ᠣᠷᠳᠣᠰ ᠬᠤᠲᠠ ᠶᠢᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ  ᠤᠨ ᠭᠤᠷᠪᠠᠳᠤᠭᠠᠷ ᠬᠤᠷᠠᠯᠳᠤᠭᠠᠨ ᠠᠮᠵᠢᠯᠲᠠ ᠲᠠᠢ ᠥᠨᠳᠤᠷᠯᠠᠪᠡ
ᠨᠡᠶᠢᠲᠡᠯᠡᠭᠰᠡᠨ ᠴᠠᠭ᠄
2020-04-24
     4 ᠰᠠᠷ᠎ᠠ ᠶᠢᠨ 23 ᠤ ᠡᠳᠤᠷ᠂ ᠤᠷᠳᠤᠰ ᠬᠤᠳᠠ ᠶᠢᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠡᠯ᠎ᠡ ᠵᠥᠪᠯᠡᠬᠦ ᠵᠦᠢᠯ ᠢᠶᠠᠨ ᠲᠡᠭᠦᠰ ᠠᠮᠵᠢᠯᠲᠠ  ᠲᠠᠢ ᠪᠠᠶᠠᠯᠠᠭᠦᠯᠥᠭᠡᠳ ᠠᠮᠵᠢᠯᠲᠠ ᠲᠠᠢ ᠥᠨᠳᠤᠷᠯᠠᠪᠡ᠃
     ᠶᠡᠭᠡ ᠬᠤᠷᠠᠯ ᠤᠨ ᠭᠦᠢᠴᠡᠳᠬᠡᠭᠴᠢ ᠲᠡᠷᠢᠭᠦᠯᠡᠭᠴᠢ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ ᠨᠢᠦ ᠵᠢᠶᠦ᠋ᠨ ᠶᠠᠨ᠂ ᠴᠢ᠊ · ᠪᠢᠰᠢᠷᠠᠯᠳᠤ᠂ ᠾᠧ ᠶᠢᠨ᠂ ᠶᠠᠩ ᠮᠢᠩ᠂ ᠸᠠᠩ ᠫᠢᠩ᠂ ᠾᠧ ᠲᠤᠤ᠂ ᠪᠠᠶᠠᠷ᠂ ᠶᠠᠩ ᠶᠦᠨ᠂ ᠹᠠᠨ ᠵᠢᠶᠦ᠋ᠨ ᠫᠢᠩ ᠲᠡᠷᠢᠭᠦᠯᠡᠭᠴᠢ ᠶᠢᠨ ᠲᠠᠶᠢᠰᠠᠨ ᠤ ᠡᠮᠦᠨ᠎ᠡ ᠮᠥᠷ ᠲᠤ ᠰᠠᠭᠠᠳᠠᠵᠤ ᠰᠡᠴᠡᠨᠪᠢᠯᠢᠭ᠂ ᠸᠠᠩ ᠵᠢᠶᠠᠨ ᠭᠦᠸᠧ ᠵᠡᠷᠭᠡ ᠬᠤᠲᠠ ᠶᠢᠨ ᠤᠳᠤᠷᠢᠳᠤᠯᠭ᠎ᠠ ᠪᠣᠯᠤᠨ ᠶᠡᠭᠡ ᠬᠤᠷᠠᠯ ᠤᠨ ᠲᠠᠷᠢᠭᠦᠯᠡᠭᠴᠢᠳ ᠤᠨ ᠪᠦᠯᠬᠦᠮ ᠤᠨ ᠪᠦᠷᠢᠯᠳᠦᠬᠦᠨ ᠨᠡᠷ ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠪᠠ᠃
     ᠬᠤᠷᠠᠯ ᠠᠴᠠ ᠣᠷᠳᠣᠰ ᠬᠤᠲᠠ ᠶᠢᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠤ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠲᠤᠬᠠᠶ ᠰᠢᠶᠳᠪᠦᠷᠢ︾᠂ ︽ᠣᠷᠳᠣᠰ ᠬᠤᠲᠠ ᠶᠢᠨ 2019 ᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠭᠥᠢᠴᠡᠳᠭᠡᠭᠰᠠᠨ ᠪᠠᠶᠢᠳᠠᠯ ᠬᠢᠭᠡᠳ 2020 ᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ ᠲᠤᠬᠠᠶ ᠰᠢᠶᠳᠪᠦᠷᠢ︾᠂ ︽ᠣᠷᠳᠣᠰ ᠬᠤᠲᠠ ᠶᠢᠨ 2019 ᠣᠨ ᠤ ᠲᠥᠰᠦᠪ ᠢ ᠭᠦᠶᠴᠡᠳᠬᠡᠭᠰᠡᠨ ᠪᠠᠶᠢᠳᠠᠯ ᠪᠠ 2020 ᠣᠨ ᠤ ᠲᠥᠰᠦᠪ ᠤᠨ ᠲᠤᠬᠠᠶ ᠰᠢᠶᠳᠪᠦᠷᠢ︾᠂ ︽ᠣᠷᠳᠣᠰ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠮᠡᠳᠡᠭᠦᠯᠥᠯᠳᠠ ᠶᠢᠨ ᠲᠤᠬᠠᠶ ᠰᠢᠶᠳᠪᠦᠷᠢ︾᠂ ︽ᠣᠷᠳᠣᠰ ᠬᠤᠲᠠ ᠶᠢᠨ ᠠᠷᠠᠳ ᠤᠨ ᠳᠤᠮᠳᠠ ᠵᠡᠷᠭᠡ  ᠶᠢᠨ ᠰᠢᠭᠦᠬᠦ ᠬᠤᠷᠢᠶᠠᠨ ᠤ ᠠᠵᠢᠯ ᠤᠨ ᠮᠡᠳᠡᠭᠦᠯᠥᠯᠳᠠ ᠶᠢᠨ ᠲᠤᠬᠠᠶ ᠰᠢᠶᠳᠪᠦᠷᠢ︾᠂ ︽ᠣᠷᠳᠣᠰ ᠬᠤᠲᠠ ᠶᠢᠨ ᠠᠷᠠᠳ ᠤᠨ ᠪᠠᠶᠢᠴᠠᠭᠠᠬᠤ ᠬᠤᠷᠢᠶᠠᠨ ᠤ ᠠᠵᠢᠯ ᠤᠨ ᠮᠡᠳᠡᠭᠦᠯᠥᠯᠳᠠ ᠶᠢᠨ ᠲᠤᠬᠠᠶ ᠰᠢᠶᠳᠪᠦᠷᠢ︾ ᠶᠢ ᠪᠠᠲᠤᠯᠠᠪᠠ᠃
     ᠨᠢᠦ ᠵᠢᠶᠦ᠋ᠨ ᠶᠠᠨ ᠶᠠᠷᠢᠶᠠᠨ ᠳᠠᠭᠠᠨ᠂ ᠲᠤᠰ ᠤᠳᠠᠭ᠎ᠠ ᠶᠢᠨ ᠶᠡᠭᠡ ᠬᠤᠷᠠᠯ ᠪᠣᠯ ᠨᠢᠭᠡ ᠤᠳᠠᠭ᠎ᠠ ᠶᠢᠨ ᠲᠤᠭ  ᠢ ᠥᠨᠳᠤᠷ ᠮᠠᠨᠳᠤᠭᠤᠯᠵᠤ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠵᠠᠮ ᠨᠡᠭᠡᠭᠡᠨ ᠤᠷᠤᠭᠰᠢᠯᠠᠭᠰᠠᠨ ᠶᠡᠭᠡ  ᠬᠤᠷᠠᠯ ᠪᠠᠶᠢᠵᠤ ᠦᠵᠡᠯ ᠰᠠᠨᠠᠭ᠎ᠠ ᠪᠠᠨ ᠨᠢᠭᠡᠳᠬᠡᠵᠦ᠂ ᠡᠭᠦᠷᠭᠡ ᠪᠠᠨ ᠲᠣᠳᠣᠷᠬᠠᠶᠢᠯᠠᠨ ᠡᠷᠴᠢ ᠵᠣᠷᠢᠭ ᠢᠶᠠᠨ ᠬᠥᠪᠴᠢᠯᠡᠵᠦ ᠵᠢᠱᠢᠭᠰᠡᠨ ᠦᠷ᠎ᠡ ᠪᠦᠲᠦᠮᠵᠢ ᠳᠤ ᠬᠦᠷᠦᠭᠰᠡᠨ ᠪᠠᠶᠢᠨ᠎ᠠ᠃ ᠶᠡᠭᠡ ᠬᠤᠷᠠᠯ ᠠᠴᠠ ᠡᠯ᠎ᠡ ᠵᠦᠢᠯ ᠤᠨ ᠰᠣᠩᠭᠤᠭᠤᠯᠢ ᠶᠢ ᠲᠡᠭᠦᠰ ᠠᠮᠵᠢᠯᠲᠠ ᠲᠠᠢ ᠪᠡᠶᠡᠯᠡᠭᠦᠯᠪᠡ᠃ ᠰᠢᠨ᠎ᠡ ᠪᠠᠷ ᠲᠤᠮᠢᠯᠠᠭᠳᠠᠭᠰᠠᠨ ᠨᠥᠬᠦᠳ ᠬᠦᠨᠳᠦ ᠨᠠᠶᠢᠳᠠᠯᠭ᠎ᠠ ᠶᠢ ᠬᠥᠰᠡᠷᠳᠡᠭᠦᠯᠬᠦ ᠦᠭᠡᠢ᠂ ᠦᠨᠳᠦᠰᠦᠨ ᠬᠠᠤᠯᠢ ᠪᠠ ᠬᠠᠤᠯᠢ ᠴᠠᠭᠠᠵᠠ ᠠᠴᠠ ᠣᠯᠭᠤᠭᠰᠠᠨ ᠡᠯ᠎ᠡ ᠵᠦᠢᠯ ᠤᠨ ᠡᠷᠬᠡ ᠲᠤᠰᠢᠶᠠᠯ ᠢᠶᠠᠨ ᠭᠢᠨᠠᠮᠠᠭᠠᠢ ᠭᠥᠢᠴᠡᠳᠭᠡᠨ ᠪᠦᠬᠦ ᠬᠤᠲᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠬᠦ ᠶᠢ ᠬᠦᠰᠡᠵᠦ ᠪᠠᠶᠢᠨ᠎ᠠ᠃ ᠡᠨᠡ ᠤᠳᠠᠭ᠎ᠠ  ᠶᠢᠨ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠭᠰᠠᠨ ᠨᠢ ᠪᠦᠬᠦ ᠬᠤᠲᠠ ᠶᠢᠨ ᠺᠠᠳ᠋ᠷ ᠣᠯᠠᠨ ᠲᠦᠮᠡᠨ ᠤ ᠪᠦᠯᠬᠦᠮᠳᠡᠨ ᠨᠢᠭᠡᠳᠴᠦ ᠢᠷᠡᠭᠡᠳᠦᠢ ᠳᠤ ᠬᠠᠨᠳᠤᠨ ᠰᠡᠳᠬᠢᠯ ᠨᠢᠭᠡᠳᠤᠨ ᠴᠢᠷᠮᠠᠶᠢᠨ ᠠᠵᠢᠯᠯᠠᠬᠤ ᠶᠢ ᠵᠣᠷᠢᠭᠵᠢᠭᠤᠯᠵᠤ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠠᠯᠠᠭᠦᠯᠭᠦ ᠰᠢᠢᠳᠪᠦᠷᠢᠲᠦ ᠢᠯᠠᠯᠲᠠ ᠶᠢ ᠣᠯᠬᠤ  ᠬᠠᠮᠳᠤ ᠶᠢᠨ ᠬᠦᠴᠦᠨ  ᠢ ᠨᠢᠭᠲᠠᠷᠠᠭᠤᠯᠬᠤ ᠪᠣᠯᠤᠨ᠎ᠠ ᠭᠡᠵᠡᠢ᠃      ᠨᠢᠤ ᠵᠢᠶᠦ᠋ᠨ ᠶᠠᠨ ᠴᠢᠬᠤᠯᠠᠴᠢᠯᠠᠭᠰᠠᠨ ᠨᠢ᠂ ᠡᠨᠡ ᠵᠢᠯ ᠪᠣᠯ ᠶᠡᠷᠦ ᠪᠤᠰᠤ ᠶᠢᠨ ᠨᠢᠭᠡ ᠵᠢᠯ᠂ ᠴᠢᠨᠡᠭᠡᠯᠢᠭ ᠨᠠᠶᠢᠭᠡᠮ ᠢ ᠪᠥᠬᠦ ᠲᠠᠯ᠎ᠠ ᠪᠠᠷ ᠪᠠᠶᠢᠭᠤᠯᠤᠨ ᠪᠦᠲᠦᠭᠡᠬᠦ ᠪᠠ ︽13 · 5︾ ᠶᠢᠨ ᠲᠥᠯᠥᠪᠵᠢᠭᠦᠯᠭᠡ ᠶᠢᠨ ᠲᠠᠭᠦᠰᠭᠦ ᠵᠢᠯ ᠮᠥᠨ᠂ ᠡᠯ᠎ᠡ ᠵᠦᠶᠯ ᠤᠨ ᠠᠵᠢᠯ ᠢ ᠰᠠᠶᠢᠲᠤᠷ ᠬᠢᠬᠦ ᠨᠢ ᠲᠤᠶᠢᠯ ᠤᠨ ᠴᠢᠬᠤᠯᠠ ᠠᠴᠢ ᠬᠤᠯᠪᠣᠭᠳᠠᠯ ᠲᠠᠢ᠂ ᠡᠭᠦᠷᠭᠡ ᠬᠠᠲᠠᠭᠤ ᠪᠡᠷᠬᠡ ᠪᠠᠶᠢᠭ᠎ᠠ ᠶᠤᠮ᠃ ᠲᠠᠶᠠᠭᠠᠷ ᠢᠶᠠᠨ ᠬᠤᠷᠠᠯ ᠤᠨ ᠵᠣᠷᠢᠭ ᠰᠠᠨᠠᠭ᠎ᠠ ᠶᠢ ᠲᠦᠷᠦᠭᠦᠯᠡᠨ ᠰᠤᠷᠤᠯᠴᠠᠵᠦ ᠲᠤᠭᠤᠰᠢᠯᠠᠭᠤᠯᠤᠨ ᠬᠤᠷᠠᠯ ᠤᠨ ᠦᠷ᠎ᠡ ᠪᠦᠲᠦᠭᠡᠯ ᠢ ᠤᠯᠠᠮᠵᠢᠯᠠᠨ ᠴᠢᠭᠯᠡᠯ ᠢ ᠪᠠᠲᠤ ᠡᠵᠡᠮᠳᠡᠵᠦ ᠬᠥᠭᠵᠢᠯᠲᠡ ᠶᠢ ᠠᠬᠢᠭᠤᠯᠤᠨ ᠬᠠᠷᠢᠭᠤᠴᠠᠯᠭ᠎ᠠ ᠡᠭᠦᠷᠭᠡᠯᠡᠵᠦ ᠪᠣᠳᠠᠲᠠᠶ ᠠᠵᠢᠯᠯᠠᠨ ᠬᠦᠴᠦᠨ ᠴᠢᠳᠠᠯ ᠢᠶᠠᠨ ᠨᠢᠭᠲᠠᠷᠠᠭᠤᠯᠬᠤ ᠶᠢ ᠬᠦᠰᠡᠵᠦ ᠪᠠᠶᠢᠨ᠎ᠠ᠃ ᠥᠷᠭᠡᠨ ᠣᠯᠠᠨ ᠺᠠᠳ᠋ᠷ ᠣᠯᠠᠨ ᠲᠦᠮᠡᠨ ᠢ ᠭᠥᠳᠥᠯᠤᠨ ᠵᠢᠯᠤᠭᠤᠳᠴᠤ ᠪᠠᠶᠢᠭᠠᠳ ᠰᠢᠷᠭᠠᠭᠤ ᠬᠠᠲᠠᠭᠤᠵᠢᠯᠲᠠᠶ ᠠᠵᠢᠯᠯᠠᠨ ᠬᠢᠵᠢᠭ ᠤᠨ ᠨᠠᠵᠠᠭᠠᠶ ᠨᠥᠯᠥᠭᠡ ᠶᠢ ᠬᠠᠮᠤᠭ ᠤᠨ ᠳᠣᠤᠷ᠎ᠠ ᠬᠡᠮᠵᠢᠶᠡᠨ ᠳᠤ ᠬᠦᠷᠲᠡᠯ᠎ᠡ ᠪᠠᠭᠠᠰᠬᠠᠵᠦ ᠡᠯ᠎ᠡ ᠵᠦᠶᠯ ᠤᠨ ᠬᠠᠷᠠᠯᠲᠠ ᠡᠭᠦᠷᠭᠡ ᠶᠢ ᠪᠣᠳᠠᠲᠠᠶ ᠳᠤ ᠨᠠᠶᠢᠳᠠᠪᠤᠷᠢᠵᠢᠭᠤᠯᠤᠨ  ᠴᠢᠨᠡᠭᠡᠯᠢᠭ ᠨᠡᠶᠢᠭᠡᠮ ᠢ ᠲᠣᠭᠲᠠᠭᠰᠠᠨ ᠬᠤᠭᠤᠴᠠᠭᠠᠨ ᠳᠤ ᠪᠠᠶᠢᠭᠤᠯᠤᠨ ᠪᠦᠲᠦᠭᠡᠭᠦ ᠶᠢ ᠦᠨᠡᠨᠬᠦ ᠪᠠᠲᠤᠯᠠᠵᠤ ᠨᠠᠮ ᠤᠨ ᠲᠥᠪ ᠬᠤᠷᠢᠶ᠎ᠠ ᠪᠣᠯᠤᠨ ᠪᠥᠬᠦ ᠬᠤᠲᠠ ᠶᠢᠨ ᠦᠨᠳᠦᠰᠦᠲᠡᠨ ᠨᠦᠭᠦᠳ ᠤᠨ ᠠᠷᠠᠳ ᠲᠦᠮᠡᠨ ᠳᠤ ᠬᠢᠷᠢ ᠲᠡᠩᠴᠡᠭᠰᠡᠨ ᠬᠠᠷᠢᠭᠤᠯᠳᠠ ᠥᠭᠭᠦ ᠪᠠᠷ  ᠴᠢᠷᠮᠠᠶᠢᠬᠤ ᠭᠡᠷᠡᠭᠳᠠᠢ ᠭᠡᠵᠡᠢ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号