4 ᠰᠠᠷ᠎ᠠ ᠶᠢᠨ 24 ᠤ ᠡᠳᠦᠷ᠂ ᠣᠯᠣᠰ ᠳᠦᠷᠦ ᠶᠢᠨ ᠵᠦᠪᠯᠡᠯᠬᠡᠨ ᠤ ᠦᠤᠰᠢᠨ ᠬᠤᠰᠢᠭᠤᠨ ᠤ ᠠᠷᠪᠠᠨ | ᠳᠦᠷᠪᠡᠳᠦᠬᠡᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠡᠰᠢᠬᠦᠳ ᠤᠨ ᠬᠤᠷᠢᠶ᠎ᠠ ᠶᠢᠨ ᠳᠣᠯᠣᠳᠣᠭᠠᠷ | ᠣᠳᠠᠭᠠᠨ ᠤ ᠬᠤᠷᠠᠯᠳᠣᠭᠠᠨ ᠬᠤᠷᠠᠯᠳᠣᠵᠦ ᠬᠤᠰᠢᠭᠤ ᠣᠯᠣᠰ ᠳᠦᠷᠦ ᠶᠢᠨ ᠵᠦᠪᠯᠡᠯᠬᠡᠨ ᠤ ᠨᠠᠮ ᠤᠨ ᠳᠣᠭᠤᠶᠢᠯᠠᠩ | ᠤᠨ ᠱᠦᠵᠢ ᠳᠡᠷᠢᠬᠦᠯᠡᠭᠴᠢ ᠬᠤᠣ ᠸᠧᠢ᠂ ᠬᠤᠰᠢᠭᠤ ᠣᠯᠣᠰ ᠳᠦᠷᠦ ᠶᠢᠨ ᠵᠦᠪᠯᠡᠯᠬᠡᠨ ᠤ ᠨᠠᠮ ᠤᠨ ᠳᠣᠭᠤᠶᠢᠯᠠᠩ | ᠤᠨ ᠳᠡᠳ᠋ ᠱᠦᠵᠢ ᠠᠯᠳᠠᠨᠳᠣᠶᠠᠭ᠎ᠠ᠂ ᠬᠤᠰᠢᠭᠤ ᠣᠯᠣᠰ ᠳᠦᠷᠦ ᠶᠢᠨ ᠵᠦᠪᠯᠡᠯᠬᠡᠨ ᠤ ᠳᠡᠳ᠋ ᠳᠡᠷᠢᠬᠦᠯᠡᠭᠴᠢ ᠯᠧᠢ · | ᠬᠠᠰ᠂ ᠯᠢ᠊ · ᠵᠢᠷᠣᠮᠲᠣ᠂ ᠸᠠᠩ ᠭᠠᠩ᠂ ᠣᠶᠣᠨᠪᠢᠯᠢᠭ᠌ ᠵᠢᠴᠢ ᠣᠯᠣᠰ ᠳᠦᠷᠦ ᠶᠢᠨ ᠵᠦᠪᠯᠡᠯᠬᠡᠨ ᠤ ᠬᠡᠷ ᠲᠡᠭᠡᠨ | ᠪᠠᠶᠢᠭ᠎ᠠ ᠪᠠᠶᠢᠩᠭᠤ ᠶᠢᠨ ᠬᠡᠰᠢᠬᠦᠳ ᠬᠤᠷᠠᠯ ᠳᠤ ᠣᠷᠣᠯᠴᠠᠪᠠ᠃ | ᠬᠤᠷᠠᠯ ᠲᠡᠭᠡᠷ᠎ᠡ᠂ ᠵᠠᠰᠠᠭ ᠤᠨ ᠣᠷᠳᠣᠨ ᠠᠴᠠ ᠬᠤᠰᠢᠭᠤ ᠣᠯᠣᠰ ᠳᠦᠷᠦ ᠶᠢᠨ ᠵᠦᠪᠯᠡᠯᠬᠡᠨ ᠤ ᠠᠷᠪᠠᠨ | ᠳᠦᠷᠪᠡᠳᠦᠬᠡᠷ ᠬᠤᠭᠤᠴᠠᠭᠠᠨ ᠤ ᠭᠤᠷᠪᠠᠳᠣᠭᠠᠷ ᠣᠳᠠᠭᠠᠨ ᠤ ᠬᠤᠷᠠᠯ ᠠᠴᠠ ᠨᠠᠰᠢᠬᠢ ᠰᠠᠨᠠᠯ ᠳᠣᠷᠠᠳᠣᠯᠭ᠎ᠠ ᠶᠢ | ᠰᠶᠢᠳᠪᠤᠷᠢᠯᠡᠭᠰᠡᠨ ᠪᠠᠶᠢᠳᠠᠯ ᠤᠨ ᠳᠣᠬᠠᠢ ᠨᠡᠶᠢᠳᠡᠯᠡᠯ ᠢ ᠰᠣᠨᠣᠰᠴᠦ ᠬᠤᠰᠢᠭᠤ ᠣᠯᠣᠰ ᠳᠦᠷᠦ ᠶᠢᠨ ᠵᠦᠪᠯᠡᠯᠬᠡᠨ ᠤ | ᠠᠷᠪᠠᠨ ᠳᠦᠷᠪᠡᠳᠦᠬᠡᠷ ᠬᠤᠭᠤᠴᠠᠭᠠᠨ ᠤ ᠳᠦᠷᠪᠡᠳᠦᠬᠡᠷ ᠤᠳᠠᠭᠠᠨ ᠤ ᠬᠤᠷᠠᠯ ᠤᠨ ᠬᠤᠯᠪᠣᠭᠳᠠᠯ ᠪᠦᠬᠦᠢ ᠣᠴᠢᠷ | ᠶᠠᠪᠣᠳᠠᠯ ᠤᠨ ᠳᠣᠬᠠᠢ᠂ ᠬᠤᠰᠢᠭᠤ ᠣᠯᠣᠰ ᠳᠦᠷᠦ ᠶᠢᠨ ᠵᠦᠪᠯᠡᠯᠬᠡᠨ ᠤ ᠠᠷᠪᠠᠨ ᠳᠦᠷᠪᠡᠳᠦᠬᠡᠷ ᠬᠤᠭᠤᠴᠠᠭᠠᠨ ᠤ | ᠪᠠᠶᠢᠩᠭᠤ ᠶᠢᠨ ᠬᠡᠰᠢᠬᠦᠳ ᠤᠨ ᠠᠵᠢᠯ ᠤᠨ ᠮᠡᠳᠡᠬᠦᠯᠦᠯᠲᠡ ︵ᠬᠢᠨᠠᠨ ᠵᠦᠪᠯᠡᠬᠦ ᠡᠬᠡ ᠪᠢᠴᠢᠭ︶᠂ ᠣᠯᠣᠰ ᠳᠦᠷᠦ | ᠶᠢᠨ ᠵᠦᠪᠯᠡᠯᠬᠡᠨ ᠤ ᠠᠷᠪᠠᠨ ᠳᠦᠷᠪᠡᠳᠦᠬᠡᠷ ᠬᠤᠭᠤᠴᠠᠭᠠᠨ ᠤ ᠭᠤᠷᠪᠠᠳᠣᠭᠠᠷ ᠣᠳᠠᠭᠠᠨ ᠤ ᠬᠤᠷᠠᠯ ᠠᠴᠠ ᠨᠠᠰᠢᠬᠢ | ᠰᠠᠨᠠᠯ ᠳᠣᠷᠠᠳᠣᠯᠭ᠎ᠠ ᠶᠢᠨ ᠠᠵᠢᠯ ᠤᠨ ᠳᠣᠬᠠᠢ ᠮᠡᠳᠡᠬᠦᠯᠦᠯᠲᠡ ︵ᠬᠢᠨᠠᠨ ᠵᠦᠪᠯᠡᠬᠦ ᠡᠬᠡ ᠪᠢᠴᠢᠭ︶᠂ ︽2019 | ᠣᠨ ᠤ ᠰᠢᠯᠢᠳᠡᠭ ᠰᠠᠨᠠᠯ ᠳᠣᠷᠠᠳᠣᠯᠭ᠎ᠠ ᠳᠣᠷᠠᠳᠣᠭᠰᠠᠳ ᠪᠠ ᠰᠠᠨᠠᠯ ᠳᠣᠷᠠᠳᠣᠯᠭ᠎ᠠ ᠶᠢ ᠳᠠᠭᠠᠭᠠᠴᠢᠯᠠᠨ | ᠰᠶᠢᠳᠪᠤᠷᠢᠯᠡᠭᠰᠡᠨ ᠲᠡᠷᠢᠭᠦᠨ ᠤ ᠨᠢᠬᠡᠴᠢ ᠶᠢ ᠱᠠᠩᠨᠠᠨ ᠬᠦᠬᠢᠬᠦᠯᠬᠦ ᠳᠣᠬᠠᠢ ᠰᠶᠢᠳᠪᠤᠷᠢ︾ ︵ᠳᠦᠰᠦᠯ︶ ᠢ ᠬᠢᠨᠠᠨ | ᠪᠠᠳᠣᠯᠠᠵᠦ ᠳᠣᠯᠣᠭᠠᠨ ᠨᠡᠷ᠎ᠡ ᠣᠯᠣᠰ ᠳᠦᠷᠦ ᠶᠢᠨ ᠵᠦᠪᠯᠡᠯᠬᠡᠨ ᠤ ᠬᠡᠰᠢᠬᠦᠨ ᠢ ᠨᠡᠮᠡᠵᠦ ᠨᠦᠬᠦᠪᠦᠷᠢᠯᠡᠬᠦ ᠶᠢ ᠬᠢᠨᠠᠨ | ᠪᠠᠳᠣᠯᠠᠪᠠ᠃ | ᠬᠤᠷᠠᠯ ᠠᠴᠠ ᠴᠢᠬᠤᠯᠠᠴᠢᠯᠠᠬᠤ ᠳᠠᠭᠠᠨ᠂ ᠣᠯᠣᠰ ᠳᠦᠷᠦ ᠶᠢᠨ ᠵᠦᠪᠯᠡᠯᠬᠡᠨ ᠤ ᠦᠤᠰᠢᠨ ᠬᠤᠰᠢᠭᠤᠨ ᠤ | ᠠᠷᠪᠠᠨ ᠳᠦᠷᠪᠡᠳᠦᠬᠡᠷ ᠬᠤᠭᠤᠴᠠᠭᠠᠨ ᠤ ᠬᠤᠷᠢᠶ᠎ᠠ ᠶᠢᠨ ᠳᠦᠷᠪᠡᠳᠦᠬᠡᠷ ᠤᠳᠠᠭᠠᠨ ᠤ ᠬᠤᠷᠠᠯᠳᠤᠭᠠᠨ ᠢ 27 ᠤ | ᠡᠳᠦᠷ ᠬᠤᠷᠠᠯᠳᠣᠭᠤᠯᠬᠤ ᠪᠠᠷ ᠪᠠᠶᠢᠨ᠎ᠠ᠃ ᠣᠯᠠᠨ ᠢᠶᠠᠷ ᠢᠶᠠᠨ ᠳᠠᠨᠢᠯᠳᠠ ᠪᠠᠨ ᠳᠡᠭᠡᠭᠰᠢᠯᠡᠬᠦᠯᠵᠦ ᠵᠢᠱᠢᠶᠡᠴᠢ | ᠳᠠᠭᠠᠭᠤᠯᠣᠭᠴᠢ ᠶᠢᠨ ᠦᠢᠯᠡᠳᠦᠯ ᠢᠶᠠᠨ ᠪᠠᠳᠠᠷᠠᠭᠤᠯᠤᠨ ᠬᠤᠷᠠᠯ ᠠᠴᠠ ᠡᠮᠦᠨᠡᠬᠢ ᠪᠡᠯᠡᠳᠭᠡᠯ ᠠᠵᠢᠯ ᠢ ᠰᠠᠶᠢᠳᠣᠷ ᠬᠢᠵᠦ | ᠴᠠᠭ ᠳᠣᠬᠠᠢ ᠳᠤᠨᠢ ᠬᠤᠷᠠᠯ ᠳᠤ ᠣᠷᠣᠯᠴᠠᠵᠦ ᠣᠯᠣᠰ ᠳᠦᠷᠦ ᠶᠢᠨ ᠵᠦᠪᠯᠡᠯᠬᠡᠨ ᠤ ᠦᠤᠰᠢᠨ ᠬᠤᠰᠢᠭᠤᠨ ᠤ | ᠠᠷᠪᠠᠨ ᠳᠦᠷᠪᠡᠳᠦᠬᠡᠷ ᠬᠤᠭᠤᠴᠠᠭᠠᠨ ᠤ ᠬᠤᠷᠢᠶ᠎ᠠ ᠶᠢᠨ ᠳᠦᠷᠪᠡᠳᠦᠬᠡᠷ ᠤᠳᠠᠭᠠᠨ ᠤ ᠬᠤᠷᠠᠯᠳᠤᠭᠠᠨ ᠢ ᠣᠷᠣᠭᠰᠢᠳᠠᠢ | ᠬᠤᠷᠠᠯᠳᠤᠭᠤᠯᠬᠤ ᠶᠢ ᠪᠠᠳᠣᠯᠠᠬᠤ ᠬᠡᠷᠡᠭᠲᠡᠢ ᠬᠡᠪᠡ᠃ | |