4 ᠰᠠᠷ᠎ᠠ ᠶᠢᠨ 21 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ ᠬᠤᠳᠠ ᠶᠢᠨ ᠳᠠᠷᠤᠭ᠎ᠠ | ᠰᠡᠴᠡᠨᠪᠢᠯᠢᠭ ᠮᠠᠨ ᠤ ᠬᠤᠰᠢᠭᠤᠨ ᠤ ᠲᠥᠯᠥᠭᠡᠯᠡᠭᠴᠢᠳ ᠤᠨ ᠪᠦᠯᠬᠦᠮ ᠤᠨ ᠬᠤᠲᠠ ᠶᠢᠨ ᠵᠠᠰᠠᠭ ᠤᠨ ᠣᠷᠳᠣᠨ ᠤ | ᠠᠵᠢᠯ ᠤᠨ ᠢᠯᠠᠳᠭᠡᠯ ᠢ ᠬᠢᠨᠠᠨ ᠵᠥᠪᠯᠡᠬᠦ ᠳᠤ ᠣᠷᠣᠯᠴᠠᠬᠤ ᠳᠠᠭᠠᠨ ᠶᠠᠷᠢᠭᠰᠠᠨ ᠨᠢ᠂ ᠡᠨᠡ ᠤᠳᠠᠭ᠎ᠠ ᠶᠢᠨ ᠬᠤᠷᠠᠯ | ᠪᠣᠯ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢ ᠲᠡᠭᠦᠰᠬᠡᠵᠤ ︽ᠠᠷᠪᠠᠨ ᠳᠥᠷᠪᠡᠳᠦᠭᠡᠷ | ᠲᠠᠪᠤᠨ ᠵᠢᠯ︾ ᠤᠨ ᠲᠥᠯᠥᠪᠵᠢᠭᠦᠯᠭᠡ ᠶᠢ ᠡᠬᠢᠯᠡᠬᠦᠯᠬᠦ ᠵᠢᠯ ᠳᠤ ᠬᠤᠷᠠᠯᠳᠤᠭᠰᠠᠨ ᠨᠢᠭᠡ ᠤᠳᠠᠭᠠᠨ ᠤ ᠲᠤᠶᠢᠯ ᠤᠨ | ᠴᠢᠬᠤᠯᠠ ᠬᠤᠷᠠᠯ ᠪᠣᠯᠤᠨ᠎ᠠ᠃ ᠪᠦᠬᠦ ᠬᠤᠲᠠ ᠪᠠᠷ ᠢᠶᠠᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ | ᠤᠨ ᠠᠵᠢᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ | ᠲᠤᠭᠤᠰᠢᠯᠠᠭᠤᠯᠤᠨ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠤᠨ ᠴᠢᠨᠠᠷ | ᠰᠠᠶᠢᠲᠠᠢ ᠬᠥᠭᠵᠢᠯᠲᠡ ᠶᠢᠨ ᠡᠨᠡ ᠬᠦ ᠴᠢᠬᠤᠯᠠ ᠶᠡᠭᠡ ᠤᠯᠤᠰ ᠤᠨ ᠪᠠᠶᠢᠯᠳᠤᠬᠤ ᠪᠣᠳᠣᠯᠭ᠎ᠠ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠵᠤ ᠤᠯᠤᠰ ᠤᠨ ᠦᠷᠬᠦᠯᠵᠢᠯᠡᠬᠦᠶᠢᠴᠡ ᠬᠥᠭᠵᠢᠯᠲᠡ ᠶᠢᠨ ᠵᠥᠪᠯᠡᠬᠦ ᠵᠦᠢᠯ ᠤᠨ ᠰᠢᠨ᠎ᠡ ᠶᠢ ᠡᠭᠦᠳᠬᠦ | ᠵᠢᠱᠢᠶᠡᠴᠢ ᠤᠷᠤᠨ ᠢ ᠡᠭᠦᠳᠦᠨ ᠪᠠᠶᠢᠭᠤᠯᠬᠤ ᠪᠠᠷ ᠭᠠᠷᠳᠠᠴᠠ ᠪᠣᠯᠭᠠᠨ ᠬᠥᠭᠵᠢᠯᠲᠡ ᠶᠢᠨ ᠰᠡᠳᠬᠢᠴᠡ ᠪᠠᠨ | ᠰᠢᠯᠤᠭᠤᠳᠬᠠᠨ ᠠᠷᠭ᠎ᠠ ᠵᠠᠮ ᠢᠶᠠᠨ ᠲᠤᠲᠤᠷᠬᠠᠶᠢᠯᠠᠵᠤ ᠬᠦᠭᠵᠢᠯᠲᠡ ᠶᠢᠨ ᠬᠡᠯᠪᠡᠷᠢ ᠪᠠᠨ ᠲᠤᠬᠢᠷᠠᠭᠤᠯᠤᠨ ᠠᠵᠤ ᠠᠬᠤᠢ | ᠶᠢᠨ ᠦᠷᠬᠦᠯᠵᠢᠯᠡᠬᠦᠶᠢᠴᠡ ᠭᠥᠭᠵᠢᠯᠳᠠ᠂ ᠠᠮᠢ ᠠᠬᠤᠢ ᠶᠢᠨ ᠦᠷᠬᠦᠯᠵᠢᠯᠡᠬᠦᠶᠢᠴᠡ ᠰᠠᠶᠢᠵᠢᠷᠠᠯᠳᠠ᠂ ᠠᠷᠠᠳ ᠤᠨ | ᠠᠮᠢᠳᠤᠷᠠᠯ ᠤᠨ ᠦᠷᠬᠦᠯᠵᠢᠯᠡᠬᠦᠶᠢᠴᠡ ᠲᠡᠭᠡᠭᠰᠢᠯᠠᠯᠳᠠ ᠶᠢ ᠠᠭᠢᠭᠤᠯᠤᠨ ᠠᠮᠢ ᠠᠬᠤᠢ ᠶᠢ ᠤᠷᠢᠳ ᠢᠶᠠᠷ | ᠪᠣᠳᠤᠯᠭᠢᠯᠠᠭᠰᠠᠨ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ | ᠶᠢᠨ ᠰᠢᠨ᠎ᠡ ᠵᠠᠮ ᠢ ᠲᠥᠷᠭᠡᠨ ᠰᠥᠪᠡᠭᠴᠢᠯᠠᠭᠦ ᠭᠡᠷᠡᠭᠳᠠᠢ ᠭᠡᠪᠡ᠃ | | | | | | | ᠰᠠᠴᠠᠠᠪᠢᠯᠢᠭ᠌ ᠬᠡᠯᠡᠬᠦ ᠳᠡᠭᠡᠨ᠂ ᠣᠳᠣᠬᠠᠨ ᠳᠤ ᠦᠦᠰᠢᠨ ᠬᠤᠰᠢᠭᠤ ᠶᠠᠭ ᠬᠦᠭᠵᠢᠯᠲᠡ ᠶᠢᠨ ᠬᠡᠯᠪᠡᠷᠢ ᠪᠠᠨ | ᠬᠤᠪᠢᠷᠠᠭᠤᠯᠤᠨ ᠲᠠᠰ ᠳᠡᠪᠰᠢᠭᠦᠯᠬᠦ ᠵᠠᠩᠭᠢᠯᠠᠭ᠎ᠠ ᠶᠢᠨ ᠴᠠᠭ ᠥᠶ᠎ᠠ ᠳᠤ ᠣᠷᠣᠰᠢᠵᠤ ᠪᠠᠶᠢᠨ᠎ᠠ᠂ ᠦᠵᠡᠯ ᠰᠠᠨᠠᠭ᠎ᠠ | ᠲᠠᠨᠢᠯᠲᠠ ᠪᠠᠨ ᠨᠢᠭᠡᠳᠭᠡᠨ ᠬᠠᠷᠠᠯᠲᠠ ᠡᠭᠦᠷᠭᠡ ᠪᠠᠨ ᠲᠤᠳᠤᠷᠬᠠᠶᠢᠯᠠᠵᠤ ᠠᠵᠢᠯ ᠤᠨ ᠠᠷᠭ᠎ᠠ ᠬᠡᠮᠵᠢᠶ᠎ᠡ ᠪᠠᠨ | ᠴᠢᠩᠭᠠᠳᠬᠠᠵᠤ ᠦᠷᠬᠦᠯᠵᠢᠯᠡᠬᠦᠶᠢᠴᠡ ᠬᠥᠭᠵᠢᠯᠲᠡ ᠶᠢᠨ ᠰᠠᠳᠭᠢᠴᠠ ᠬᠠᠷᠠᠯᠳᠠ ᠡᠭᠦᠷᠭᠡ ᠶᠢᠨ ᠲᠣᠭᠤᠷᠢᠨ ᠳᠤ ᠠᠮᠢ | ᠠᠬᠤᠶ ᠶᠢᠨ ᠣᠷᠴᠢᠨ ᠲᠤᠭᠤᠷᠢᠨ ᠤ ᠵᠠᠰᠠᠯᠲᠠ᠂ ᠡᠨᠧᠷᠭᠢ ᠶᠢᠨ ᠠᠵᠤ ᠠᠬᠤᠶ ᠶᠢᠨ ᠬᠥᠭᠵᠢᠯᠲᠡ᠂ ᠵᠠᠰᠠᠭ ᠤᠨ | ᠣᠷᠳᠣᠨ ᠤ ᠴᠢᠨᠠᠷᠲᠠᠶ ᠥᠷᠢ ᠰᠢᠷᠢ ᠶᠢ ᠢᠯᠭᠠᠷᠠᠭᠤᠯᠬᠤ ᠵᠡᠷᠭᠡ ᠲᠠᠯ᠎ᠠ ᠶᠢᠨ ᠲᠤᠳᠠᠭᠳᠠᠯ ᠢ ᠰᠢᠶᠳᠪᠦᠷᠢᠯᠡᠵᠦ ᠭᠠᠵᠠᠷ | ᠣᠷᠣᠨ ᠤ ᠠᠵᠤ ᠠᠬᠤᠶ ᠨᠡᠶᠢᠭᠡᠮ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠬᠡᠷᠡᠭᠲᠡᠶ᠃ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠭᠡᠷᠡᠭᠵᠢᠭᠦᠯᠤᠨ ᠲᠥᠷᠤ ᠶᠢᠨ | ᠪᠣᠳᠣᠯᠭ᠎ᠠ ᠪᠠᠷ ᠲᠡᠳᠬᠦᠬᠦ ᠡᠷᠴᠢᠮ ᠢᠶᠠᠨ ᠴᠢᠩᠭᠠᠷᠠᠭᠤᠯᠤᠨ ︽ᠨᠠᠮ ᠤᠨ ᠡᠭᠦᠷ + ᠲᠤᠯᠤᠭᠠᠶᠢᠯᠠᠬᠤ ᠠᠵᠤ ᠠᠬᠤᠶᠢᠯᠠᠯ | + ᠬᠤᠷᠰᠢᠶᠠᠵᠢᠯ + ᠮᠠᠯᠵᠢᠬᠤ ᠲᠠᠷᠢᠶᠠᠯᠠᠬᠤ ᠡᠷᠦᠬᠡ︾ ᠶᠢᠨ ᠬᠥᠭᠵᠢᠯᠲᠡ ᠶᠢᠨ ᠵᠠᠭᠪᠤᠷ ᠢ ᠲᠡᠯᠭᠡᠷᠡᠭᠦᠯᠵᠤ | ᠰᠢᠷᠬᠤᠰᠤᠨ ᠭᠤᠤᠯ ᠤᠨ ᠰᠠᠪᠠ ᠭᠠᠵᠠᠷ ᠤᠨ ᠣᠳᠣ ᠦᠶ᠎ᠡ ᠶᠢᠨ ᠮᠠᠯ ᠲᠠᠷᠢᠶᠠᠯᠠᠩ ᠠᠵᠤ ᠠᠬᠤᠶ ᠪᠠ ᠣᠷᠳᠣᠰ | ᠨᠠᠷᠢᠨ ᠨᠣᠣᠰᠣᠲᠤ ᠬᠤᠨᠢ᠂ ᠲᠠᠯ᠎ᠠ ᠨᠤᠲᠤᠭ ᠤᠨ ᠤᠯᠠᠭᠠᠨ ᠦᠬᠡᠷ᠂ ᠡᠾᠧ ᠨᠢᠤ ᠦᠬᠡᠷ ᠵᠡᠷᠭᠡ ᠳᠠᠪᠠᠭᠤᠯᠢᠭ | ᠣᠨᠴᠠᠯᠢᠭᠲᠤ ᠠᠵᠤ ᠦᠶᠯᠡᠰ ᠤᠨ ᠵᠤᠭᠢᠶᠠᠨ ᠪᠠᠶᠢᠭᠤᠯᠤᠯᠲᠠᠴᠢᠯᠠᠯᠲᠠ᠂ ᠨᠡᠷᠡᠲᠦ ᠲᠠᠮᠳᠡᠭᠵᠢᠭᠦᠯᠥᠯᠳᠠ ᠶᠢᠨ ᠬᠢᠷᠢ | ᠲᠥᠪᠰᠢᠨ ᠢ ᠳᠡᠭᠡᠭᠰᠢᠯᠡᠭᠦᠯᠵᠦ ᠮᠠᠯᠴᠢᠨ ᠲᠠᠷᠢᠶᠠᠴᠢᠨ ᠤ ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠦᠨ | ᠪᠠᠶᠠᠵᠢᠭᠤᠯᠬᠤ ᠶᠢ ᠠᠬᠢᠭᠤᠯᠬᠤ ᠬᠡᠷᠡᠭᠲᠡᠶ᠃ ᠤᠳᠤ ᠦᠶ᠎ᠡ ᠶᠢᠨ ᠡᠨᠧᠷᠭᠢ ᠶᠢᠨ ᠠᠵᠤ ᠠᠬᠤᠢ ᠶᠢ ᠰᠠᠶᠢᠲᠤᠷ | ᠭᠥᠭᠵᠢᠭᠦᠯᠤᠨ ᠰᠢᠨ᠎ᠠ ᠪᠠᠷ ᠪᠠᠶᠢᠭᠤᠯᠬᠤ ᠪᠠ ᠪᠠᠶᠢᠭᠤᠯᠵᠤ ᠪᠠᠶᠢᠭ᠎ᠠ ᠭᠤᠣᠯᠳᠠᠯᠭ᠎ᠠ ᠲᠠᠢ ᠲᠦᠷᠦᠯ ᠵᠦᠢᠯ ᠤᠨ | ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠨᠢᠭᠡ ᠪᠦᠯᠦᠭ ᠭᠡᠯᠭᠢᠶᠠᠵᠢᠯ ᠢ ᠤᠷᠲᠤᠳᠬᠠᠨ ᠭᠡᠯᠭᠢᠶᠠᠵᠢᠯ ᠢ | ᠨᠥᠬᠦᠪᠥᠷᠢᠯᠡᠵᠦ ᠭᠡᠯᠭᠢᠶᠠᠵᠢᠯ ᠢ ᠴᠢᠩᠭᠠᠳᠬᠠᠬᠤ ᠲᠤᠮᠤ ᠲᠦᠷᠦᠯ ᠵᠦᠢᠯ ᠢ ᠤᠷᠤᠭᠤᠯᠤᠨ ᠦᠢᠯᠡᠳᠬᠦᠨ ᠤ ᠨᠡᠮᠡᠯᠲᠡ | ᠦᠷᠳᠡᠭ ᠢ ᠲᠡᠭᠡᠭᠰᠢᠯᠠᠭᠦᠯᠭᠦ ᠬᠡᠷᠡᠭᠲᠡᠢ᠃ ᠬᠤᠳᠠᠯᠳᠤᠭ᠎ᠠ ᠡᠵᠡᠩᠨᠡᠬᠦ ᠣᠷᠴᠢᠨ ᠢ ᠰᠢᠯᠢᠳᠡᠭᠵᠢᠭᠦᠯᠤᠨ ᠠᠵᠤ | ᠦᠢᠯᠡᠳᠪᠦᠷᠢ ᠶᠢᠨ ᠭᠥᠷᠢᠶᠠᠯᠠᠩ ᠲᠣᠭᠤᠷᠢᠭ ᠤᠨ ᠲᠥᠬᠦᠭᠡᠷᠦᠮᠵᠢ ᠶᠢ ᠲᠡᠭᠦᠯᠳᠡᠷᠵᠢᠭᠦᠯᠵᠤ ᠲᠦᠷᠦᠯ ᠵᠦᠢᠯ ᠢ | ᠲᠥᠯᠥᠪᠵᠢᠭᠦᠯᠭᠦ᠂ ᠬᠡᠷᠡᠭᠵᠢᠭᠦᠯᠬᠦ ᠪᠠ ᠦᠢᠯᠡᠴᠢᠯᠡᠬᠦ ᠬᠢᠷᠢ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ ᠰᠣᠶᠣᠯ | ᠵᠢᠭᠤᠯᠴᠢᠯᠠᠯ ᠢ ᠬᠦᠨᠵᠡᠬᠡᠢ ᠠᠭᠤᠰᠤᠯᠴᠠᠭᠤᠯᠤᠨ ᠭᠦᠭᠵᠢᠬᠦᠯᠵᠤ ᠦᠨᠳᠦᠰᠦᠲᠡᠨ ᠤ ᠰᠢᠯᠢᠳᠡᠭ ᠤᠯᠠᠮᠵᠢᠯᠠᠯᠳᠤ ᠰᠣᠶᠣᠯ | ᠢ ᠤᠯᠠᠮᠵᠢᠯᠠᠨ ᠪᠠᠳᠠᠷᠠᠭᠤᠯᠵᠤ ᠰᠤᠶᠤᠯ ᠤᠨ ᠠᠭᠤᠯᠤᠭᠳᠠᠬᠤᠨ ᠢ ᠬᠦᠨᠵᠡᠭᠡᠢ ᠠᠭᠤᠲᠠᠯᠠᠨ ᠨᠢᠭᠡ ᠪᠦᠯᠦᠭ ᠰᠤᠶᠤᠯ | ᠵᠢᠭᠤᠯᠴᠢᠯᠠᠯ ᠤᠨ ᠨᠡᠷᠡᠲᠦ ᠲᠠᠮᠳᠡᠭ ᠢ ᠡᠭᠦᠳᠤᠨ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢᠨ | ᠬᠢᠷᠢ ᠲᠦᠪᠰᠢᠨ ᠢ ᠲᠠᠰᠤᠷᠠᠯᠲᠠ ᠦᠬᠡᠢ ᠳᠡᠭᠡᠭᠰᠢᠯᠡᠬᠦᠯᠬᠦ ᠬᠡᠷᠡᠭᠲᠡᠢ ᠭᠡᠵᠡᠢ᠃ | |