4 ᠰᠠᠷ᠎ᠠ ᠶᠢᠨ 21 ᠤ ᠡᠳᠦᠷ ᠤᠨ ᠦᠳᠡ ᠶᠢᠨ ᠬᠤᠶᠢᠨ᠎ᠠ᠂ ᠬᠤᠰᠢᠭᠤ ᠨᠠᠮ ᠤᠨ ᠬᠤᠷᠢᠶᠠᠨ ᠤ ᠱᠦᠵᠢ | ᠡᠷᠳᠡᠨᠢᠪᠢᠯᠢᠭ ᠮᠠᠨ ᠤ ᠬᠤᠰᠢᠭᠤᠨ ᠤ ᠲᠥᠯᠥᠭᠡᠯᠡᠭᠴᠢᠳ ᠲᠠᠢ ᠬᠠᠮᠲᠤ ᠬᠤᠲᠠ ᠶᠢᠨ ᠵᠠᠰᠠᠭ ᠤᠨ ᠣᠷᠳᠣᠨ ᠤ ᠠᠵᠢᠯ | ᠤᠨ ᠢᠯᠡᠳᠬᠡᠯ ᠢ ᠬᠢᠨᠠᠨ ᠵᠦᠪᠯᠡᠵᠤ ᠶᠠᠷᠢᠬᠤ ᠳᠤ ᠪᠠᠨ᠂ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠥᠷ᠎ᠠ | ᠪᠥᠳᠥᠮᠵᠢ ᠶᠢ ᠳ᠋ᠥᠩᠨᠡᠭᠰᠠᠨ ᠨᠢ ᠦᠨᠡᠨ ᠪᠤᠳᠠᠳᠠᠢ᠂ ᠠᠰᠠᠭᠤᠳᠠᠯ ᠢ ᠵᠠᠳᠠᠯᠤᠭᠰᠠᠨ ᠨᠢ ᠭᠥᠨᠵᠡᠭᠡᠢ᠂ ᠪᠠᠶᠢᠳᠠᠯ ᠢ | ᠮᠠᠭᠠᠳᠯᠠᠭᠰᠠᠨ ᠨᠢ ᠪᠤᠰᠤᠳᠴᠢ ᠣᠨᠣᠪᠴᠢᠲᠠᠶ᠂ ᠳᠤᠷᠠᠳᠤᠭᠰᠠᠨ ᠬᠠᠷᠠᠯᠲᠠ ᠡᠭᠦᠷᠭᠡ ᠨᠢ ᠪᠤᠳᠠᠳᠠᠢ ᠪᠠᠶᠢᠳᠠᠯ ᠲᠠᠢ | ᠨᠡᠶᠢᠴᠡᠵᠦ ᠪᠠᠶᠢᠨ᠎ᠠ᠃ ᠦᠦᠰᠢᠨ ᠬᠤᠰᠢᠭᠤ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠤᠩᠭᠤᠯ ᠳᠠᠬᠢ | ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠵᠢᠴᠢ ᠤᠯᠤᠰ ᠤᠨ ᠬᠠᠲᠤᠨ ᠭᠤᠤᠯ ᠤᠨ ᠰᠠᠪᠠ ᠭᠠᠵᠠᠷ ᠤᠨ | ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠣᠷᠳᠣᠰ ᠬᠤᠲᠠ ᠶᠢᠨ ᠤᠯᠤᠰ | ᠤᠨ ᠦᠷᠬᠦᠯᠵᠢᠯᠡᠬᠦᠶᠢᠴᠡ ᠬᠥᠭᠵᠢᠯᠲᠡ ᠶᠢᠨ ᠵᠥᠪᠯᠡᠬᠦ ᠵᠦᠶᠯ ᠤᠨ ᠰᠢᠨ᠎ᠡ ᠶᠢ ᠡᠭᠦᠳᠬᠦ ᠵᠢᠱᠢᠶᠡᠴᠢ ᠣᠷᠣᠨ ᠢ | ᠡᠭᠦᠳᠦᠨ ᠪᠠᠶᠢᠭᠤᠯᠬᠤ ᠪᠠᠷ ᠠᠵᠠ ᠲᠣᠬᠢᠶᠠᠯ ᠪᠤᠯᠭᠠᠨ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠥᠯᠥᠪᠵᠢᠭᠦᠯᠭᠡ ᠶᠢ ᠨᠠᠶᠢᠷᠠᠭᠤᠯᠤᠨ ᠲᠤᠭᠲᠠᠭᠠᠬᠤ ᠠᠵᠢᠯ ᠢ ᠲᠦᠷᠭᠡᠳᠬᠡᠨ ᠠᠮᠢ ᠠᠬᠤᠢ ᠶᠢᠨ ᠪᠦᠲᠦᠭᠡᠨ | ᠪᠠᠶᠢᠭᠤᠯᠤᠯᠲᠠ ᠶᠢ ᠢᠮᠠᠭᠲᠠ ᠴᠢᠬᠤᠯᠠ ᠤᠯᠤᠰ ᠲᠦᠷᠦ ᠶᠢᠨ ᠡᠭᠦᠷᠭᠡ ᠪᠠ ᠬᠠᠮᠤᠭ ᠤᠨ ᠦᠨᠳᠦᠰᠦᠨ ᠠᠷᠠᠳ ᠤᠨ | ᠠᠮᠢᠳᠤᠷᠠᠯ ᠤᠨ ᠢᠨᠵᠧᠨᠧᠷᠢᠩ ᠪᠣᠯᠭᠠᠵᠤ ᠮᠤᠤᠠᠤᠰᠤ ᠶᠢᠨ ᠡᠯᠡᠰᠤ ᠶᠢ ᠵᠠᠰᠠᠭᠰᠠᠨ ᠲᠤᠷᠰᠢᠯᠭ᠎ᠠ ᠶᠢ ᠳ᠋ᠥᠩᠨᠡᠨ | ᠲᠡᠯᠭᠡᠷᠡᠭᠦᠯᠵᠤ ᠠᠮᠢ ᠠᠬᠤᠢ ᠶᠢᠨ ᠠᠵᠤ ᠠᠬᠤᠢ ᠶᠢ ᠪᠤᠵᠠᠭᠠᠶᠢᠷᠠᠭᠤᠯᠤᠨ᠎ᠠ ᠬᠡᠵᠠᠢ᠃ | | | | | | | ᠦᠶᠯᠡᠳᠪᠦᠷᠢᠯᠡᠯ ᠤᠨ ᠠᠷᠭ᠎ᠠ ᠮᠠᠶ᠋ᠢᠭ ᠪᠣᠯᠤᠨ ᠠᠵᠤ ᠦᠢᠯᠡᠰ ᠤᠨ ᠪᠦᠲᠦᠴᠡ ᠶᠢ ᠲᠣᠬᠢᠷᠠᠭᠤᠯᠬᠤ ᠶᠢ ᠴᠢᠨᠠᠷ | ᠰᠠᠶᠢᠲᠠᠶ ᠬᠥᠭᠵᠢᠯᠲᠡ ᠶᠢ ᠠᠬᠢᠭᠤᠯᠬᠤ ᠴᠢᠬᠤᠯᠠ ᠭᠠᠷᠳᠠᠴᠠ ᠪᠤᠯᠭᠠᠨ ᠲᠥᠷᠥᠯ ᠵᠦᠶᠯ ᠤᠨ ᠨᠥᠭᠡᠴᠢᠯᠠᠯᠳᠠ ᠪᠣᠯᠤᠨ | ᠲᠥᠷᠥ ᠶᠢᠨ ᠪᠣᠳᠣᠯᠭ᠎ᠠ ᠶᠢ ᠲᠠᠮᠠᠴᠠᠨ ᠤᠯᠬᠤ ᠡᠷᠴᠢᠮ ᠢᠶᠠᠨ ᠨᠡᠮᠡᠭᠳᠡᠬᠦᠯᠵᠤ ᠰᠢᠷᠬᠤᠰᠤᠨ ᠭᠤᠤᠯ ᠤᠨ ᠰᠠᠪᠠ ᠭᠠᠵᠠᠷ | ᠤᠨ ᠣᠳᠣ ᠦᠶ᠎ᠡ ᠶᠢᠨ ᠮᠠᠯ ᠲᠠᠷᠢᠶᠠᠯᠠᠩ ᠠᠵᠤ ᠠᠬᠤᠶ᠂ ᠣᠷᠳᠣᠰ ᠨᠠᠷᠢᠨ ᠨᠣᠣᠰᠣᠲᠤ ᠬᠤᠨᠢ᠂ ᠲᠠᠯ᠎ᠠ ᠨᠤᠲᠤᠭ ᠤᠨ | ᠤᠯᠠᠭᠠᠨ ᠦᠬᠡᠷ᠂ ᠬᠤᠸᠠᠩ ᠰᠢᠶᠠᠩ ᠲᠡᠮᠲᠡᠭᠲᠦ ᠭᠠᠭ᠋ᠠᠶ᠂ ᠦᠦᠰᠢᠨ ᠠᠳᠤᠭᠤ ᠪᠠᠷ ᠭᠤᠤᠯ ᠪᠣᠯᠭᠠᠭᠰᠠᠨ ᠣᠳᠣ | ᠦᠶ᠎ᠡ ᠶᠢᠨ ᠮᠠᠯ ᠲᠠᠷᠢᠶᠠᠯᠠᠩ ᠠᠵᠤ ᠠᠬᠤᠶ ᠶᠢ ᠲᠦᠷᠭᠡᠳᠬᠡᠨ ᠬᠦᠭᠵᠢᠬᠦᠯᠵᠤ ᠴᠡᠪᠡᠷ ᠡᠨᠧᠷᠬᠢ᠂ ᠨᠡᠬᠦᠷᠡᠰᠦ ᠪᠠᠷ | ᠰᠠᠭᠤᠷᠢᠯᠠᠭᠤᠯᠤᠭᠰᠠᠨ ᠰᠢᠨ᠎ᠡ ᠮᠠᠲ᠋ᠧᠷᠢᠶᠠᠯ ᠢᠶᠠᠷ ᠲᠦᠰᠢᠭ ᠪᠣᠯᠭᠠᠭᠰᠠᠨ ᠣᠳᠣ ᠦᠶ᠎ᠡ ᠶᠢᠨ ᠡᠨᠧᠷᠬᠢ ᠶᠢᠨ ᠠᠵᠤ | ᠠᠬᠤᠶ ᠪᠠ ᠰᠣᠶᠣᠯ ᠵᠢᠭᠤᠯᠴᠢᠯᠠᠯ᠂ ᠣᠳᠣ ᠦᠶ᠎ᠡ ᠶᠢᠨ ᠡᠳ᠋ ᠪᠠᠷᠠᠭᠠᠨ ᠭᠦᠶᠯᠭᠡᠭᠡᠨ ᠢᠶᠠᠷ ᠲᠦᠰᠢᠭ ᠪᠣᠯᠭᠠᠭᠰᠠᠨ | ᠣᠳᠣ ᠦᠶ᠎ᠡ ᠶᠢᠨ ᠦᠶᠯᠡᠴᠢᠯᠡᠭᠡᠨ ᠤ ᠦᠶᠯᠡᠰ ᠢ ᠲᠦᠷᠭᠡᠳᠬᠡᠨ ᠬᠥᠭᠵᠢᠭᠦᠯᠵᠦ ᠨᠢᠭᠡ ᠬᠤᠶᠠᠷ ᠭᠤᠷᠪᠠᠳᠤᠭᠠᠷ ᠠᠵᠤ | ᠦᠶᠯᠡᠰ ᠢ ᠠᠭᠤᠰᠤᠯᠴᠠᠭᠤᠯᠤᠨ ᠬᠥᠭᠵᠢᠭᠦᠯᠬᠦ ᠵᠢᠱᠢᠶᠡᠴᠢ ᠬᠤᠰᠢᠭᠤ ᠶᠢ ᠡᠭᠦᠳᠤᠨ ᠪᠠᠶᠢᠭᠤᠯᠤᠨ᠎ᠠ᠃ ᠠᠷᠠᠳ ᠤᠨ | ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠶᠢ ᠵᠠᠰᠠᠭ ᠪᠠᠷᠢᠬᠤ ᠲᠡᠷᠢᠭᠦᠨ ᠴᠢᠬᠤᠯᠠ ᠡᠭᠦᠷᠭᠡ ᠪᠤᠯᠭᠠᠨ ᠠᠷᠠᠳ ᠲᠦᠮᠡᠨ | ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠦᠢᠯᠡᠳᠦᠯᠭᠡᠵᠢᠭᠦᠯᠵᠦ ᠬᠤᠲᠠ ᠬᠥᠳᠡᠭᠡ᠂ ᠣᠷᠣᠨ | ᠪᠦᠰᠡ ᠶᠢᠨ ᠵᠣᠬᠢᠴᠠᠩᠭᠤᠢ ᠬᠥᠭᠵᠢᠯᠲᠡ ᠶᠢ ᠠᠭᠢᠭᠤᠯᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠭᠤᠷᠪᠠᠨ | ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ᠂ ᠭᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠠᠵᠢᠯ | ᠣᠯᠭᠤᠯᠲᠠ᠂ ᠰᠤᠷᠭᠠᠨ ᠬᠥᠮᠦᠵᠢᠯ᠂ ᠨᠡᠶᠢᠭᠡᠮ ᠤᠨ ᠪᠠᠲᠤᠯᠠᠭ᠎ᠠ᠂ ᠰᠣᠶᠣᠯ᠂ ᠡᠷᠡᠭᠦᠯ ᠮᠡᠨᠳᠦ᠂ ᠲᠣᠭᠲᠠᠭᠤᠨ ᠵᠡᠷᠭᠡ | ᠬᠦᠷᠢᠶᠡᠨ ᠳᠠᠬᠢ ᠠᠷᠠᠳ ᠤᠨ ᠠᠮᠢᠳᠤᠷᠠᠯ ᠤᠨ ᠠᠵᠢᠯ ᠢ ᠪᠦᠬᠦ ᠬᠦᠴᠦᠨ ᠢᠶᠠᠷ ᠠᠳᠬᠤᠵᠤ ᠠᠷᠠᠳ ᠤᠯᠠᠨ ᠤ ᠠᠰᠢᠭ | ᠬᠦᠷᠲᠡᠭᠰᠡᠨ ᠲᠦᠷᠦᠭᠳᠡᠯ᠂ ᠵᠤᠯ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠲᠠᠰᠤᠷᠠᠯᠲᠠ ᠦᠭᠡᠢ | ᠨᠡᠮᠡᠭᠳᠡᠭᠦᠯᠤᠨ᠎ᠠ ᠭᠡᠵᠤ ᠵᠢᠭᠠᠵᠤ ᠭᠠᠷᠭᠠᠭᠰᠠᠨ ᠪᠠᠶᠢᠨ᠎ᠠ᠃ | | | | |