ᠪᠤᠶᠠᠠᠮᠠᠠᠳᠤᠬᠤ ᠮᠠᠨ ᠤ ᠬᠤᠰᠢᠭᠤᠨ ᠤ ᠲᠥᠯᠥᠭᠡᠯᠡᠭᠴᠢᠳ ᠤᠨ ᠪᠦᠯᠬᠦᠮ ᠤᠨ ᠬᠤᠲᠠ ᠶᠢᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠬᠢᠨᠠᠨ ᠵᠥᠪᠯᠡᠬᠦ ᠳᠤ ᠤᠷᠤᠯᠴᠠᠪᠠ
ᠨᠡᠶᠢᠲᠡᠯᠡᠭᠰᠡᠨ ᠴᠠᠭ᠄
2020-04-24
     4 ᠰᠠᠷ᠎ᠠ ᠶᠢᠨ 22 ᠤᠨ ᠡᠳᠤᠷ ᠤᠨ ᠦᠳᠡ ᠶᠢᠨ ᠡᠮᠦᠨ᠎ᠡ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠤᠶᠠᠨᠮᠠᠨᠳᠤᠬᠤ ᠮᠠᠨ ᠤ ᠬᠤᠰᠢᠭᠤᠨ ᠤ ᠲᠥᠯᠥᠭᠡᠯᠡᠭᠴᠢᠳ ᠤᠨ ᠪᠦᠯᠬᠦᠮ ᠤᠨ ᠬᠤᠲᠠ ᠶᠢᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠬᠢᠨᠠᠨ ᠵᠥᠪᠯᠡᠬᠦ ᠳᠤ ᠣᠷᠣᠯᠴᠠᠪᠠ᠃
     ᠪᠤᠶᠠᠨᠮᠠᠨᠳᠤᠬᠤ ᠶᠠᠷᠢᠬᠤ ᠳᠤ ᠪᠠᠨ᠂ ᠬᠤᠲᠠ ᠶᠢᠨ ᠵᠠᠰᠠᠭ ᠤᠨ ᠣᠷᠳᠣᠨ ᠮᠠᠯ ᠲᠠᠷᠢᠶᠠᠯᠠᠩ ᠠᠵᠤ ᠠᠬᠤᠶ ᠶᠢᠨ ᠠᠵᠤ ᠦᠢᠯᠡᠰᠵᠢᠬᠦᠯᠦᠯᠲᠡ ᠶᠢᠨ ᠠᠵᠢᠯ ᠤᠨ ᠲᠤᠬᠠᠢ ᠤᠳᠤᠷᠢᠳᠤᠯᠭ᠎ᠠ ᠪᠠᠨ ᠴᠢᠩᠭᠠᠳᠬᠠᠵᠤ ᠬᠠᠮᠢᠶ᠎ᠠ ᠪᠦᠬᠦᠢ ᠰᠠᠯᠠᠭ᠎ᠠ ᠮᠥᠴᠢᠷ ᠨᠢᠮᠪᠠᠶ ᠲᠥᠯᠥᠪᠵᠢᠭᠦᠯᠤᠨ ᠮᠠᠯ ᠤᠨ ᠠᠰᠢᠭ ᠰᠢᠮ᠎ᠡ ᠶᠢᠨ ᠦᠢᠯᠡᠳᠬᠦᠨ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠪᠣᠯᠪᠠᠰᠤᠷᠠᠭᠤᠯᠬᠤ ᠶᠢ ᠠᠵᠤ ᠠᠬᠤᠶ ᠶᠢᠨ ᠬᠥᠭᠵᠢᠯᠲᠡ ᠶᠢᠨ ᠴᠢᠬᠤᠯᠠ ᠪᠦᠷᠢᠯᠳᠦᠬᠦᠨ ᠬᠡᠰᠡᠭ ᠪᠤᠯᠭᠠᠵᠤ ᠨᠡᠩ ᠴᠢᠩᠭ᠎ᠠ ᠠᠳᠬᠤᠨ ᠦᠨᠡᠨᠬᠦ ᠬᠡᠷᠡᠭᠵᠢᠬᠦᠯᠦᠭᠦᠰᠢᠲᠠᠢ ᠬᠠᠮᠢᠶ᠎ᠠ ᠪᠦᠬᠦᠢ ᠲᠡᠳᠬᠦᠬᠦ ᠲᠥᠷᠥ ᠶᠢᠨ ᠪᠣᠳᠣᠯᠭ᠎ᠠ ᠪᠠ ᠮᠠᠯ ᠤᠨ ᠠᠰᠢᠭ ᠰᠢᠮ᠎ᠡ ᠶᠢᠨ ᠦᠢᠯᠡᠳᠬᠦᠨ ᠲᠠᠷᠢᠶᠠᠯᠠᠩ ᠤᠨ ᠪᠦᠲᠦᠭᠡᠭᠳᠡᠬᠦᠨ ᠢ ᠪᠤᠯᠪᠠᠰᠤᠷᠠᠭᠤᠯᠬᠤ ᠠᠵᠤ ᠠᠬᠤᠶᠢᠯᠠᠯ ᠢ ᠬᠥᠭᠵᠢᠭᠦᠯᠬᠦ ᠠᠷᠭ᠎ᠠ ᠬᠡᠮᠵᠢᠶ᠎ᠡ ᠶᠢ ᠲᠣᠭᠲᠠᠭᠠᠵᠤ ᠲᠡᠭᠡᠳᠤ ᠰᠢᠨᠵᠢᠯᠡᠬᠦ ᠤᠬᠠᠭᠠᠨ ᠮᠡᠷᠭᠡᠵᠢᠯ᠂ ᠥᠨᠳᠥᠷ ᠨᠡᠮᠡᠯᠲᠡ ᠥᠷᠲᠡᠭ ᠪᠦᠬᠦᠢ ᠮᠠᠯ ᠤᠨ ᠠᠰᠢᠭ ᠰᠢᠮ᠎ᠡ ᠶᠢᠨ ᠦᠢᠯᠡᠳᠬᠦᠨ ᠲᠠᠷᠢᠶᠠᠯᠠᠩ ᠤᠨ ᠪᠦᠲᠦᠭᠡᠭᠳᠡᠬᠦᠨ ᠢ ᠪᠤᠯᠪᠠᠰᠤᠷᠠᠭᠤᠯᠬᠤ ᠠᠵᠤ ᠦᠶᠯᠡᠰ ᠢ ᠶᠡᠬᠡᠪᠡᠷ ᠬᠥᠭᠵᠢᠭᠦᠯᠵᠦ ᠵᠣᠬᠢᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠭᠥᠷᠳᠡᠭᠡᠨ ᠡᠭᠦᠨ ᠤ ᠤᠯᠠᠮ ᠠᠴᠠ ᠲᠤᠯᠤᠭᠠᠶᠢᠯᠠᠬᠤ ᠠᠵᠤ ᠠᠬᠤᠶᠢᠯᠠᠯ ᠢ ᠪᠤᠵᠠᠭᠠᠶᠢᠷᠠᠭᠤᠯᠤᠨ ᠮᠠᠨ ᠤ ᠬᠤᠲᠠ ᠶᠢᠨ ᠮᠠᠯ ᠤᠨ ᠠᠰᠢᠭ ᠰᠢᠮ᠎ᠡ ᠶᠢᠨ ᠦᠢᠯᠡᠳᠬᠦᠨ ᠲᠠᠷᠢᠶᠠᠯᠠᠩ ᠤᠨ ᠪᠦᠲᠦᠭᠡᠭᠳᠡᠬᠦᠨ ᠤ ᠵᠠᠬ᠎ᠠ ᠲᠡᠯᠭᠡᠭᠦᠷ ᠤᠨ ᠡᠵᠡᠯᠡᠬᠦ ᠬᠤᠪᠢ ᠶᠢ ᠲᠠᠰᠤᠷᠠᠯᠲᠠ ᠦᠭᠡᠢ ᠥᠷᠭᠡᠳᠬᠡᠵᠦ ᠮᠠᠯ ᠲᠠᠷᠢᠶᠠᠯᠠᠩ ᠤᠨ ᠦᠷ᠎ᠡ ᠠᠰᠢᠭ ᠢ ᠨᠡᠮᠡᠭᠳᠡᠭᠦᠯᠬᠦ ᠪᠠ ᠮᠠᠯᠴᠢᠨ ᠲᠠᠷᠢᠶᠠᠴᠢᠨ ᠤ ᠣᠷᠣᠯᠭ᠎ᠠ ᠶᠢᠨ ᠨᠡᠮᠡᠭᠳᠡᠯ ᠢ ᠠᠭᠢᠭᠤᠯᠬᠤ ᠶᠢ ᠰᠠᠨᠠᠭᠤᠯᠵᠤ ᠪᠠᠶᠢᠨ᠎ᠠ ᠭᠡᠵᠡᠢ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号