ᠮᠠᠨ ᠤ ᠬᠤᠰᠢᠭᠤ 2020 ᠣᠨ ᠤ ᠭᠠᠴᠠᠭ᠎ᠠ ᠳᠣᠰᠬᠤᠨ ᠤ ᠬᠠᠮᠲᠣ ᠶᠢᠨ ᠠᠵᠣ ᠠᠬᠤᠢ ᠶᠢᠨ ᠭᠤᠣᠯᠳᠠᠯᠭ᠎ᠠ ᠲᠠᠢ ᠳᠡᠳᠬᠦᠨ ᠬᠦᠭᠵᠢᠬᠦᠯᠬᠦ ᠳᠦᠷᠦᠯ ᠵᠦᠢᠯ ᠢ ᠬᠢᠨᠠᠨ ᠳᠣᠭᠳᠠᠭᠠᠬᠤ ᠬᠤᠷᠠᠯ ᠢ ᠬᠤᠷᠠᠯᠳᠣᠭᠤᠯᠪᠠ
ᠨᠡᠶᠢᠲᠡᠯᠡᠭᠰᠡᠨ ᠴᠠᠭ᠄
2020-04-24
     4 ᠰᠠᠷ᠎ᠠ ᠶᠢᠨ 20 ᠤ ᠡᠳᠦᠷ᠂ ᠮᠠᠨ ᠤ ᠬᠤᠰᠢᠭᠤ 2020 ᠣᠨ ᠤ ᠭᠠᠴᠠᠭ᠎ᠠ ᠳᠣᠰᠬᠤᠨ ᠤ ᠬᠠᠮᠲᠣ ᠶᠢᠨ ᠠᠵᠣ ᠠᠬᠤᠢ ᠶᠢᠨ ᠭᠤᠣᠯᠳᠠᠯᠭ᠎ᠠ ᠲᠠᠢ ᠳᠡᠳᠬᠦᠨ ᠬᠦᠭᠵᠢᠬᠦᠯᠬᠦ ᠳᠦᠷᠦᠯ ᠵᠦᠢᠯ ᠢ ᠬᠢᠨᠠᠨ ᠳᠣᠭᠳᠠᠭᠠᠬᠤ ᠬᠤᠷᠠᠯ ᠢ ᠬᠤᠷᠠᠯᠳᠣᠭᠤᠯᠵᠦ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ ᠵᠣᠬᠢᠶᠠᠨ ᠪᠠᠶᠢᠭᠤᠯᠬᠤ ᠬᠡᠯᠳᠡᠰ ᠤᠨ ᠳᠠᠷᠤᠭ᠎ᠠ ᠰᠣ᠋ ᠰᠢᠨ ᠹᠠ᠂ ᠬᠤᠰᠢᠭᠤ ᠳᠡᠳ᠋ ᠳᠠᠷᠤᠭ᠎ᠠ ᠪᠠᠶᠠᠨᠴᠡᠩᠬᠡᠯ ᠬᠤᠷᠠᠯ ᠳᠤ ᠣᠷᠣᠯᠴᠠᠪᠠ᠃
     ᠬᠤᠷᠠᠯ ᠳᠡᠭᠡᠷ᠎ᠡ᠂ ᠰᠣ᠋ ᠰᠢᠨ ᠹᠠ ᠵᠢᠭᠠᠬᠤ ᠳᠠᠭᠠᠨ᠂ ᠭᠠᠴᠠᠭ᠎ᠠ ᠳᠣᠰᠬᠤᠨ ᠤ ᠬᠠᠮᠲᠣ ᠶᠢᠨ ᠠᠵᠣ ᠠᠬᠤᠢ ᠶᠢ ᠬᠦᠭᠵᠢᠬᠦᠯᠬᠦ ᠨᠢ ᠨᠠᠮ ᠤᠨ ᠮᠠᠯᠵᠢᠬᠤ ᠳᠠᠷᠢᠶᠠᠯᠠᠬᠤ ᠣᠷᠣᠨ ᠳᠤ ᠵᠠᠰᠠᠭ ᠶᠠᠪᠤᠭᠤᠯᠬᠤ ᠰᠠᠭᠤᠷᠢ ᠶᠢ ᠪᠠᠳᠣᠳᠬᠠᠬᠤ ᠶᠢᠨ ᠴᠢᠬᠤᠯᠠ ᠠᠷᠭ᠎ᠠ ᠵᠠᠮ ᠪᠠᠶᠢᠵᠦ ᠮᠠᠯᠵᠢᠬᠤ ᠳᠠᠷᠢᠶᠠᠯᠠᠬᠤ ᠣᠷᠣᠨ ᠤ ᠦᠨᠳᠦᠰᠦᠨ ᠡᠵᠡᠩᠨᠡᠯᠳᠡ ᠶᠢᠨ ᠳᠦᠷᠢᠮ ᠢ ᠪᠠᠬᠢᠵᠢᠬᠦᠯᠦᠨ ᠳᠡᠬᠦᠯᠳᠡᠷᠵᠢᠬᠦᠯᠵᠦ ᠶᠠᠳᠠᠭᠤ ᠬᠦᠴᠢᠷᠳᠡᠯᠳᠡᠢ ᠡᠷᠦᠬᠡ ᠶᠢᠨ ᠶᠠᠳᠠᠭᠤ ᠠᠴᠠ ᠠᠩᠬᠢᠵᠢᠷᠠᠨ ᠣᠷᠣᠯᠭ᠎ᠠ  ᠪᠠᠨ ᠨᠡᠮᠡᠭᠳᠡᠬᠦᠯᠵᠦ  ᠶᠠᠳᠠᠭᠤ ᠠᠴᠠ ᠠᠩᠬᠢᠵᠢᠷᠠᠭᠤᠯᠬᠤ ᠪᠣᠭᠤᠮᠳᠠ ᠰᠢᠪᠳᠣᠯᠬᠤ ᠳᠠᠶᠢᠯᠠᠯᠳᠣᠭᠠᠨ ᠤ ᠢᠯᠡᠯᠳᠡ ᠶᠢ ᠣᠯᠬᠤ ᠶᠢᠨ ᠪᠠᠴᠢᠮ ᠬᠡᠷᠡᠭᠴᠡᠭᠡ ᠪᠣᠯᠣᠨ᠎ᠠ᠃ ᠦᠵᠡᠯᠳᠡ ᠳᠠᠨᠢᠯᠳᠠ ᠪᠠᠨ ᠳᠡᠭᠡᠭᠰᠢᠯᠡᠬᠦᠯᠵᠦ ᠡᠬᠦᠷᠭᠡ ᠬᠠᠷᠠᠯᠳᠠ ᠪᠠᠨ ᠳᠣᠳᠣᠷᠬᠠᠢ ᠪᠠᠶᠢᠯᠭᠠᠨ ᠨᠢᠬᠡ ᠪᠦᠯᠦᠭ ᠴᠢᠨᠠᠷᠯᠢᠭ᠂ ᠦᠷ᠎ᠡ ᠠᠰᠢᠭ ᠦᠨᠳᠦᠷ ᠠᠵᠣ ᠠᠬᠤᠢ ᠶᠢᠨ ᠳᠦᠷᠦᠯ ᠵᠦᠢᠯ ᠢ ᠬᠦᠭᠵᠢᠬᠦᠯᠵᠦ ᠨᠢᠬᠡ ᠪᠦᠯᠦᠭ ︽ᠣᠬᠤᠷ ᠬᠤᠭᠤᠴᠠᠭᠠᠲᠣ ᠦᠨᠳᠦᠷ ᠪᠦᠲᠦᠮᠵᠢᠲᠦ︾ ᠬᠠᠮᠲᠣ ᠶᠢᠨ ᠠᠵᠣ ᠠᠬᠤᠢ  ᠶᠢᠨ ᠳᠦᠷᠦᠯ ᠵᠦᠢᠯ ᠢ ᠪᠦᠲᠦᠬᠡᠨ ᠪᠠᠶᠢᠭᠤᠯᠤᠨ ᠪᠦᠬᠦ ᠬᠤᠰᠢᠭᠤᠨ ᠤ ᠭᠠᠴᠠᠭ᠎ᠠ ᠳᠣᠰᠬᠤᠨ ᠤ ᠬᠠᠮᠲᠣ ᠶᠢᠨ ᠠᠵᠣ ᠠᠬᠤᠢ ᠶᠢᠨ ᠬᠦᠭᠵᠢᠯᠳᠡ ᠶᠢ ᠯᠠᠪᠳᠠᠭᠤᠨ ᠠᠬᠢᠭᠤᠯᠬᠤ ᠬᠡᠷᠡᠭᠲᠡᠢ ᠬᠡᠪᠡ᠃      ᠰᠣ᠋ ᠰᠢᠨ ᠹᠠ ᠴᠢᠬᠤᠯᠠᠴᠢᠯᠠᠬᠤ ᠳᠠᠭᠠᠨ᠂ ᠬᠦᠭᠵᠢᠬᠦᠯᠬᠦ ᠳᠦᠷᠦᠯ ᠵᠦᠢᠯ ᠢᠶᠠᠨ ᠵᠦᠪ ᠣᠨᠣᠪᠴᠢᠲᠠᠢ ᠪᠠᠷ ᠰᠣᠩᠭᠤᠨ ᠵᠠᠬ᠎ᠠ ᠳᠡᠯᠬᠡᠬᠦᠷ ᠤᠨ ᠪᠠᠶᠢᠴᠠᠭᠠᠯᠳᠠ ᠶᠢ ᠰᠠᠶᠢᠳᠣᠷ ᠬᠢᠵᠦ ᠰᠢᠨᠵᠢᠯᠡᠬᠦ ᠣᠬᠠᠭᠠᠨᠴᠢ ᠣᠨᠣᠪᠴᠢᠳᠠᠢ ᠪᠠᠷ ᠳᠦᠷᠦᠯ ᠵᠦᠢᠯ ᠤᠨ ᠬᠡᠪᠴᠢᠶ᠎ᠡ᠂ ᠪᠡᠯᠡ ᠣᠷᠣᠭᠤᠯᠣᠯᠲᠠ ᠪᠠ ᠠᠰᠢᠭ ᠬᠤᠨᠵᠢᠪᠣᠷᠢ ᠶᠢ ᠳᠦᠰᠦᠬᠡᠯᠡᠨ ᠳᠦᠯᠦᠪᠯᠡᠵᠦ ᠮᠦᠩᠬᠦᠨ ᠬᠦᠢᠯᠬᠡᠬᠡᠨ ᠤ ᠬᠠᠷᠠᠭᠠᠯᠵᠠᠭᠰᠠᠨ ᠳᠦᠷᠦ ᠶᠢᠨ ᠪᠣᠳᠣᠯᠭ᠎ᠠ ᠶᠢ ᠰᠠᠶᠢᠳᠣᠷ ᠲᠤᠭᠤᠰᠢᠯᠠᠭᠤᠯᠤᠨ ᠮᠡᠷᠭᠡᠵᠢᠯ ᠳᠤ ᠳᠦᠰᠢᠭᠯᠡᠵᠦ ᠴᠢᠳᠠᠪᠣᠷᠢᠳᠠᠨ ᠢ ᠰᠣᠩᠭᠤᠨ ᠬᠡᠷᠡᠭᠯᠡᠵᠦ ᠭᠠᠴᠠᠭ᠎ᠠ ᠳᠣᠰᠬᠤᠨ ᠳᠤ ᠰᠠᠭᠤᠭ᠎ᠠ ᠠᠵᠢᠯᠯᠠᠬᠤ ᠠᠩᠬᠢ ᠶᠢᠨ ᠦᠢᠯᠡᠳᠦᠯ ᠢ ᠬᠦᠢᠴᠡᠳ ᠪᠠᠳᠠᠷᠠᠭᠤᠯᠵᠦ ᠡᠵᠡᠩᠨᠡᠯᠳᠡ ᠶᠢᠨ ᠬᠢᠷᠢ ᠲᠦᠪᠰᠢᠨ ᠢᠶᠠᠨ ᠳᠡᠭᠡᠭᠰᠢᠯᠡᠬᠦᠯᠤᠨ ᠳᠦᠷᠦᠯ ᠵᠦᠢᠯ  ᠤᠨ ᠪᠡᠯᠡ ᠮᠦᠩᠬᠦ ᠶᠢᠨ ᠬᠡᠷᠡᠭᠯᠡᠯᠳᠡ ᠶᠢᠨ ᠪᠠᠶᠢᠳᠠᠯ ᠪᠠ ᠳᠣᠭᠳᠠᠮᠠᠯ ᠬᠦᠷᠦᠩᠬᠡ ᠶᠢᠨ ᠬᠤᠪᠢᠷᠠᠯᠳᠠ ᠶᠢᠨ ᠪᠠᠶᠢᠳᠠᠯ ᠢ ᠪᠦᠷᠢᠳᠭᠡᠬᠦ ᠵᠢᠴᠢ ᠭᠠᠴᠠᠭ᠎ᠠ ᠳᠣᠰᠬᠤᠨ ᠤ ᠬᠠᠮᠲᠣ ᠶᠢᠨ ᠠᠵᠣ ᠠᠬᠤᠢ ᠶᠢᠨ ᠳᠦᠷᠦᠯ ᠵᠦᠢᠯ ᠤᠨ ᠬᠢᠨᠠᠨ ᠪᠣᠳᠣᠬᠤ ᠠᠵᠢᠯ ᠢ ᠳᠣᠭᠳᠠᠮᠠᠯ ᠬᠤᠭᠤᠴᠠᠭ᠎ᠠ ᠲᠠᠢ ᠪᠠᠷ ᠦᠷᠨᠢᠬᠦᠯᠬᠦ ᠬᠡᠷᠡᠭᠲᠡᠢ ᠬᠡᠪᠡ᠃      ᠬᠤᠷᠠᠯ ᠠᠴᠠ ᠴᠢᠬᠤᠯᠠᠴᠢᠯᠠᠬᠤ ᠳᠠᠭᠠᠨ᠂ ᠡᠯ᠎ᠡ ᠰᠣᠮᠣ ᠪᠠᠯᠭᠠᠰᠣ᠂ ᠬᠤᠰᠢᠭᠤ ᠰᠢᠭᠤᠳ ᠬᠠᠷᠢᠶ᠎ᠠ ᠪᠠᠶᠢᠭᠤᠯᠭ᠎ᠠ ᠨᠢᠬᠡᠴᠢ ᠶᠢᠨ ᠬᠢᠨ ᠳᠡᠭᠡᠲᠦ ᠬᠡᠮᠵᠢᠶ᠎ᠡ ᠪᠠᠷ ᠴᠢᠬᠤᠯᠠᠴᠢᠯᠠᠵᠦ ᠬᠠᠮᠳᠣᠷᠠᠯᠴᠠᠨ ᠬᠠᠪᠰᠣᠷᠣᠯᠴᠠᠵᠦ ᠬᠠᠮᠢᠶ᠎ᠠ ᠪᠦᠬᠦᠢ ᠳᠦᠷᠦ ᠶᠢᠨ ᠪᠣᠳᠣᠯᠭ᠎ᠠ   ᠶᠢ ᠣᠨᠣᠪᠴᠢᠲᠠᠢ ᠠᠳᠬᠤᠨ ᠳᠦᠷᠦᠯ ᠵᠦᠢᠯ ᠢ ᠪᠠᠶᠢᠴᠠᠭᠠᠨ ᠰᠣᠳᠣᠯᠵᠦ ᠨᠣᠳᠠᠯᠠᠬᠤ ᠶᠢ ᠴᠢᠩᠭᠠᠳᠬᠠᠵᠦ ᠳᠦᠷᠦᠯ ᠵᠦᠢᠯ ᠢ ᠡᠬᠢᠯᠡᠬᠦᠯᠬᠦ ᠠᠴᠠ ᠡᠮᠦᠨᠡᠬᠢ ᠭᠠᠷ ᠬᠦᠢᠴᠡᠳᠬᠡᠯ ᠢ ᠴᠠᠭ ᠳᠣᠬᠠᠢ ᠳᠤᠨᠢ ᠬᠦᠢᠴᠡᠳᠬᠡᠨ ᠳᠦᠷᠦᠯ ᠵᠦᠢᠯ ᠢ ᠪᠦᠲᠦᠬᠡᠨ ᠪᠠᠶᠢᠭᠤᠯᠬᠤ ᠡᠯ᠎ᠡ ᠵᠦᠢᠯ ᠤᠨ ᠠᠵᠢᠯ ᠢ ᠪᠣᠳᠠᠳᠠᠢ ᠳᠤ ᠲᠤᠭᠤᠰᠢᠯᠠᠭᠤᠯᠬᠤ ᠬᠡᠷᠡᠭᠲᠡᠢ ᠬᠡᠪᠡ᠃      ᠬᠤᠷᠠᠯ ᠳᠡᠭᠡᠷ᠎ᠡ᠂ 6 ᠰᠣᠮᠣ ᠪᠠᠯᠭᠠᠰᠣ ᠠᠴᠠ ᠭᠤᠶᠣᠴᠢᠯᠠᠨ ᠮᠡᠳᠡᠬᠦᠯᠦᠭᠰᠡᠨ ᠭᠠᠴᠠᠭ᠎ᠠ ᠳᠣᠰᠬᠤᠨ ᠤ ᠬᠠᠮᠲᠣ  ᠶᠢᠨ ᠠᠵᠣ ᠠᠬᠤᠢ ᠶᠢᠨ 26 ᠳᠦᠷᠦᠯ ᠵᠦᠢᠯ ᠤᠨ ᠳᠣᠬᠠᠢ ᠳᠠᠶᠢᠯᠪᠣᠷᠢᠯᠠᠨ ᠳᠣᠳᠣᠷᠬᠠᠶᠢᠯᠠᠵᠦ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠠᠴᠠ ᠶᠠᠷᠢᠯᠴᠠᠨ ᠰᠣᠳᠣᠯᠵᠦ ᠶᠡᠷᠦᠩᠬᠡᠶᠢᠯᠡᠨ ᠬᠢᠨᠠᠨ ᠳᠣᠭᠳᠠᠭᠠᠪᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号