ᠡᠭᠦᠷᠭᠡ ᠬᠠᠷᠢᠭᠤᠴᠠᠯᠭ᠎ᠠ ᠪᠠᠨ ᠭᠦᠶᠴᠡᠳᠬᠡᠵᠦ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠶᠳᠪᠦᠷᠢᠲᠦ ᠢᠯᠠᠯᠲᠠ ᠶᠢ ᠣᠯᠣᠨᠠᠮ
ᠨᠡᠶᠢᠲᠡᠯᠡᠭᠰᠡᠨ ᠴᠠᠭ᠄
2020-04-24
     4 ᠰᠠᠷ᠎ᠠ ᠶᠢᠨ 21᠎ ᠤ ᠡᠳᠦᠷ᠂ ᠮᠠᠨ ᠤ ᠬᠤᠰᠢᠭᠤᠨ ᠤ ᠲᠥᠯᠥᠭᠡᠯᠡᠭᠴᠢᠳ ᠤᠨ ᠪᠦᠯᠬᠦᠮ ᠤᠨ 23 ᠠᠷᠠᠳ ᠎ ᠤᠨ ᠲᠥᠯᠥᠭᠡᠯᠡᠭᠴᠢ ᠪᠠ ᠬᠤᠷᠠᠯ ᠳᠤ ᠰᠤᠯᠠ ᠣᠷᠣᠯᠴᠠᠭᠰᠠᠨ ᠦᠦᠰᠢᠨ ᠬᠤᠰᠢᠭᠤᠨ ᠤ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠥᠷᠭᠡᠨ ᠲᠡᠯᠭᠡᠷ ᠶᠠᠷᠢᠯᠴᠠᠭ᠎ᠠ ᠥᠷᠨᠢᠭᠦᠯᠪᠡ᠃ ᠤᠯᠠᠨ ᠢᠶᠠᠷ ᠢᠶᠠᠨ ᠬᠤᠳᠠ ᠶᠢᠨ ᠵᠠᠰᠠᠭ ᠎ ᠤᠨ ᠤᠷᠳᠤᠨ ᠤ ᠠᠵᠢᠯ ᠤᠨ ᠢᠯᠠᠳᠭᠡᠯ ᠤᠨ ᠠᠵᠢᠯ ᠢ ᠳ᠋ᠥᠩᠨᠡᠭᠰᠠᠨ ᠨᠢ ᠦᠨᠡᠨ ᠪᠤᠳᠠᠳᠠᠢ᠂ ᠠᠰᠠᠭᠤᠳᠠᠯ ᠢ ᠵᠠᠳᠠᠯᠤᠭᠰᠠᠨ ᠨᠢ ᠭᠥᠨᠵᠡᠬᠡᠢ ᠲᠤᠭᠤᠰᠢᠲᠠᠢ᠂ ᠪᠠᠶᠢᠷᠢᠯᠠᠭᠤᠯᠤᠯᠲᠠ ᠶᠢᠨ ᠰᠠᠳᠭᠢᠴᠠ ᠨᠢ ᠲᠣᠳᠣᠷᠬᠠᠢ ᠪᠠᠶᠢᠵᠤ᠂ ᠲᠠᠶᠠᠭᠠᠷ ᠤᠨ ᠠᠵᠢᠯ ᠬᠢᠵᠦ ᠦᠢᠯᠡᠰ ᠴᠤᠭᠴᠠᠯᠬᠤ ᠢᠲᠡᠭᠡᠯ ᠵᠣᠷᠢᠭ ᠢ ᠭᠥᠭᠵᠢᠭᠡᠭᠰᠠᠨ ᠪᠠᠶᠢᠨ᠎ᠠ ᠭᠡᠵᠦ ᠰᠠᠨᠠᠯ ᠨᠢᠭᠡᠲᠡᠢ ᠦᠵᠡᠵᠡᠬᠡᠪᠡ᠃
     ᠬᠤᠳᠠ ᠶᠢᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ᠂ ᠡᠨᠡ ᠵᠢᠯ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠶᠠᠰᠤ ᠴᠢᠨᠠᠷ ᠢ ᠳᠡᠭᠡᠭᠰᠢᠯᠡᠭᠦᠯᠬᠦ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠤᠷᠳᠤᠴᠠ ᠶᠢ ᠲᠦᠷᠭᠡᠳᠬᠡᠬᠦ᠂ ᠥᠭᠡᠷᠡᠴᠢᠯᠡᠯᠲᠡ ᠨᠡᠭᠡᠭᠡᠯᠲᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ᠂ ᠠᠵᠤ ᠥᠢᠯᠡᠳᠪᠤᠷᠢ ᠶᠢᠨ ᠬᠦᠷᠢᠶᠡᠯᠡᠩ ᠲᠣᠭᠤᠷᠢᠭ ᠢ ᠭᠥᠭᠵᠢᠭᠦᠯᠭᠦ ᠠᠵᠢᠯᠯᠠᠭ᠎ᠠ ᠶᠢ ᠬᠡᠷᠡᠭᠵᠢᠭᠦᠯᠦᠨ᠎ᠡ ᠭᠡᠵᠦ ᠳᠤᠷᠠᠳᠤᠨ ᠭᠠᠷᠭᠠᠪᠠ᠃ ᠢᠯᠠᠳᠭᠡᠯ ᠳᠤ ᠬᠡᠯᠡᠭᠰᠡᠨ ᠨᠢ᠂ ᠡᠨᠡ ᠵᠢᠯ ᠬᠤᠳᠠᠯᠳᠤᠭ᠎ᠠ ᠡᠵᠡᠩᠨᠡᠬᠦ ᠣᠷᠴᠢᠨ ᠢ ᠦᠷᠭᠦᠯᠵᠢᠯᠡᠨ ᠰᠢᠯᠢᠳᠡᠭᠵᠢᠭᠦᠯᠵᠦ ᠠᠷᠠᠳ ᠤᠨ ᠠᠮᠢᠳᠤᠷᠠᠯ ᠳᠤ ᠬᠤᠯᠪᠣᠭᠳᠠᠬᠤ ᠨᠠᠩ ᠣᠯᠠᠨ ᠤᠴᠢᠷ ᠶᠠᠪᠤᠳᠠᠯ ᠢ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠢᠩᠬᠢᠮ ᠳᠤ ᠣᠷᠣᠭᠤᠯᠤᠨ ᠨᠢᠭᠡ ᠴᠤᠩᠬᠤᠪᠴᠢ ᠪᠠᠷ ᠭᠥᠯᠢᠶᠡᠨ ᠠᠪᠴᠤ ᠰᠢᠢᠳᠪᠤᠷᠢᠯᠠᠭᠦ ᠵᠠᠭᠪᠤᠷ ᠢ 80%᠎ ᠠᠴᠠ ᠳᠡᠭᠡᠭᠰᠢ ᠳᠤ ᠬᠦᠷᠭᠡᠨ᠎ᠡ᠂ ᠡᠨᠡ ᠨᠢ ᠴᠤᠩᠬᠤᠪᠴᠢ ᠪᠠᠶᠢᠭᠤᠯᠭ᠎ᠠ ᠨᠢᠭᠡᠴᠢ ᠳᠤ ᠠᠪᠴᠤ ᠭᠡᠯᠡᠪᠠᠯ ᠬᠥᠳᠡᠯᠭᠡᠬᠦ ᠬᠦᠴᠦᠨ ᠪᠣᠯᠬᠤ ᠮᠥᠷᠲᠡᠭᠡᠨ ᠳᠠᠷᠤᠯᠲᠠ ᠪᠣᠯᠤᠨ᠎ᠠ ᠭᠡᠵᠡᠢ᠃
     ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠵᠣᠣ ᠰᠢᠦ᠋ᠩ ᠸᠧᠶ᠄ ︽ᠬᠤᠲᠠ ᠶᠢᠨ ᠵᠠᠰᠠᠭ ᠎ ᠤᠨ ᠣᠷᠳᠣᠨ ᠤ ᠠᠵᠢᠯ ᠤᠨ ᠢᠯᠡᠳᠬᠡᠯ ᠳᠤ ᠡᠨᠡ ᠵᠢᠯ ᠤᠨ ᠨᠢᠭᠡ ᠴᠣᠩᠬᠤᠪᠴᠢ ᠪᠠᠷ ᠭᠥᠯᠢᠶᠡᠨ ᠠᠪᠴᠤ ᠰᠢᠶᠳᠪᠦᠷᠢᠯᠡᠬᠦ ᠨᠣᠷᠮ᠎ᠠ ᠶᠢ 80%᠎ ᠳᠤ ᠬᠦᠷᠭᠡᠨ᠎ᠡ ᠭᠡᠵᠦ ᠳᠤᠷᠠᠳᠤᠨ ᠭᠠᠷᠭᠠᠵᠠᠢ᠂ ᠥᠭᠡᠷ᠎ᠡ ᠪᠠᠷ ᠬᠡᠯᠡᠪᠡᠯ ᠵᠠᠰᠠᠭ ᠎ ᠤᠨ ᠶᠠᠪᠤᠳᠠᠯ ᠤᠨ ᠦᠶᠯᠡᠴᠢᠯᠡᠭᠡᠨ ᠤ ᠶᠡᠭᠡ ᠲᠢᠩᠬᠢᠮ ᠳᠤ ᠠᠵᠢᠯ ᠬᠦᠢᠴᠡᠳᠬᠡᠬᠦ ᠤᠴᠢᠷ ᠶᠠᠪᠤᠳᠠᠯ ᠤᠨ 80%᠎ ᠶᠢ ᠨᠢᠭᠡ ᠴᠣᠩᠬᠤᠪᠴᠢ ᠪᠠᠷ ᠭᠥᠯᠢᠶᠡᠨ ᠠᠪᠴᠤ ᠰᠢᠶᠳᠪᠦᠷᠢᠯᠡᠬᠦ ᠶᠢ ᠪᠠᠶᠠᠯᠠᠭᠦᠯᠭᠦ ᠭᠡᠷᠡᠭᠳᠠᠢ ᠪᠠᠶᠢᠨ᠎ᠠ᠃ ᠡᠨᠡ ᠬᠦ ᠬᠠᠷᠠᠯᠲᠠ ᠎ ᠨᠢ ᠬᠥᠮᠦᠰ ᠤᠨ ᠰᠡᠳᠬᠢᠯ ᠢ ᠤᠷᠮᠠᠰᠢᠭᠤᠯᠤᠨ᠎ᠠ᠂ ᠮᠥᠨ ᠴᠦ ᠮᠠᠨ ᠤ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠠᠵᠢᠯ ᠳᠤ ᠨᠡᠯᠢᠶᠡᠳ ᠥᠨᠳᠥᠷ ᠱᠠᠭᠠᠷᠳᠠᠯᠭ᠎ᠠ ᠳᠤᠷᠠᠳᠤᠭᠰᠠᠨ ᠪᠠᠶᠢᠨ᠎ᠠ᠃ ᠡᠶᠢᠮᠤ ᠠᠴᠠ ᠪᠢᠳᠡ ᠡᠨᠡ ᠬᠦ ᠬᠠᠷᠠᠯᠲᠠ ᠎ ᠶᠢ ᠵᠠᠪᠠᠯ ᠪᠠᠶᠠᠯᠠᠭᠦᠯᠭᠦ ᠴᠢᠬᠤᠯᠠ ᠲᠠᠢ᠃ ᠠᠵᠢᠯᠲᠠᠨ᠂ ᠦᠶᠯᠡᠴᠢᠯᠡᠭᠡᠨ ᠤ ᠶᠠᠰᠤ ᠴᠢᠨᠠᠷ᠂ ᠠᠵᠢᠯ ᠬᠦᠢᠴᠡᠳᠬᠡᠬᠦ ᠶᠢ ᠬᠠᠷᠢᠯᠴᠠᠨ ᠤᠶᠠᠯᠳᠤᠭᠤᠯᠪᠠᠯ ᠨᠢᠭᠡ ᠴᠤᠩᠬᠤᠪᠴᠢ ᠪᠠᠷ ᠭᠥᠯᠢᠶᠡᠨ ᠠᠪᠴᠤ ᠰᠢᠶᠳᠪᠦᠷᠢᠯᠡᠬᠦ ᠶᠢ ᠪᠡᠶᠡᠯᠡᠭᠦᠯᠵᠦ ᠴᠢᠳᠠᠨ᠎ᠠ ︾ ᠬᠡᠪᠡ᠃
     ᠬᠤᠳᠠ ᠶᠢᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ᠂ ᠬᠤᠲᠠ ᠬᠥᠳᠡᠭᠡ ᠣᠷᠣᠨ ᠪᠦᠰᠡ ᠶᠢᠨ ᠵᠤᠭᠢᠴᠠᠩᠭᠤᠢ ᠬᠥᠭᠵᠢᠯᠲᠡ ᠶᠢ ᠠᠭᠢᠭᠤᠯᠤᠨ ᠠᠵᠤ ᠠᠬᠤᠶ ᠶᠢᠨ ᠪᠠᠶᠢᠷᠢᠯᠠᠭᠤᠯᠤᠯᠳᠠ ᠶᠢ ᠰᠢᠯᠢᠳᠡᠭᠵᠢᠭᠦᠯᠵᠦ ᠣᠲᠣ ᠦᠶ᠎ᠡ ᠶᠢᠨ ᠰᠠᠭᠤᠷᠢ ᠲᠥᠬᠦᠭᠡᠷᠦᠮᠵᠢ ᠶᠢᠨ ᠲᠣᠤᠷ ᠰᠦᠯᠵᠢᠶᠡᠨ ᠤ ᠰᠢᠰᠲ᠋ᠧᠮ ᠢ ᠪᠠᠶᠢᠭᠤᠯᠤᠨ ᠬᠤᠲᠠ ᠬᠥᠳᠡᠭᠡ ᠢ ᠭᠦᠨᠵᠡᠭᠡᠶ ᠠᠭᠤᠰᠤᠯᠴᠠᠭᠤᠯᠵᠤ ᠡᠬᠢ ᠪᠠᠶᠠᠯᠢᠭ ᠤᠨ ᠬᠦᠴᠦᠨ ᠵᠦᠶᠯ ᠢ ᠰᠢᠯᠢᠳᠡᠭᠵᠢᠭᠦᠯᠦᠨ ᠬᠤᠲᠠ ᠬᠥᠳᠡᠭᠡ ᠶᠢ ᠵᠤᠭᠢᠴᠠᠯᠳᠤᠭᠤᠯᠣᠨ ᠣᠷᠣᠨ ᠪᠦᠰᠡ ᠶᠢ ᠬᠠᠮᠵᠢᠯᠴᠠᠭᠤᠯᠤᠨ ᠬᠥᠭᠵᠢᠭᠦᠯᠬᠦ ᠠᠵᠤ ᠠᠬᠤᠶ ᠶᠢᠨ ᠪᠠᠶᠢᠷᠢᠰᠢᠯ ᠢ ᠪᠦᠷᠢᠯᠳᠦᠭᠦᠯᠬᠦ ᠬᠡᠷᠡᠭᠲᠡᠶ ᠭᠡᠵᠦ ᠳᠤᠷᠠᠳᠤᠨ ᠭᠠᠷᠭᠠᠪᠠ᠃
     ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠯᠦᠸᠧ ᠷᠦᠢ᠄ ︽ᠪᠤᠰᠤᠳ ᠮᠤᠵᠢ ᠣᠷᠣᠨ᠂ ᠬᠥᠷᠰᠢ ᠵᠡᠷᠭᠡᠯᠡᠳᠡᠭᠡ ᠭᠠᠵᠠᠷ ᠣᠷᠣᠨ ᠯᠤᠭ᠎ᠠ ᠶᠢᠨ ᠵᠠᠮ ᠬᠠᠷᠢᠯᠴᠠᠭᠠᠨ ᠤ ᠨᠠᠪᠳᠠᠷᠠᠯᠴᠡᠭᠡ ᠎ ᠨᠢ ᠪᠢᠳᠡᠨ ᠳᠤ ᠠᠵᠤ ᠦᠶᠯᠡᠰ ᠤᠨ ᠬᠥᠭᠵᠢᠯᠲᠡ ᠶᠢ ᠲᠥᠷᠭᠡᠳᠭᠡᠭᠦ᠂ ᠵᠢᠭᠤᠯᠴᠢᠯᠠᠯ ᠢ ᠠᠭᠢᠭᠤᠯᠬᠤ᠂ ᠦᠶᠯᠡᠳᠪᠦᠷᠢᠯᠡᠯ ᠠᠮᠢᠳᠤᠷᠠᠯ᠂ ᠡᠳ᠋ ᠪᠣᠳᠠᠰ ᠤᠨ ᠭᠦᠶᠯᠭᠡᠭᠡ᠂ ᠬᠥᠮᠦᠨ ᠤ ᠶᠠᠪᠤᠵᠤ ᠰᠠᠭᠤᠬᠤ ᠳᠤ ᠲᠥᠭᠦᠮ ᠢ ᠠᠪᠴᠢᠷᠠᠬᠤ ᠪᠥᠭᠡᠳ ᠡᠯ᠎ᠡ ᠭᠠᠵᠠᠷ ᠤᠨ ᠰᠣᠯᠢᠯᠴᠠᠭ᠎ᠠ ᠶᠢ ᠠᠭᠢᠭᠤᠯᠤᠨ᠎ᠠ᠂ ᠮᠢᠨᠦ ᠦᠵᠡᠬᠦ ᠪᠠᠷ ᠡᠨᠡ ᠪᠣᠯ ᠬᠤᠲᠠ ᠬᠥᠳᠡᠭᠡ ᠶᠢ ᠨᠢᠭᠡᠳᠦᠯᠲᠡᠶ ᠲᠥᠯᠥᠪᠵᠢᠭᠦᠯᠭᠦ ᠭᠢᠯᠠᠰ ᠴᠡᠭ ᠪᠣᠯᠤᠨ᠎ᠠ︾ ᠬᠡᠪᠡ᠃
     ᠬᠤᠳᠠ ᠶᠢᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ᠂ ᠡᠨᠡ ᠵᠢᠯ ᠶᠠᠨ ᠠᠨ ᠲᠠᠮᠠᠭᠡᠳᠤ ᠣᠷᠳᠣᠰ ᠎ ᠤᠨ ᠥᠨᠳᠤᠷ ᠬᠤᠷᠳᠤᠴᠠᠳᠤ ᠲᠠᠮᠤᠷ ᠵᠠᠮ ᠤᠨ ᠣᠷᠳᠣᠰ ᠲᠠᠮᠡᠭᠡᠳᠤ ᠶᠢᠨ ᠬᠡᠰᠡᠭ ᠤᠨ ᠪᠥᠲᠥᠭᠡᠨ ᠪᠠᠶᠢᠭᠤᠯᠤᠯᠲᠠ ᠶᠢ ᠡᠭᠢᠯᠠᠭᠦᠯᠤᠨ ᠪᠤᠭᠤᠳᠤ ᠠᠴᠠ ᠢᠷᠭᠠᠢ ᠭᠥᠷᠭᠦ ᠥᠨᠳᠤᠷ ᠬᠤᠷᠳᠤᠴᠠᠲᠤ ᠲᠡᠮᠦᠷ ᠵᠠᠮ ᠤᠨ ᠣᠷᠳᠣᠰ ᠤᠨ ᠬᠡᠰᠡᠭ ᠤᠨ ᠪᠥᠲᠥᠭᠡᠨ ᠪᠠᠶᠢᠭᠤᠯᠤᠯᠲᠠ ᠶᠢ ᠳᠡᠮᠵᠢᠵᠦ 284 ᠳ᠋ᠥᠩᠰᠢᠭᠤᠷ ᠲᠥᠭᠦᠷᠢᠭ ᠠᠴᠠ ᠳᠡᠭᠡᠭᠰᠢᠬᠢ ᠭᠤᠤᠯᠳᠠᠯᠭ᠎ᠠ ᠲᠠᠢ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢ ᠠᠭᠢᠭᠤᠯᠤᠨ ᠨᠡᠶᠢᠭᠡᠮ ᠤᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢ 600 ᠳ᠋ᠥᠩᠰᠢᠭᠤᠷ ᠲᠥᠭᠦᠷᠢᠭ ᠠᠴᠠ ᠳᠡᠭᠡᠭᠰᠢ ᠪᠡᠶᠡᠯᠡᠭᠦᠯᠦᠨ᠎ᠡ ᠭᠡᠵᠦ ᠳᠤᠷᠠᠳᠤᠨ ᠭᠠᠷᠭᠠᠪᠠ᠃
     ᠬᠤᠲᠠ ᠶᠢᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠱᠤᠤ ᠯᠢᠶᠠᠨ ᠴᠢᠩ᠄ ︽ᠪᠢ ᠢᠯᠡᠳᠬᠡᠯ ᠢ  ᠰᠤᠨᠤᠰᠤᠭᠠᠳ ᠲᠤᠶᠢᠯ ᠢᠶᠠᠷ ᠤᠷᠮᠠᠰᠢᠨ ᠵᠤᠷᠢᠭᠵᠢᠯ᠎ᠠ᠂ ᠮᠢᠨᠦ ᠪᠤᠳᠤᠬᠤ ᠪᠠᠷ ᠨᠡᠭᠦᠷᠡᠰᠦ ᠪᠠᠷ ᠲᠦᠭᠦᠬᠡᠶ ᠡᠳ᠋ ᠪᠤᠯᠭᠠᠨ ᠠᠯᠬᠤᠮ ᠠᠯᠬᠤᠮ ᠢᠶᠠᠷ ᠨᠢᠮᠪᠠᠢ ᠭᠢᠵᠤ ᠰᠢᠯᠢᠳᠡᠭ ᠦᠶᠯᠡᠳᠬᠦᠨ ᠢ ᠥᠢᠯᠡᠳᠪᠤᠷᠢᠯᠠᠨ ᠭᠠᠷᠭᠠᠪᠠᠯ ᠰᠠᠶ᠋ᠢ ᠤᠷᠳᠤᠰ ᠤᠨ ᠨᠡᠭᠦᠷᠡᠰᠦᠨ ᠤ ᠠᠵᠤ ᠦᠶᠯᠡᠰ ᠰᠢᠰᠲ᠋ᠧᠮ ᠲᠠᠢ ᠭᠥᠭᠵᠢᠯᠳᠠ ᠶᠢᠨ ᠢᠷᠠᠭᠡᠳᠤᠢ ᠲᠠᠢ ᠪᠤᠯᠵᠤ ᠴᠢᠳᠠᠨ᠎ᠠ᠃ ᠲᠠᠭᠢᠪᠠᠯ ᠲᠦᠷᠦᠭᠦᠦ ᠬᠠᠭᠠᠰ ᠵᠢᠯ ᠤᠨ ᠪᠠᠭ᠎ᠠ ᠪᠢᠴᠢᠯ ᠠᠵᠤ ᠠᠬᠤᠶᠢᠯᠠᠯ ᠢᠯᠠᠩᠭᠤᠶ᠎ᠠ ᠭᠤᠷᠪᠠᠳᠤᠭᠠᠷ ᠠᠵᠤ ᠦᠶᠯᠡᠰ ᠤᠨ ᠭᠠᠶᠢᠯᠢ ᠶᠢ ᠵᠤᠬᠢᠬᠤ ᠬᠡᠮᠵᠢᠶ᠎ᠡ ᠪᠠᠷ ᠪᠠᠭᠤᠷᠠᠭᠤᠯᠵᠤ ᠲᠡᠳᠡᠨ ᠢ ᠲᠡᠳᠬᠦᠨ ᠲᠠᠮᠵᠢᠪᠠᠯ ᠨᠡᠩ ᠵᠤᠭᠢᠰᠳᠠᠢ ᠪᠠᠶᠢᠨ᠎ᠠ︾ ᠬᠡᠪᠡ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号