4 ᠰᠠᠷ᠎ᠠ ᠶᠢᠨ 23 ᠤ ᠡᠳᠦᠷ᠂ ᠮᠠᠨ ᠤ ᠬᠤᠰᠢᠭᠤ ᠲᠦᠪ ᠤᠨ ᠣᠷᠴᠢᠨ ᠳᠣᠭᠤᠷᠢᠨ ᠤ ᠬᠢᠨᠠᠨ | ᠪᠠᠶᠢᠴᠠᠭᠠᠯᠳᠠ ᠶᠢᠨ ︽ᠡᠷᠬᠢᠨ ᠬᠠᠷᠠᠬᠤ︾ ᠪᠠ ᠳᠠᠯ᠎ᠠ ᠨᠣᠳᠤᠭ ᠤᠨ ᠠᠮᠢ ᠠᠬᠤᠢ ᠶᠢᠨ ᠣᠷᠴᠢᠨ ᠳᠣᠭᠤᠷᠢᠨ ᠤ | ᠠᠰᠠᠭᠤᠳᠠᠯ ᠤᠨ ᠳᠣᠰᠬᠠᠢ ᠳᠦᠷᠦᠯ ᠤᠨ ᠬᠢᠨᠠᠨ ᠪᠠᠶᠢᠴᠠᠭᠠᠯᠳᠠ ᠶᠢᠨ ᠬᠠᠷᠢᠭᠤ ᠳᠣᠰᠬᠠᠭᠰᠨᠨ ᠠᠰᠠᠭᠤᠳᠠᠯ ᠢ | ᠴᠡᠭᠴᠡᠯᠡᠨ ᠰᠠᠶᠢᠵᠢᠷᠠᠭᠤᠯᠬᠤ ᠠᠵᠢᠯ ᠤᠨ ᠠᠬᠢᠭᠤᠯᠣᠯᠲᠠ ᠶᠢᠨ ᠬᠤᠷᠠᠯ ᠬᠤᠷᠠᠯᠳᠣᠭᠤᠯᠵᠦ ᠳᠦᠪ᠂ ᠦᠪᠡᠷᠳᠡᠭᠡᠨ | ᠵᠠᠰᠠᠬᠤ ᠣᠷᠣᠨ ᠤ ᠣᠷᠴᠢᠨ ᠳᠣᠭᠤᠷᠢᠨ ᠤ ᠬᠢᠨᠠᠨ ᠪᠠᠶᠢᠴᠠᠭᠠᠯᠳᠠ ᠶᠢᠨ ︽ᠡᠷᠬᠢᠨ ᠬᠠᠷᠠᠬᠤ︾ ᠪᠠ ᠳᠠᠯ᠎ᠠ ᠨᠣᠳᠤᠭ | ᠤᠨ ᠠᠮᠢ ᠠᠬᠤᠢ ᠶᠢᠨ ᠣᠷᠴᠢᠨ ᠳᠣᠭᠤᠷᠢᠨ ᠤ ᠠᠰᠠᠭᠤᠳᠠᠯ ᠤᠨ ᠳᠣᠰᠬᠠᠢ ᠳᠦᠷᠦᠯ ᠤᠨ ᠬᠢᠨᠠᠨ ᠪᠠᠶᠢᠴᠠᠭᠠᠯᠳᠠ ᠶᠢᠨ | ᠬᠠᠷᠢᠭᠤ ᠳᠣᠰᠬᠠᠭᠰᠨᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠳᠤ ᠳᠠᠬᠢᠨ ᠪᠠᠶᠢᠷᠢᠯᠠᠭᠤᠯᠣᠯᠲᠠ ᠬᠢᠪᠡ᠃ | ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ ᠬᠤᠰᠢᠭᠤ ᠳᠡᠳ᠋ ᠳᠠᠷᠤᠭ᠎ᠠ ᠯᠢ ᠵᠦᠩ ᠯᠢᠨ᠂ ᠬᠤᠰᠢᠭᠤ | ᠳᠡᠳ᠋ ᠳᠠᠷᠤᠭ᠎ᠠ ᠪᠠᠶᠠᠨᠴᠡᠩᠬᠡᠯ ᠬᠤᠷᠠᠯ ᠳᠤ ᠣᠷᠣᠯᠴᠠᠪᠠ᠃ | ᠬᠤᠷᠠᠯ ᠳᠡᠭᠡᠷ᠎ᠡ ᠬᠤᠳᠠ ᠶᠢᠨ ᠲᠦᠪ ᠤᠨ ᠣᠷᠴᠢᠨ ᠳᠣᠭᠤᠷᠢᠨ ᠤ ᠬᠢᠨᠠᠨ ᠪᠠᠶᠢᠴᠠᠭᠠᠯᠳᠠ ᠶᠢᠨ ᠬᠠᠷᠢᠭᠤ | ᠳᠣᠰᠬᠠᠭᠰᠨᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠤᠨ ᠠᠯᠪᠠᠨ ᠬᠡᠷ ᠤᠨ ︽ᠲᠦᠪ ᠤᠨ ᠣᠷᠴᠢᠨ | ᠳᠣᠭᠤᠷᠢᠨ ᠤ ᠬᠢᠨᠠᠨ ᠪᠠᠶᠢᠴᠠᠭᠠᠯᠳᠠ ᠶᠢᠨ ᠬᠠᠷᠢᠭᠤ ᠳᠣᠰᠬᠠᠭᠰᠨᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ | ᠠᠵᠢᠯ ᠢ ᠬᠢᠨᠠᠨ ᠬᠦᠢᠴᠡᠳᠬᠡᠬᠦ ᠶᠢ ᠴᠢᠩᠭᠠᠳᠬᠠᠬᠤ ᠳᠣᠬᠠᠢ ᠵᠠᠬᠢᠳᠠᠯ︾ ᠪᠠ ᠲᠦᠪ ᠤᠨ ᠣᠷᠴᠢᠨ ᠳᠣᠭᠤᠷᠢᠨ ᠤ | ᠬᠢᠨᠠᠨ ᠪᠠᠶᠢᠴᠠᠭᠠᠯᠳᠠ ᠶᠢᠨ ︽ᠡᠷᠬᠢᠨ ᠬᠠᠷᠠᠬᠤ︾ ᠪᠠ ᠳᠠᠯ᠎ᠠ ᠨᠣᠳᠤᠭ ᠤᠨ ᠠᠮᠢ ᠠᠬᠤᠢ ᠶᠢᠨ ᠣᠷᠴᠢᠨ ᠳᠣᠭᠤᠷᠢᠨ | ᠤ ᠠᠰᠠᠭᠤᠳᠠᠯ ᠤᠨ ᠳᠣᠰᠬᠠᠢ ᠳᠦᠷᠦᠯ ᠤᠨ ᠬᠢᠨᠠᠨ ᠪᠠᠶᠢᠴᠠᠭᠠᠯᠳᠠ ᠶᠢᠨ ᠬᠠᠷᠢᠭᠤ ᠳᠣᠰᠬᠠᠭᠰᠨᠨ ᠠᠰᠠᠭᠤᠳᠠᠯ ᠢ | ᠴᠡᠭᠴᠡᠯᠡᠨ ᠰᠠᠶᠢᠵᠢᠷᠠᠭᠤᠯᠬᠤ ᠠᠵᠢᠯ ᠤᠨ ᠡᠬᠦᠷᠭᠡ ᠶᠢᠨ ᠵᠠᠳᠠᠯᠣᠯᠲᠠ ᠪᠠ ᠨᠣᠳᠠᠯᠠᠬᠤ ᠮᠠᠲ᠋ᠧᠷᠢᠶᠠᠯ ᠢ | ᠴᠣᠭᠯᠠᠭᠤᠯᠣᠭᠰᠠᠨ ᠪᠠᠶᠢᠳᠠᠯ ᠢ ᠨᠡᠶᠢᠳᠡᠯᠡᠵᠦ ᠴᠡᠭᠴᠡᠯᠡᠨ ᠰᠠᠶᠢᠵᠢᠷᠠᠭᠤᠯᠬᠤ ᠠᠵᠢᠯ ᠢ ᠨᠠᠷᠢᠯᠢᠭ ᠪᠠᠶᠢᠷᠢᠯᠠᠭᠤᠯᠪᠠ᠃ | ᠬᠤᠷᠠᠯ ᠠᠴᠠ ᠴᠢᠬᠤᠯᠠᠴᠢᠯᠠᠬᠤ ᠳᠠᠭᠠᠨ᠂ ᠡᠯ᠎ᠡ ᠱᠠᠳᠣᠨ ᠤ ᠡᠯ᠎ᠡ ᠰᠠᠯᠠᠭ᠎ᠠ ᠮᠦᠴᠢᠷ ᠤᠨ ᠬᠢᠨ ᠳᠣᠰ ᠳᠣᠰ | ᠤᠨ ᠢᠶᠠᠨ ᠬᠤᠯᠪᠣᠭᠳᠠᠵᠦ ᠪᠦᠬᠦᠢ ᠴᠡᠭᠴᠡᠯᠡᠨ ᠰᠠᠶᠢᠵᠢᠷᠠᠭᠤᠯᠬᠤ ᠡᠬᠦᠷᠭᠡ ᠪᠠᠨ ᠦᠳᠳᠡᠷ ᠳᠦᠷᠭᠡᠨ | ᠲᠤᠭᠤᠰᠢᠯᠠᠭᠤᠯᠵᠤ ᠬᠠᠷᠢᠭᠤ ᠳᠣᠰᠬᠠᠭᠰᠨᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠨᠢᠬᠡᠳᠦᠯᠳᠡᠢ | ᠠᠬᠢᠭᠤᠯᠬᠤ ᠬᠡᠷᠡᠭᠲᠡᠢ᠃ ᠡᠯ᠎ᠡ ᠬᠦᠷᠢᠶᠡᠯᠡᠩ ᠳᠣᠭᠤᠷᠢᠭ᠂ ᠡᠯ᠎ᠡ ᠰᠠᠯᠠᠭ᠎ᠠ ᠮᠦᠴᠢᠷ᠂ ᠡᠯ᠎ᠡ ᠰᠣᠮᠣ ᠪᠠᠯᠭᠠᠰᠣ ᠬᠠᠷᠢᠭᠤ | ᠳᠣᠰᠬᠠᠭᠰᠨᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠳᠠᠩᠰᠠ ᠡᠪᠬᠡᠮᠡᠯ ᠢ ᠡᠮᠬᠢᠯᠡᠨ ᠳᠢᠭᠯᠡᠵᠦ ᠳᠦᠷᠢᠮᠵᠢᠬᠦᠯᠦᠨ | ᠂ ᠬᠢᠨᠠᠯᠳᠠ ᠳᠠᠯᠪᠢᠵᠦ ᠭᠠᠷ ᠤᠨ ᠦᠰᠦᠭ ᠵᠢᠷᠣᠬᠤ ᠶᠠᠪᠣᠴᠠ ᠶᠢ ᠣᠯᠠᠮ ᠴᠢᠩᠭᠠᠳᠬᠠᠨ ᠨᠢᠭᠳᠠ ᠬᠠᠪᠰᠤᠷᠤᠯᠴᠠᠵᠤ | ᠪᠠᠶᠢᠭᠠᠳ ᠡᠯ᠎ᠡ ᠲᠦᠷᠦᠯ ᠤᠨ ᠴᠡᠭᠴᠡᠯᠡᠨ ᠰᠠᠶᠢᠵᠢᠷᠠᠭᠤᠯᠬᠤ ᠠᠵᠢᠯ ᠢ ᠪᠦᠬᠦ ᠳᠠᠯ᠎ᠠ ᠪᠠᠷ ᠠᠬᠢᠭᠤᠯᠤᠨ ᠲᠦᠪ ᠤᠨ | ᠣᠷᠴᠢᠨ ᠳᠣᠭᠤᠷᠢᠨ ᠤ ᠬᠢᠨᠠᠨ ᠪᠠᠶᠢᠴᠠᠭᠠᠯᠳᠠ ᠶᠢᠨ ︽ᠡᠷᠬᠢᠨ ᠬᠠᠷᠠᠬᠤ︾ ᠪᠠ ᠳᠠᠯ᠎ᠠ ᠨᠣᠳᠤᠭ ᠤᠨ ᠠᠮᠢ ᠠᠬᠤᠢ | ᠶᠢᠨ ᠣᠷᠴᠢᠨ ᠳᠣᠭᠤᠷᠢᠨ ᠤ ᠠᠰᠠᠭᠤᠳᠠᠯ ᠤᠨ ᠳᠣᠰᠬᠠᠢ ᠳᠦᠷᠦᠯ ᠤᠨ ᠬᠢᠨᠠᠨ ᠪᠠᠶᠢᠴᠠᠭᠠᠯᠳᠠ ᠶᠢᠨ ᠬᠠᠷᠢᠭᠤ | ᠳᠣᠰᠬᠠᠭᠰᠨᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠵᠢᠴᠢ ᠳᠠᠩᠰᠠ ᠡᠪᠬᠡᠮᠡᠯ ᠢ ᠡᠮᠬᠢᠳᠬᠡᠨ ᠳᠢᠭᠯᠡᠬᠦ | ᠠᠵᠢᠯ ᠢ ᠪᠦᠬᠦ ᠬᠦᠴᠦᠨ ᠢᠶᠠᠷ ᠢᠶᠠᠨ ᠴᠢᠨᠠᠷ ᠰᠠᠶᠢᠳᠠᠢ ᠪᠡᠶᠡᠯᠡᠬᠦᠯᠬᠦ ᠬᠡᠷᠡᠭᠲᠡᠢ ᠬᠡᠪᠡ᠃ |