ᠮᠠᠨ ᠤ ᠬᠤᠰᠢᠭᠤ ︽ᠨᠣᠮ ᠤᠩᠰᠢᠬᠤ ᠨᠢ ᠬᠦᠮᠦᠨ ᠤ ᠠᠮᠢᠳᠤᠷᠠᠯ ᠢ ᠨᠡᠩ ᠭᠤᠶᠤ ᠪᠣᠯᠭᠠᠨ᠎ᠠ︾ ᠭᠡᠬᠦ ᠲᠤᠰᠬᠠᠢ ᠰᠡᠲᠦᠪᠲᠦ ᠠᠵᠢᠯᠯᠠᠭ᠎ᠠ ᠶᠢ ᠦᠷᠨᠢᠬᠦᠯᠪᠡ
ᠨᠡᠶᠢᠲᠡᠯᠡᠭᠰᠡᠨ ᠴᠠᠭ᠄
2020-04-24
     ᠬᠤᠷᠢᠨ ᠲᠠᠪᠤᠳᠠᠬᠢ ᠤᠳᠠᠭᠠᠨ ᠤ ᠳᠡᠯᠡᠬᠡᠢ ᠶᠢᠨ ᠨᠣᠮ ᠤᠩᠰᠢᠬᠤ ᠡᠳᠦᠷ᠂ ᠮᠠᠨ ᠤ ᠬᠤᠰᠢᠭᠤ ︽ᠨᠣᠮ ᠤᠩᠰᠢᠬᠤ ᠨᠢ ᠬᠦᠮᠦᠨ ᠤ ᠠᠮᠢᠳᠤᠷᠠᠯ ᠢ ᠨᠡᠩ ᠭᠤᠶᠤ ᠪᠣᠯᠭᠠᠨ᠎ᠠ︾ ᠭᠡᠬᠦ ᠲᠤᠰᠬᠠᠢ ᠰᠡᠲᠦᠪᠲᠦ ᠠᠵᠢᠯᠯᠠᠭ᠎ᠠ ᠦᠷᠨᠢᠭᠦᠯᠵᠦ ᠣᠯᠠᠨ ᠲᠦᠮᠡᠨ ᠤ ᠨᠣᠮ ᠤᠩᠰᠢᠬᠤ ᠶᠢ ᠤᠷᠢᠶᠠᠯᠠᠭᠰᠠᠨ ᠪᠠᠶᠢᠨ᠎ᠠ᠃      ᠲᠣᠰ ᠤᠳᠠᠭᠠᠨ ᠤ ᠠᠵᠢᠯᠯᠠᠭ᠎ᠠ ᠶᠢ ᠬᠤᠰᠢᠭᠤ ᠨᠠᠰᠤᠨ ᠳᠤ ᠦᠯᠦ ᠬᠦᠷᠦᠭᠰᠡᠳ ᠤᠨ ᠰᠡᠳᠬᠢᠴᠡ ᠶᠢᠨ ᠡᠷᠡᠭᠦᠯ ᠮᠡᠨᠳᠦ ᠶᠢᠨ ᠰᠤᠷᠭᠠᠨ ᠬᠦᠮᠦᠵᠢᠯ ᠤᠨ ᠵᠢᠭᠠᠨ ᠵᠢᠯᠤᠭᠤᠳᠬᠤ ᠲᠦᠪ᠂ ᠬᠤᠰᠢᠭᠤ ᠰᠡᠳᠬᠢᠴᠡ ᠶᠢᠨ ᠵᠦᠪᠯᠡᠭᠴᠢᠳ ᠤᠨ ᠨᠡᠶᠢᠬᠡᠮᠯᠢᠭ᠂ ᠮᠢᠩᠭᠠᠨᠪᠤᠤ ᠭᠡᠷ ᠪᠦᠯᠢ ᠶᠢᠨ ᠰᠤᠷᠭᠠᠨ ᠬᠦᠮᠦᠵᠢᠯ ᠤᠨ ᠦᠢᠯᠡᠴᠢᠯᠡᠭᠡᠨ ᠤ ᠲᠦᠪ ᠵᠡᠷᠭᠡ ᠪᠠᠶᠢᠭᠤᠯᠭ᠎ᠠ ᠨᠢᠭᠡᠴᠢ ᠠᠴᠠ ᠬᠠᠮᠲᠤᠷᠠᠨ ᠡᠷᠬᠢᠯᠡᠵᠦ ᠪᠦᠬᠦ ᠠᠷᠠᠳ ᠢᠶᠠᠷ ᠢᠶᠠᠨ ᠨᠤᠮ ᠣᠡᠭᠰᠢᠬᠤ ᠶᠢ ᠰᠤᠷᠲᠠᠯᠴᠢᠯᠠᠨ ᠰᠤᠷᠤᠯᠴᠠᠯᠭ᠎ᠠ ᠶᠢᠨ ᠬᠡᠯᠪᠡᠷᠢ ᠶᠢᠨ ᠨᠡᠶᠢᠭᠡᠮ ᠤᠨ ᠪᠦᠳᠦᠭᠡᠨ ᠪᠠᠶᠢᠭᠤᠯᠤᠯᠲᠠ ᠶᠢ ᠠᠬᠢᠭᠤᠯᠤᠨ ᠪᠦᠬᠦ ᠠᠷᠠᠳ ᠤᠨ ᠨᠤᠮ ᠣᠡᠭᠰᠢᠬᠤ ᠢᠳᠡᠪᠬᠢᠵᠢᠯ ᠢ ᠲᠠᠶᠢᠴᠢᠯᠠᠵᠦ ᠠᠷᠠᠳ ᠢᠷᠬᠡᠳ ᠤᠨ ᠨᠤᠮ ᠣᠡᠭᠰᠢᠬᠤ ᠰᠠᠶᠢᠨ ᠰᠠᠶᠢᠬᠠᠨ ᠣᠷᠴᠢᠨ ᠢ ᠪᠤᠢ ᠪᠣᠯᠭᠠᠬᠤ ᠳᠤ ᠢᠳᠡᠪᠬᠢ ᠦᠢᠯᠡᠳᠦᠯ ᠦᠵᠡᠬᠦᠯᠦᠭᠰᠡᠨ ᠪᠠᠶᠢᠨ᠎ᠠ᠃      ᠠᠵᠢᠯᠯᠠᠭᠠᠨ ᠳᠤ ᠬᠤᠰᠢᠭᠤ ᠤᠳᠬ᠎ᠠ ᠤᠷᠠᠯᠢᠭ ᠤᠨ ᠬᠢᠨ ᠤ ᠬᠤᠯᠪᠤᠭ᠎ᠠ᠂ ᠵᠤᠬᠢᠶᠠᠯᠴᠢᠳ ᠤᠨ ᠡᠪᠯᠡᠯ᠂ ᠬᠤᠰᠢᠭᠤ ᠰᠡᠳᠬᠢᠴᠡ ᠶᠢᠨ ᠵᠦᠪᠯᠡᠭᠴᠢᠳ ᠤᠨ ᠨᠡᠶᠢᠬᠡᠮᠯᠢᠭ ᠤᠨ ᠵᠦᠪᠯᠡᠭᠴᠢ ᠪᠠᠭᠰᠢ᠂ ᠠᠬᠠᠮᠠᠳ ᠵᠣᠬᠢᠶᠠᠯᠴᠢᠳ ᠣᠷᠣᠯᠴᠠᠵᠤ ᠨᠣᠮ ᠤᠩᠰᠢᠬᠤ ᠶᠢᠨ ᠴᠢᠬᠤᠯᠠ ᠴᠢᠨᠠᠷ᠂ ᠨᠣᠮ ᠤᠩᠰᠢᠬᠤ ᠲᠤᠷ᠎ᠠ ᠰᠣᠨᠢᠷᠬᠠᠯ ᠢ ᠬᠡᠷᠬᠢᠨ ᠬᠦᠮᠦᠵᠢᠭᠦᠯᠬᠦ᠂ ᠶᠠᠭᠠᠬᠢᠵᠦ ᠨᠣᠮ ᠤᠩᠰᠢᠬᠤ ᠵᠡᠷᠭᠡ ᠲᠠᠯ᠎ᠠ ᠪᠠᠷ ᠴᠢᠯᠦᠭᠡᠲᠡᠢ ᠶᠠᠷᠢᠯᠴᠠᠵᠤ ᠨᠣᠮ ᠤᠩᠰᠢᠭᠰᠠᠨ ᠲᠦᠷᠦᠭᠳᠡᠯ ᠢᠶᠠᠨ ᠬᠤᠪᠢᠶᠠᠯᠴᠠᠭᠰᠠᠨ ᠪᠠᠶᠢᠨ᠎ᠠ᠃      ᠠᠵᠢᠯᠯᠠᠭᠠᠨ ᠢᠶᠠᠷ ᠪᠠᠰᠠ ᠨᠠᠰᠤᠨ ᠳᠤ ᠦᠯᠦ ᠬᠦᠷᠦᠭᠰᠡᠳ ᠤᠨ ᠰᠡᠳᠬᠢᠴᠡ ᠶᠢᠨ ᠡᠷᠡᠭᠦᠯ ᠮᠡᠨᠳᠦ ᠶᠢᠨ ᠰᠤᠷᠭᠠᠨ ᠬᠦᠮᠦᠵᠢᠯ ᠤᠨ ᠵᠢᠭᠠᠨ ᠵᠢᠯᠤᠭᠤᠳᠬᠤ ᠲᠦᠪ ᠠᠴᠠ ᠮᠢᠩᠭᠠᠨᠪᠤᠤ᠂ ᠴᠠᠭᠠᠨᠬᠦᠦ ᠬᠤᠶᠠᠷ ᠨᠦᠬᠦᠷ ᠢ ᠭᠡᠷ ᠪᠦᠯᠢ ᠶᠢᠨ ᠰᠣᠷᠭᠠᠨ ᠬᠦᠮᠦᠵᠢᠯ ᠤᠨ ᠵᠢᠯᠤᠭᠤᠳᠤᠭᠴᠢ ᠪᠠᠭᠰᠢ ᠪᠠᠷ ᠣᠷᠢᠵᠣ ᠦᠨᠡᠮᠯᠡᠯ ᠭᠠᠷᠳᠠᠭᠤᠯᠤᠭᠰᠠᠨ ᠪᠠᠶᠢᠨ᠎ᠠ᠃        
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号