ᠬᠡᠰᠢᠬᠦᠨ ᠤᠳᠬᠠᠨᠰᠤᠸ᠎ᠠ᠄ ᠮᠤᠩᠭᠤᠯ ᠦᠭᠡ ᠭᠡᠯᠡ ᠦᠰᠦᠭ ᠪᠢᠴᠢᠭ ᠤᠨ ᠠᠵᠢᠯ ᠢ ᠦᠨᠡᠨ ᠭᠦ ᠴᠢᠩᠭᠠᠳᠬᠠᠬᠤ ᠴᠢᠬᠤᠯᠠᠲᠠᠢ
ᠨᠡᠶᠢᠲᠡᠯᠡᠭᠰᠡᠨ ᠴᠠᠭ᠄
2020-04-29
     ᠭᠡᠰᠢᠭᠦᠨ ᠤᠳᠬᠠᠨᠰᠤᠸ᠎ᠠ  ᠪᠤᠯ ᠦᠤᠰᠢᠨ ᠬᠤᠰᠢᠭᠤᠨ ᠤ ᠰᠦᠯᠳᠡ ᠰᠤᠮᠤ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠭᠡᠷᠡᠭᠵᠢᠭᠦᠯᠭᠦ ᠲᠤᠪᠴᠢᠶ᠎ᠠ ᠶᠢᠨ ᠲᠠᠷᠤᠭ᠎ᠠ ᠪᠤᠯᠤᠨ᠎ᠠ᠃ ᠦᠨᠳᠦᠰᠤᠨ ᠱᠠᠳᠦᠨ ᠤ ᠮᠤᠩᠭᠤᠯ ᠬᠡᠯᠡᠨ ᠳᠤ ᠤᠷᠴᠢᠭᠤᠯᠤᠬᠳᠠᠬᠰᠠᠨ ᠪᠢᠴᠢᠭ ᠮᠠᠲ᠋ᠧᠷᠢᠶᠠᠯ ᠴᠦᠭᠡᠨ ᠠᠴᠠ ᠪᠤᠯᠵᠤ ᠮᠠᠯᠴᠢᠳ ᠳᠡᠭᠡᠳᠦ ᠱᠠᠳᠦᠨ ᠤ ᠲᠦᠷᠦ ᠶᠢᠨ ᠪᠤᠳᠤᠯᠭ᠎ᠠ ᠶᠢ ᠴᠠᠭ ᠲᠤᠬᠠᠢ ᠳᠤ ᠨᠢ ᠵᠦᠪ ᠤᠨᠤᠪᠴᠢᠲᠠᠢ ᠪᠦᠷᠢᠨ ᠰᠠᠶᠢᠬᠠᠨ ᠤᠢᠢᠯᠠᠭᠠᠵᠤ ᠲᠡᠶᠢᠯᠬᠦ ᠦᠬᠡᠢ ᠪᠠᠶᠢᠬᠤ ᠠᠰᠠᠭᠤᠳᠠᠯ ᠤᠷᠤᠰᠢᠵᠤ ᠪᠠᠶᠢᠨ᠎ᠠ᠃ ᠡᠨᠡ ᠭᠦ ᠪᠠᠶᠢᠲᠠᠯ ᠳᠤ ᠴᠢᠭᠯᠡᠭᠦᠯᠦᠨ ᠭᠡᠰᠢᠭᠦᠨ ᠤᠳᠬᠠᠨᠰᠤᠸ᠎ᠠ ᠮᠤᠩᠭᠤᠯ ᠦᠭᠡ ᠭᠡᠯᠡ ᠦᠰᠦᠭ ᠪᠢᠴᠢᠭ ᠤᠨ ᠠᠵᠢᠯ ᠢ ᠴᠢᠩᠭᠠᠳᠬᠠᠬᠤ ᠲᠤᠬᠠᠢ ᠬᠡᠳᠦᠨ ᠲᠠᠯ᠎ᠠ ᠶᠢᠨ ᠰᠠᠨᠠᠯ ᠳᠤᠷᠠᠳᠤᠯᠭ᠎ᠠ ᠳᠡᠪᠰᠢᠭᠦᠯᠦᠭᠰᠡᠨ ᠪᠠᠶᠢᠨ᠎ᠠ᠃ ᠤᠳᠬᠠᠨᠰᠤᠸ᠎ᠠ  ᠄ ︽ᠨᠢᠭᠡ ᠳᠤ ᠦᠨᠳᠦᠰᠦᠨ ᠱᠠᠳᠤᠨ ᠤ ᠪᠢᠴᠢᠭ ᠮᠠᠲ᠋ᠧᠷᠢᠶᠠᠯ᠂ ᠤᠨᠴᠠᠭᠠᠢᠢᠯᠠᠨ ᠮᠠᠯ ᠲᠠᠷᠢᠶᠠᠯᠠᠩ ᠳᠤ ᠬᠤᠯᠪᠤᠭᠳᠠᠭᠰᠠᠨ ᠪᠢᠴᠢᠭ ᠮᠠᠲ᠋ᠧᠷᠢᠶᠠᠯ ᠢ ᠬᠤᠤᠰ ᠬᠡᠯᠡ ᠪᠠᠷ ᠲᠠᠷᠬᠠᠭᠠᠪᠠᠯ ᠵᠤᠬᠢᠨ᠎ᠠ᠃ ᠬᠤᠶᠠᠷ ᠲᠤ ᠲᠤᠰᠬᠠᠢ ᠮᠡᠷᠭᠡᠵᠢᠯ ᠤᠨ ᠤᠷᠴᠢᠭᠤᠯᠤᠭᠴᠢ ᠶᠢ ᠡᠯᠰᠡᠵᠤ᠂ ᠦᠨᠳᠦᠰᠤᠨ ᠱᠠᠲᠤᠨ ᠤ ᠤᠷᠴᠢᠭᠤᠯᠤᠭᠴᠢ ᠶᠢᠨ ᠡᠩᠨᠡᠭᠡ ᠶᠢ ᠲᠡᠭᠦᠯᠳᠡᠷᠵᠢᠭᠦᠯᠭᠦ ᠶᠢᠨ ᠬᠠᠮᠳᠦ ᠬᠤᠲᠠ ᠶᠢᠨ ᠬᠡᠪᠴᠢᠶᠠᠨ ᠳᠤ ᠪᠠᠷᠢᠮᠵᠢᠶ᠎ᠠ ᠲᠤᠭᠲᠠᠭᠠᠨ ᠤᠷᠴᠢᠭᠤᠯᠤᠬᠴᠢ ᠳᠤ ᠤᠷᠴᠢᠭᠤᠯᠭ᠎ᠠ ᠶᠢᠨ ᠨᠦᠭᠦᠪᠦᠷᠢ ᠤᠯᠭᠤᠵᠤ᠂ ᠦᠨᠳᠦᠰᠤᠨ ᠱᠠᠲᠤᠨ ᠤ ᠤᠷᠴᠢᠭᠤᠯᠤᠭᠴᠢᠳ ᠤᠨ ᠢᠳᠡᠪᠬᠢᠵᠢᠯ ᠢ ᠤᠯᠠᠮ ᠨᠢᠭᠡ ᠠᠯᠬᠤᠮ ᠲᠠᠶᠢᠴᠢᠯᠠᠪᠡᠯ ᠵᠤᠬᠢᠨ᠎ᠠ︾ ᠭᠡᠵᠦ ᠪᠠᠶᠢᠯ᠎ᠠ᠃      ︵ᠤᠯᠤᠰ ᠲᠦᠷᠦ ᠶᠢᠨ ᠵᠦᠪᠯᠡᠯᠭᠡᠨ ᠤ ᠤᠷᠳᠤᠰ ᠬᠤᠲᠠ ᠶᠢᠨ ᠲᠦᠷᠪᠡᠳᠦᠭᠡᠷ ᠬᠤᠭᠤᠴᠠᠭᠠᠨ ᠤ ᠬᠤᠷᠢᠶ᠎ᠠ  ᠶᠢᠨ ᠭᠤᠷᠪᠠᠳᠤᠭᠠᠷ ᠤᠳᠠᠭ᠎ᠠ ᠶᠢᠨ ᠬᠤᠷᠠᠯ ᠲᠡᠭᠡᠷ᠎ᠡ︶
 
ᠢᠷᠡᠯᠲᠡ᠄ ᠣᠷᠳᠣᠰ ᠮᠣᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号