᠤᠷᠢᠯᠠᠯ ᠬᠠᠩᠭᠠᠪᠠ᠃    ᠰᠤᠨᠢᠨ ᠮᠡᠳᠡᠭᠡᠨ ᠤ ᠠᠵᠢᠯᠳᠠᠳ ᠬᠦᠴᠢᠷ ᠪᠡᠷᠬᠡᠰᠢᠶᠡᠯ ᠠᠴᠠ ᠠᠶᠤᠬᠤ ᠦᠭᠡᠢ ᠪᠠᠷ ᠡᠮᠦᠨ᠎ᠠ ᠹᠷᠤᠨᠲ ᠲᠤ ᠭᠦᠨᠵᠡᠭᠡᠶᠢᠷᠡᠵᠤ᠂ ᠬᠢᠵᠢᠭ ᠲᠠᠢ ᠲᠡᠮᠡᠴᠡᠭᠰᠡᠨ ᠰᠡᠳᠭᠢᠯ ᠬᠦᠳᠡᠯᠭᠡᠮ᠎ᠡ ᠦᠢᠯᠡ ᠶᠠᠪᠤᠳᠠᠯ ᠢ ᠶᠡᠭᠡ ᠪᠠᠷ ᠤᠬᠠᠭᠤᠯᠵᠤ᠂ ᠴᠡᠷᠢᠭ ᠠᠩᠭᠢ ᠶᠢᠨ ᠬᠢᠵᠢᠭ ᠲᠠᠢ ᠲᠡᠮᠡᠴᠡᠭᠰᠡᠨ ᠦᠯᠢᠭᠡᠷ ᠢ ᠠᠮᠢᠳᠤᠯᠢᠭ ᠰᠠᠶᠢᠬᠠᠨ ᠶᠠᠷᠢᠵᠦ᠂ ᠳᠤᠮᠳᠠᠳᠤ ᠤᠯᠤᠰ ᠪᠠ ᠳᠡᠯᠡᠬᠡᠢ ᠳ᠋ᠠᠬᠢᠨ᠎ᠠ ᠬᠦᠴᠦᠷᠬᠡᠭ ᠶᠡᠭᠡ ᠢᠳᠡᠪᠬᠢ ᠬᠦᠴᠦᠨ ᠢ ᠳᠠᠮᠵᠢᠭᠤᠯᠵᠠᠢ᠃ ᠵᠤᠬᠢᠶᠠᠨ ᠪᠠᠶᠢᠭᠤᠯᠵᠤ ᠵᠤᠬᠢᠴᠠᠭᠤᠯᠬᠤ ᠂ ᠵᠦᠭᠡᠭᠡᠪᠦᠷᠢᠯᠡᠨ ᠬᠦᠷᠭᠡᠬᠦ᠂ ᠠᠮᠤᠷ ᠢ ᠬᠠᠮᠠᠭᠠᠯᠠᠵᠥ ᠰᠡᠷᠡᠮᠵᠢᠯᠡᠭᠦᠯᠬᠦ᠂ ᠠᠷᠤ ᠲᠠᠯ᠎ᠠ ᠶᠢᠨ ᠠᠵᠢᠯ ᠢ ᠪᠠᠳᠤᠯᠠᠬᠤ ᠵᠡᠷᠭᠡ ᠠᠵᠢᠯᠳᠠᠳ ᠡᠳᠦᠷ ᠰᠦᠨᠢ ᠦᠭᠡᠢ ᠵᠢᠵᠢᠭᠦᠷᠯᠡᠵᠤ᠂ ᠰᠢᠷᠭᠠᠭᠤ ᠬᠠᠳᠠᠭᠤᠵᠢᠯᠳᠠᠢ ᠠᠵᠢᠯᠯᠠᠨ᠂ ᠰᠡᠳᠭᠢᠯ ᠨᠢᠭᠡᠳᠦᠨ ᠬᠦᠴᠦ ᠪᠠᠨ ᠬᠠᠮᠳᠤᠳᠬᠠᠵᠤ᠂ ᠪᠦᠬᠦ ᠬᠦᠴᠦ ᠪᠠᠷ ᠢᠶᠠᠨ ᠪᠠᠳᠤᠯᠠᠭ᠎ᠠ ᠶᠢᠨ ᠠᠵᠢᠯ ᠬᠢᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠳᠤ ᠲᠦᠰᠢᠭ ᠢ ᠴᠤᠭᠴᠠᠯᠠᠵᠠᠢ ᠭᠡᠵᠤ ᠵᠢᠭᠠᠵᠤ ᠭᠠᠷᠭᠠᠪᠠ᠃    ᠬᠦᠬᠢᠭᠦᠯᠦᠨ ᠰᠠᠶᠢᠰᠢᠶᠠᠬᠤ ᠵᠠᠷᠯᠢᠭ ᠲᠤ᠂ ᠭᠡᠨᠡᠳᠳᠡ ᠡᠭᠦᠰᠦᠭᠰᠡᠨ ᠰᠢᠨ᠎ᠠ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠨᠢ ᠪᠦᠬᠦ ᠴᠡᠷᠢᠭ ᠠᠩᠭᠢ ᠪᠤᠯᠤᠨ ᠦᠷᠭᠡᠨ ᠤᠯᠠᠨ ᠳᠠᠷᠤᠭ᠎ᠠ ᠪᠠᠶᠢᠯᠳᠤᠭᠴᠢ ᠳᠤ ᠨᠢᠭᠡ ᠤᠳᠠᠭ᠎ᠠ ᠶᠢᠨ ᠶᠡᠭᠡ ᠳᠠᠶᠢᠯᠠᠯᠳᠤᠭᠠᠨ ᠪᠠ ᠶᠡᠭᠡ ᠰᠢᠯᠭᠠᠯᠳᠠ ᠪᠤᠯᠵᠠᠢ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠭᠦᠷᠭᠡ ᠶᠢ ᠭᠦᠢᠴᠡᠳᠭᠡᠭᠰᠡᠨ ᠪᠦᠬᠦ ᠠᠵᠢᠯᠳᠠᠳ ᠪᠠᠳᠤ ᠢᠳᠡᠭᠡᠯ᠂ ᠰᠢᠯᠭᠠᠷᠠᠬᠰᠠᠨ ᠴᠢᠳᠠᠪᠤᠷᠢ᠂ ᠬᠠᠳᠠᠭᠤ ᠰᠤᠷᠳᠠᠯ᠂ ᠠᠮᠢ ᠪᠡᠶ᠎ᠠ ᠪᠠᠨ ᠦᠷᠡᠭᠳᠡᠭᠦᠯᠦᠨ ᠨᠡᠮᠡᠷᠢ ᠬᠠᠨᠳᠢᠪᠯᠠᠬᠤ ᠵᠤᠷᠢᠭ ᠢᠶᠠᠷ ᠪᠦᠷᠢᠨ ᠲᠡᠭᠦᠰ ᠬᠠᠷᠢᠭᠤᠯᠳᠠ ᠶᠢᠨ ᠬᠠᠭᠤᠳᠠᠰᠤ ᠶᠢ ᠲᠤᠰᠢᠶᠠᠵᠠᠢ᠃ ᠪᠦᠬᠦ ᠠᠵᠢᠯᠳᠠᠳ ᠮᠠᠨ ᠤ ᠴᠡᠷᠢᠭ ᠤᠨ ᠵᠤᠷᠢᠯᠳᠠ ᠶᠢ ᠪᠠᠳᠤ ᠴᠡᠭᠡᠵᠢᠯᠡᠵᠤ᠂ ᠠᠷᠠᠳ ᠲᠦᠮᠡᠨ ᠤ ᠠᠰᠢᠭ ᠲᠤᠰᠠ ᠶᠢ ᠡᠷᠬᠢᠮᠯᠡᠨ ᠳᠡᠭᠡᠳᠦᠯᠡᠬᠦ ᠶᠢ ᠢᠮᠠᠭᠳᠠ ᠪᠠᠷᠢᠮᠳᠠᠯᠠᠵᠤ᠂ ᠠᠷᠠᠳ ᠤᠯᠠᠨ ᠤ ᠠᠮᠢ ᠨᠠᠰᠤᠨ ᠤ ᠠᠮᠤᠷ ᠲᠦᠪᠰᠢᠨ ᠪᠤᠯᠤᠨ ᠪᠡᠶ᠎ᠠ ᠮᠠᠬᠠᠪᠤᠳ ᠤᠨ ᠡᠷᠡᠭᠦᠯ ᠮᠡᠨᠳᠦ ᠶᠢ ᠲᠡᠷᠢᠭᠦᠨ ᠳᠤ ᠲᠠᠯᠪᠢᠵᠤ᠂ ᠠᠷᠠᠳ ᠤᠨ ᠬᠡᠤᠬᠡᠳ ᠳᠡᠭᠦᠦ ᠨᠠᠷ ᠴᠡᠷᠢᠭ ᠤᠨ ᠨᠠᠮ ᠳᠠᠭᠠᠨ ᠦᠨᠡᠨᠴᠢ᠂ ᠠᠷᠠᠳ ᠲᠦᠮᠡᠨ ᠳᠡᠭᠡᠨ ᠦᠨᠡᠨᠴᠢ ᠪᠠᠶᠢᠬᠤ ᠤᠯᠤᠰ ᠲᠦᠷᠦ ᠶᠢᠨ ᠬᠡᠪ ᠴᠢᠨᠠᠷ ᠢ ᠢᠯᠡᠷᠡᠭᠦᠯᠪᠠ︔ ᠢᠲᠡᠭᠡᠯ ᠵᠤᠷᠢᠬ ᠢᠶᠠᠨ ᠪᠠᠲᠤᠳᠬᠠᠬᠤ᠂ ᠬᠠᠳᠠᠭᠤ ᠪᠡᠷᠬᠡᠰᠢᠶᠡᠯ ᠢ ᠬᠠᠮᠳᠤ ᠪᠠᠷ ᠲᠤᠭᠤᠯᠬᠤ᠂ ᠰᠢᠨᠵᠢᠯᠡᠬᠦ ᠤᠠᠬᠭᠠᠠᠴᠢ ᠪᠠᠷ ᠰᠡᠷᠭᠡᠶᠢᠯᠡᠡ ᠵᠠᠰᠠᠬᠤ᠂ ᠠᠷᠭ᠎ᠠ ᠪᠤᠲᠤᠯᠭ᠎ᠠ ᠶᠢ ᠤᠨᠤᠪᠴᠢᠲᠠᠢ ᠭᠡᠷᠡᠭᠵᠢᠭᠦᠯᠬᠦ ᠶᠡᠷᠦᠩᠭᠡᠢ ᠱᠠᠭᠠᠷᠲᠠᠯᠭ᠎ᠠ ᠶᠢ ᠡᠷᠡᠰ ᠲᠤᠭᠤᠰᠢᠯᠠᠭᠤᠯᠵᠦ᠂ ᠵᠤᠬᠢᠶᠠᠠ ᠪᠠᠶᠢᠭᠤᠯᠵᠦ ᠤᠲᠤᠷᠢᠳᠬᠤ ᠪᠠᠨ ᠴᠢᠩᠭᠠᠳᠬᠠᠠ᠂ ᠴᠡᠷᠢᠭ ᠠᠩᠭᠢ ᠪᠤᠯᠤᠨ ᠭᠠᠵᠠᠷ ᠤᠷᠤᠨ ᠤ ᠬᠠᠮᠵᠢᠯᠴᠠᠭ᠎ᠠ ᠶᠢ ᠨᠢᠬᠳᠠᠷᠠᠭᠤᠯᠵᠦ᠂ ᠰᠢᠨᠵᠢᠯᠡᠬᠦ ᠤᠬᠠᠭᠠᠠᠴᠢ ᠪᠠᠷ ᠡᠮᠨᠡᠡ ᠵᠠᠰᠠᠬᠤ᠂ ᠲᠤᠰ ᠪᠡᠶ᠎ᠠ ᠶᠢᠨ ᠬᠠᠮᠠᠭᠠᠯᠠᠯᠲᠠ ᠪᠠᠨ ᠰᠠᠶᠢᠳᠤᠷ ᠬᠢᠬᠦ ᠶᠢ ᠪᠠᠷᠢᠮᠳᠠᠯᠠᠵᠦ᠂ ᠮᠠᠠ ᠤ ᠴᠡᠷᠢᠭ ᠤᠨ ᠲᠠᠶᠢᠨ ᠬᠢᠵᠦ ᠲᠡᠶᠢᠯᠬᠦ᠂ ᠢᠯᠠᠭᠤᠭᠰᠠᠠ ᠲᠠᠶᠢᠨ ᠬᠢᠬᠦ ᠰᠢᠯᠭᠠᠷᠠᠬᠰᠠᠨ ᠴᠢᠲᠠᠪᠤᠷᠢ ᠶᠢ ᠲᠠᠪᠲᠠᠠ ᠪᠤᠯᠪᠠᠰᠤᠷᠠᠭᠤᠯᠪᠠ︔ ᠢᠮᠠᠭᠲᠠ ᠬᠢᠵᠢᠭ ᠤᠨ ᠪᠠᠶᠢᠲᠠᠯ ᠢ ᠵᠠᠷᠯᠢᠭ ᠢᠶᠠᠷ ᠦᠵᠡᠵᠦ᠂ ᠲᠠᠭᠤᠲᠠᠪᠠᠯ ᠢᠷᠡᠵᠦ᠂ ᠢᠷᠡᠪᠡᠯ ᠪᠠᠶᠢᠯᠳᠦᠵᠦ᠂ ᠪᠠᠶᠢᠯᠳᠤᠪᠠᠯ ᠢᠯᠠᠵᠦ᠂ ᠬᠦᠴᠢᠷᠲᠡᠯᠲᠡᠢ ᠦᠶ᠎ᠠ ᠳᠤ ᠴᠡᠭᠡᠵᠢ ᠲᠦᠷᠦᠨ ᠤᠷᠤᠵᠦ᠂ ᠮᠠᠠ ᠤ ᠴᠡᠷᠢᠭ ᠤᠨ ᠬᠦᠴᠢᠷ ᠪᠡᠷᠬᠡᠰᠢᠶᠡᠯ ᠬᠡᠳᠦᠢ ᠶᠡᠭᠡ ᠪᠤᠯᠬᠤ ᠲᠤᠲᠤᠮ ᠲᠡᠲᠦᠢ ᠤᠷᠤᠭᠰᠢ ᠲᠠᠪᠰᠢᠬᠤ ᠬᠠᠲᠠᠠ ᠵᠤᠷᠢᠭ ᠢ ᠢᠯᠡᠷᠡᠭᠦᠯᠵᠦ᠂ ᠨᠠᠮ ᠤᠨ ᠲᠤᠭ᠂ ᠴᠡᠷᠢᠭ ᠤᠨ ᠲᠤᠭ ᠲᠤ ᠭᠡᠷᠡᠯ ᠬᠢᠯᠪᠠᠭ᠎ᠠ ᠨᠡᠮᠡᠷᠢᠯᠡᠵᠠᠢ ᠭᠡᠵᠦ ᠵᠢᠭᠠᠵᠦ ᠭᠠᠷᠭᠠᠪᠠ᠃    ᠬᠦᠬᠢᠬᠦᠯᠦᠨ ᠱᠠᠩᠨᠠᠬᠤ ᠵᠠᠷᠯᠢᠭ ᠲᠤ᠂ ᠪᠦᠬᠦ ᠴᠡᠷᠢᠭ ᠠᠩᠭᠢ ᠪᠤᠯᠤᠨ ᠦᠷᠭᠡᠡ ᠤᠯᠠᠠ ᠲᠠᠷᠤᠭ᠎ᠠ ᠪᠠᠶᠢᠯᠲᠤᠭᠴᠢ ᠰᠢᠨ᠎ᠠ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠲᠠᠯ ᠢ ᠰᠡᠷᠭᠡᠶᠢᠯᠡᠡ ᠡᠵᠡᠮᠲᠡᠬᠦ ᠡᠬᠦᠷᠭᠡ ᠶᠢ ᠬᠦᠢᠴᠡᠳᠬᠡᠭᠰᠡᠡ ᠪᠦᠬᠦ ᠬᠦᠮᠦᠰ ᠠᠴᠠ ᠲᠠᠭᠠᠨ ᠰᠤᠷᠤᠯᠴᠠᠵᠦ᠂ ᠤᠭ ᠰᠠᠨᠠᠭ᠎ᠠ ᠪᠠᠨ ᠦᠯᠦ ᠮᠠᠷᠲᠠᠵᠦ᠂ ᠡᠬᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠴᠡᠷᠢᠭ ᠢ ᠬᠦᠴᠦᠷᠭᠡᠭᠵᠢᠭᠦᠯᠬᠦ ᠦᠢᠯᠡᠰ ᠢ ᠴᠢᠷᠮᠠᠶᠢᠨ ᠠᠬᠢᠭᠤᠯᠬᠤ ᠬᠡᠷᠡᠭᠲᠡᠢ᠃ ᠡᠯ᠎ᠠ ᠱᠠᠲᠤᠨ ᠤ ᠬᠢᠨ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠲᠤᠮᠲᠠᠲᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠲᠤᠯᠭ᠎ᠠ ᠪᠤᠯᠭᠠᠬᠤ ᠶᠢ ᠪᠠᠷᠢᠮᠲᠠᠯᠠᠠ᠂ ᠰᠢ ᠶᠢᠨ ᠫᠢᠩ ᠤᠨ ᠴᠡᠷᠢᠭ ᠢ ᠬᠦᠴᠦᠷᠭᠡᠭᠵᠢᠭᠦᠯᠬᠦ ᠦᠵᠡᠯ ᠰᠠᠨᠠᠭ᠎ᠠ ᠶᠢ ᠬᠦᠨᠵᠡᠭᠡᠢ ᠲᠤᠭᠤᠰᠢᠯᠠᠭᠤᠯᠵᠦ᠂ ᠰᠢᠨ᠎ᠠ ᠴᠠᠭ ᠦᠶ᠎ᠠ ᠶᠢᠨ ᠴᠡᠷᠢᠭ ᠢ ᠬᠦᠴᠦᠷᠭᠡᠭᠵᠢᠭᠦᠯᠬᠦ ᠪᠠᠶᠢᠯᠲᠤᠬᠤ ᠪᠤᠲᠤᠯᠭ᠎ᠠ ᠴᠢᠭᠯᠡᠯᠲᠡ ᠶᠢ ᠬᠦᠨᠵᠡᠭᠡᠢ ᠲᠤᠭᠤᠰᠢᠯᠠᠭᠤᠯᠵᠦ᠂ ︽ᠲᠦᠷᠪᠡᠡ ᠤᠬᠠᠮᠰᠠᠷ︾ ᠢᠶᠠᠨ ᠴᠢᠩᠭᠠᠳᠬᠠᠵᠦ᠂ ︽ᠲᠦᠷᠪᠡᠡ ᠢᠲᠡᠭᠡᠯ︾ ᠢᠶᠠᠨ ᠪᠠᠲᠤᠳᠬᠠᠠ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠴᠡᠷᠢᠭ ᠤᠨ ᠶᠠᠪᠤᠲᠠᠯ ᠤᠨ ᠬᠤᠷᠢᠶᠠᠠ ᠤ ᠲᠡᠷᠢᠭᠦᠯᠡᠭᠴᠢ ᠶᠢᠨ ᠬᠠᠷᠢᠭᠤᠴᠠᠯᠭ᠎ᠠ ᠶᠢᠨ ᠲᠦᠷᠢᠮ ᠢ ᠲᠤᠭᠤᠰᠢᠯᠠᠭᠤᠯᠤᠨ᠂ ᠤᠯᠤᠰ ᠲᠦᠷᠦ ᠪᠠᠷ ᠴᠡᠷᠢᠭ ᠢ ᠪᠠᠶᠢᠭᠤᠯᠬᠤ᠂ ᠦᠭᠡᠷᠡᠴᠢᠯᠡᠯᠲᠡ ᠪᠠᠷ ᠴᠡᠷᠢᠭ ᠢ ᠬᠦᠴᠦᠷᠭᠡᠭᠵᠢᠭᠦᠯᠬᠦ᠂ ᠰᠢᠨᠵᠢᠯᠡᠬᠦ ᠤᠠᠬᠭᠠᠠ ᠲᠧᠭᠨᠢᠭ ᠮᠡᠷᠬᠡᠵᠢᠯ ᠢᠶᠠᠷ ᠴᠡᠷᠢᠭ ᠢ ᠬᠦᠴᠦᠷᠭᠡᠭᠵᠢᠭᠦᠯᠬᠦ᠂ ᠴᠢᠲᠠᠪᠤᠷᠢᠲᠠᠠ ᠢᠶᠠᠷ ᠴᠡᠷᠢᠭ ᠢ ᠬᠦᠴᠦᠷᠭᠡᠭᠵᠢᠭᠦᠯᠬᠦ᠂ ᠬᠠᠤᠯᠢ ᠶᠤᠰᠤᠭᠠᠷ ᠴᠡᠷᠢᠭ ᠢ ᠵᠠᠰᠠᠬᠤ ᠶᠢ ᠪᠠᠷᠢᠮᠲᠠᠯᠠᠵᠦ᠂ ᠬᠦᠴᠤᠨ ᠢᠶᠠᠨ ᠲᠦᠪᠯᠡᠷᠡᠭᠦᠯᠦᠨ ᠴᠡᠷᠢᠭ ᠢ ᠪᠤᠯᠪᠠᠰᠤᠷᠠᠭᠤᠯᠤᠨ ᠲᠠᠶᠢᠨ ᠳᠤ ᠪᠡᠯᠡᠳᠬᠡᠵᠥ᠂ ᠵᠤᠷᠢᠬᠳᠠᠢ ᠪᠠᠷ ᠵᠠᠮ ᠨᠡᠭᠡᠭᠡᠡ ᠤᠷᠤᠭᠰᠢᠯᠠᠵᠦ᠂ ᠨᠠᠮ ᠤᠨ ᠰᠢᠨ᠎ᠠ ᠴᠠᠭ ᠦᠶ᠎ᠠ ᠶᠢᠨ ᠴᠡᠷᠢᠭ ᠢ ᠬᠦᠴᠦᠷᠭᠡᠭᠵᠢᠬᠦᠯᠬᠦ ᠬᠠᠷᠠᠯᠲᠠ ᠶᠢ ᠪᠡᠶᠡᠯᠡᠭᠦᠯᠵᠦ᠂ ᠠᠷᠠᠳ ᠤᠨ ᠴᠡᠷᠢᠭ ᠠᠩᠭᠢ ᠶᠢ ᠪᠦᠬᠦ ᠲᠠᠯ᠎ᠠ ᠪᠠᠷ ᠲᠡᠯᠡᠭᠡᠢ ᠶᠢᠨ ᠲᠡᠷᠢᠭᠦᠨ ᠵᠡᠷᠭᠡ ᠶᠢᠨ ᠴᠡᠷᠢᠭ ᠠᠩᠭᠢ ᠪᠤᠯᠭᠠᠠ ᠪᠠᠶᠢᠭᠤᠯᠬᠤ ᠪᠠᠷ ᠴᠦᠬᠦᠷᠡᠰᠢ ᠦᠭᠡᠢ ᠲᠡᠮᠡᠴᠡᠬᠦ ᠭᠡᠷᠡᠭᠲᠡᠢ ᠭᠡᠵᠦ ᠤᠷᠢᠶᠠᠯᠠᠪᠠ᠃
 
ᠢᠷᠡᠯᠲᠡ᠄ ᠲᠤᠮᠳᠠᠲᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠬᠡᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号