ᠤᠯᠤᠰ ᠲᠦᠷᠦ ᠶᠢᠨ ᠵᠦᠪᠯᠡᠯᠭᠡᠨ ᠤ ᠦᠤᠰᠢᠨ ᠬᠤᠰᠢᠭᠤᠨ ᠤ ᠠᠷᠪᠠᠨ ᠲᠦᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠳᠦᠷᠪᠡᠳᠦᠭᠡᠷ ᠣᠳᠠᠭᠠᠨ ᠤ ᠬᠤᠷᠠᠯᠳᠤᠭᠠᠨ ᠬᠤᠷᠠᠯᠳᠤᠵᠤ ᠡᠬᠢᠯᠡᠪᠡ
ᠨᠡᠶᠢᠲᠡᠯᠡᠭᠰᠡᠨ ᠴᠠᠭ᠄
2020-04-29
     4 ᠰᠡᠷ᠎ᠠ ᠶᠢᠨ 27 ᠤ ᠡᠳᠤᠷ᠂ ᠤᠯᠤᠰ ᠲᠦᠷᠦ ᠶᠢᠨ ᠵᠦᠪᠯᠡᠯᠭᠡᠨ ᠤ ᠦᠤᠰᠢᠨ ᠬᠤᠰᠢᠭᠤᠨ ᠤ ᠠᠷᠪᠠᠨ ᠲᠦᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠳᠦᠷᠪᠡᠳᠦᠭᠡᠷ ᠣᠳᠠᠭᠠᠨ ᠤ ᠬᠤᠷᠠᠯᠳᠤᠭᠠᠨ ᠬᠤᠰᠢᠭᠤ ᠵᠠᠰᠠᠭ ᠵᠠᠭᠢᠷᠭᠠᠨ ᠤ ᠥᠢᠯᠡᠴᠢᠯᠡᠭᠡᠨ ᠤ ᠲᠥᠪ ᠲᠤ ᠬᠤᠷᠠᠯᠳᠤᠵᠤ ᠡᠭᠢᠯᠡᠭᠰᠠᠨ ᠪᠠᠶᠢᠨ᠎ᠠ᠃
     ᠬᠤᠰᠢᠭᠤ ᠤᠯᠤᠰ ᠲᠦᠷᠦ ᠶᠢᠨ ᠵᠦᠪᠯᠡᠯᠭᠡᠨ ᠤ ᠲᠡᠷᠢᠭᠦᠯᠡᠭᠴᠢ ᠬᠤᠤ ᠸᠧᠢ᠂ ᠬᠤᠰᠢᠭᠤ ᠤᠯᠤᠰ ᠲᠦᠷᠦ ᠶᠢᠨ ᠵᠦᠪᠯᠡᠯᠭᠡᠨ ᠤ ᠲᠡᠳ᠋ ᠲᠡᠷᠢᠭᠦᠯᠡᠭᠴᠢ ᠯᠸᠢ · ᠬᠠᠰ᠂ ᠯᠢ᠊ ᠵᠢᠷᠦᠮᠲᠦ᠂ ᠸᠠᠩ ᠭᠠᠩ᠂ ᠤᠶᠤᠨᠪᠢᠯᠢᠭ᠌ ᠵᠢᠴᠢ ᠨᠠᠷᠢᠨ ᠪᠢᠴᠢᠭ ᠤᠨ ᠲᠠᠷᠤᠭ᠎ᠠ ᠬᠤᠸᠠᠩ ᠶᠦᠨ ᠫᠧᠩ ᠲᠡᠷᠢᠭᠦᠯᠡᠭᠴᠢ ᠶᠢᠨ ᠲᠠᠶᠢᠰᠠᠨ ᠤ ᠡᠮᠤᠨ᠎ᠡ ᠮᠥᠷ ᠲᠤ ᠰᠠᠭᠠᠲᠠᠪᠠ᠃ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ᠂ ᠬᠤᠰᠢᠭᠤ ᠨᠠᠮ ᠤᠨ ᠬᠤᠷᠢᠶᠠᠨ ᠤ ᠲᠡᠳ᠋ ᠱᠦᠵᠢ ᠬᠤᠰᠢᠭᠤ ᠲᠠᠷᠤᠭ᠎ᠠ ᠵᠤᠤ ᠹᠸᠢ ᠯᠤ᠋᠂ ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠤᠶᠠᠨᠮᠠᠨᠳᠤᠬᠤ ᠵᠡᠷᠭᠡ ᠤᠲᠤᠷᠢᠲᠤᠯᠭ᠎ᠠ ᠨᠠᠷ ᠶᠡᠭᠡ ᠬᠤᠷᠠᠯ ᠳᠤ ᠪᠠᠶᠠᠷ ᠭᠥᠷᠭᠡᠭᠦ ᠶᠢᠨ ᠬᠠᠮᠳᠤ ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠪᠠ᠃        ᠲᠤᠰ ᠤᠲᠠᠭᠠᠨ ᠤ ᠬᠤᠷᠠᠯ ᠳᠤ ᠤᠷᠤᠯᠴᠠᠬᠤ ᠶᠤᠰᠤᠳᠠᠢ ᠭᠡᠰᠢᠭᠦᠨ 133 ᠪᠠᠶᠢᠵᠤ᠂ ᠦᠨᠦᠳᠦᠷ ᠤᠨ ᠬᠤᠷᠠᠯ ᠳᠤ 123 ᠭᠡᠰᠢᠭᠦᠨ ᠤᠷᠤᠯᠴᠠᠨ ᠬᠠᠣᠯᠢ ᠳᠤ ᠲᠤᠭᠳᠠᠭᠠᠭᠰᠠᠨ ᠬᠦᠮᠦᠨ ᠤ ᠲᠤᠭᠠᠨ ᠳᠤ ᠨᠡᠶᠢᠴᠡᠪᠡ᠃ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠲᠡᠳ᠋ ᠲᠠᠷᠢᠭᠦᠯᠡᠭᠴᠢ ᠯᠸᠢ · ᠬᠠᠰ ᠡᠭᠢᠯᠠᠭᠦ ᠬᠤᠷᠠᠯ ᠢ ᠡᠷᠬᠢᠯᠡᠪᠡ᠃      ᠶᠡᠭᠡ ᠬᠤᠷᠠᠯ ᠨᠢ ᠰᠦᠷ ᠵᠢᠪᠬᠤᠭᠠᠲᠦ ᠤᠯᠤᠰ ᠤᠨ ᠲᠠᠭᠤᠨ ᠤ ᠲᠤᠮᠲᠠ ᠡᠭᠢᠯᠡᠪᠡ᠃
     ᠶᠡᠭᠡ ᠬᠤᠷᠠᠯ   ᠢᠶᠠᠷ ᠤᠯᠤᠰ ᠲᠦᠷᠦ ᠶᠢᠨ ᠵᠦᠪᠯᠡᠯᠭᠡᠨ ᠤ ᠦᠤᠰᠢᠨ ᠬᠤᠰᠢᠭᠤᠨ ᠤ ᠠᠷᠪᠠᠨ ᠲᠦᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠳᠦᠷᠪᠡᠳᠦᠭᠡᠷ ᠣᠳᠠᠭᠠᠨ ᠤ ᠬᠤᠷᠠᠯᠳᠤᠭᠠᠨ ᠤ ᠵᠦᠪᠯᠡᠬᠦ ᠵᠤᠶᠢᠯ ᠢ ᠭᠢᠨᠠᠨ ᠪᠠᠳᠤᠯᠠᠪᠠ      ᠤᠯᠤᠰ ᠲᠥᠷᠥ ᠶᠢᠨ ᠵᠥᠪᠯᠡᠯᠭᠡᠨ ᠤ ᠲᠠᠷᠢᠭᠦᠯᠡᠭᠴᠢ ᠬᠤᠤ ᠸᠧᠢ ᠤᠯᠤᠰ ᠲᠦᠷᠦ ᠶᠢᠨ ᠵᠦᠪᠯᠡᠯᠭᠡᠨ ᠤ ᠦᠤᠰᠢᠨ ᠬᠤᠰᠢᠭᠤᠨ ᠤ ᠠᠷᠪᠠᠨ ᠲᠦᠷᠪᠡᠳᠤᠬᠡᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶᠠᠨ ᠤ ᠨᠠᠶᠢᠳᠠᠯᠭ᠎ᠠ ᠪᠠᠷ ᠶᠡᠭᠡ ᠬᠤᠷᠠᠯ ᠳᠤ ᠠᠵᠢᠯ ᠤᠨ ᠢᠯᠡᠳᠭᠡᠯ ᠭᠢᠪᠠ᠃      ᠬᠤᠤ ᠸᠧᠢ ᠢᠯᠠᠳᠭᠡᠯ ᠳᠤ ᠵᠢᠭᠠᠬᠤ ᠳᠤ ᠪᠠᠨ᠂ 2019 ᠤᠨ ᠪᠤᠯ ᠰᠢᠨ᠎ᠡ ᠲᠤᠮᠳᠠᠳᠤ ᠤᠯᠤᠰ ᠪᠤᠯᠤᠨ ᠠᠷᠠᠳ ᠤᠨ ᠤᠯᠤᠰ ᠲᠦᠷᠦ ᠶᠢᠨ ᠵᠦᠪᠯᠡᠯᠭᠡᠨ ᠪᠠᠶᠢᠭᠤᠯᠤᠭᠳᠠᠭᠰᠠᠨ 70 ᠵᠢᠯ ᠤᠨ ᠤᠢ ᠮᠥᠨ᠃ ᠨᠢᠭᠡ ᠵᠢᠯ ᠤᠨ ᠲᠤᠷᠰᠢ ᠬᠤᠰᠢᠭᠤ ᠤᠯᠤᠰ ᠲᠦᠷᠦ ᠶᠢᠨ ᠵᠦᠪᠯᠡᠯᠭᠡᠨ ᠨᠢ ᠬᠤᠰᠢᠭᠤ ᠨᠠᠮ ᠤᠨ ᠬᠤᠷᠢᠶᠠᠨ ᠤ ᠪᠠᠳᠤ ᠴᠢᠩᠭ᠎ᠠ ᠤᠳᠤᠷᠢᠳᠤᠯᠭ᠎ᠠ ᠲᠤᠤᠷ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠪᠦᠬᠦᠢ ᠨᠡᠶᠢᠬᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠨ ᠨᠠᠮ ᠤᠨ ᠲᠦᠪ ᠬᠤᠷᠢᠶ᠎ᠠ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠤᠯᠤᠰ ᠲᠦᠷᠦ ᠶᠢᠨ ᠵᠦᠪᠯᠡᠯᠭᠡᠨ ᠤ ᠠᠵᠢᠯ ᠤᠨ ᠬᠤᠷᠠᠯ ᠤᠨ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠠᠷᠠᠳᠴᠢᠯᠠᠯ ᠪᠠ ᠪᠦᠯᠬᠦᠮᠳᠡᠯ ᠬᠡᠬᠦ ᠬᠤᠶᠠᠷ ᠶᠡᠭᠡ ᠭᠤᠤᠯ ᠰᠡᠳᠦᠪ ᠤᠨ ᠲᠤᠭᠤᠷᠢᠨ ᠳᠤ ᠪᠦᠬᠦ ᠬᠤᠰᠢᠭᠤᠨ ᠤ ᠭᠤᠤᠯ ᠠᠵᠢᠯ ᠲᠠᠢ ᠨᠢᠭᠳᠠ ᠤᠶᠠᠯᠳᠤᠭᠤᠯᠵᠤ ᠤᠭ ᠰᠠᠨᠠᠭ᠎ᠠ ᠪᠠᠨ ᠦᠯᠦ ᠮᠠᠷᠳᠠᠨ ᠠᠷᠠᠳ ᠲᠦᠮᠡᠨ ᠳᠤ ᠦᠢᠯᠡᠴᠢᠯᠡᠨ ᠡᠬᠦᠷᠭᠡ ᠲᠤᠰᠢᠶᠠᠯ ᠢᠶᠠᠨ ᠬᠦᠢᠴᠡᠳᠬᠡᠵᠦ ᠤᠯᠤᠰ ᠲᠦᠷᠦ ᠶᠢᠨ ᠵᠦᠪᠯᠡᠯᠭᠡ ᠬᠢᠬᠦ᠂ ᠠᠷᠠᠳᠴᠢᠯᠠᠯ ᠢᠶᠠᠷ ᠬᠢᠨᠠᠯᠳᠠ ᠲᠠᠯᠪᠢᠬᠤ᠂ ᠲᠦᠷᠦ ᠶᠢᠨ ᠶᠠᠪᠤᠳᠠᠯ ᠳᠤ ᠤᠷᠤᠯᠴᠠᠨ ᠵᠠᠰᠠᠭ ᠤᠨ ᠠᠵᠢᠯ ᠢ ᠵᠦᠪᠯᠡᠬᠦ ᠭᠤᠷᠪᠠᠨ ᠶᠡᠭᠡ ᠴᠢᠳᠠᠪᠬᠢ ᠪᠠᠨ ᠲᠤᠪᠤᠶᠢᠮ᠎ᠠ ᠪᠦᠳᠦᠮᠵᠢᠳᠠᠢ ᠪᠡᠶᠡᠯᠡᠬᠦᠯᠦᠨ ᠵᠦᠪᠯᠡᠬᠦ ᠠᠷᠠᠳᠴᠢᠯᠠᠯ ᠤᠨ ᠭᠤᠤᠯ ᠪᠤᠯᠬᠤ ᠠᠷᠭ᠎ᠠ ᠬᠡᠯᠪᠡᠷᠢ ᠪᠠ ᠵᠦᠪᠯᠡᠯᠭᠡ ᠬᠢᠬᠦ ᠲᠤᠰᠬᠠᠢ ᠪᠠᠶᠢᠭᠤᠯᠤᠮᠵᠢ ᠶᠢᠨ ᠦᠢᠯᠡᠳᠦᠯ ᠢᠶᠠᠨ ᠬᠦᠢᠴᠡᠳ ᠪᠠᠳᠠᠷᠠᠭᠤᠯᠵᠤ ᠵᠦᠪᠯᠡᠯᠭᠡ ᠲᠡᠪᠰᠢᠬᠦᠯᠦᠨ ᠵᠠᠰᠠᠭ ᠲᠤ ᠲᠤᠰᠠᠯᠠᠬᠤ ᠪᠠ ᠬᠠᠮᠳᠤ ᠶᠢᠨ ᠲᠠᠨᠢᠯᠳᠠ ᠶᠢ ᠲᠦᠪᠯᠡᠷᠡᠬᠦᠯᠬᠦ ᠬᠤᠶᠠᠷ ᠲᠠᠯ᠎ᠠ ᠪᠠᠷ ᠵᠡᠷᠭᠡᠪᠡᠷ ᠬᠦᠴᠦᠯᠡᠵᠦ ᠨᠤᠮᠢᠨ ᠲᠠᠩᠰᠤᠭ ᠦᠦᠰᠢᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠳᠠᠢ ᠬᠦᠭᠵᠢᠯᠳᠡ ᠶᠢ ᠠᠬᠢᠭᠤᠯᠬᠤ ᠳᠤ ᠤᠶᠤᠨ ᠤᠬᠠᠭᠠᠨ ᠢᠶᠠᠨ ᠲᠦᠪᠯᠡᠷᠡᠬᠦᠯᠦᠨ ᠠᠷᠭ᠎ᠠ ᠪᠤᠳᠤᠯᠭ᠎ᠠ ᠭᠠᠷᠭᠠᠭᠰᠠᠨ ᠪᠠᠶᠢᠨ᠎ᠠ ᠭᠡᠵᠡᠢ᠃
     ᠬᠤᠤ ᠸᠧᠢ ᠴᠢᠬᠤᠯᠠᠴᠢᠯᠠᠬᠤ ᠳᠤ ᠪᠠᠨ᠂ ᠰᠢᠨ᠎ᠡ ᠴᠠᠭ ᠦᠶ᠎ᠡ ᠶᠢᠨ ᠠᠷᠠᠳ ᠤᠨ ᠤᠯᠤᠰ ᠲᠦᠷᠦ ᠶᠢᠨ ᠵᠦᠪᠯᠡᠯᠭᠡᠨ ᠤ ᠠᠵᠢᠯ ᠢ ᠰᠠᠶᠢᠳᠤᠷ ᠬᠢᠬᠦ ᠳᠤ ᠵᠠᠪᠠᠯ ᠤᠯᠤᠰ ᠲᠦᠷᠦ ᠶᠢᠨ ᠵᠦᠪᠯᠡᠯᠭᠡᠨ ᠤ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠴᠢᠩᠭᠠᠳᠬᠠᠬᠤ ᠲᠡᠭᠡᠷ᠎ᠡ ᠡᠷᠬᠡᠪᠰᠢ ᠦᠷᠬᠦᠯᠵᠢᠯᠡᠨ ᠬᠦᠴᠦᠯᠡᠬᠦ ᠬᠡᠷᠡᠭᠳᠠᠢ᠃ ᠲᠤᠰᠬᠠᠢ ᠵᠦᠪᠯᠡᠬᠦ ᠪᠠᠶᠢᠭᠤᠯᠤᠮᠵᠢ ᠶᠢᠨ ᠦᠢᠯᠡᠳᠦᠯ ᠢ ᠪᠠᠳᠠᠷᠠᠭᠤᠯᠬᠤ ᠲᠡᠭᠡᠷ᠎ᠡ ᠡᠷᠬᠡᠪᠰᠢ ᠦᠷᠬᠦᠯᠵᠢᠯᠡᠨ ᠬᠦᠴᠦᠯᠡᠬᠦ ᠬᠡᠷᠡᠭᠳᠠᠢ᠃ ᠦᠵᠡᠯ ᠰᠠᠨᠠᠭ᠎ᠠ ᠤᠯᠤᠰ ᠲᠦᠷᠦ ᠶᠢᠨ ᠵᠢᠯᠤᠭᠤᠳᠤᠮᠵᠢ ᠶᠢ ᠴᠢᠩᠭᠠᠳᠬᠠᠵᠤ ᠦᠷᠭᠡᠨ ᠲᠡᠯᠭᠡᠷ ᠬᠠᠮᠳᠤ ᠶᠢᠨ ᠲᠠᠨᠢᠯᠳᠠ ᠶᠢ ᠲᠦᠪᠯᠡᠷᠡᠬᠦᠯᠬᠦ ᠲᠡᠭᠡᠷ᠎ᠡ ᠡᠷᠬᠡᠪᠰᠢ ᠦᠷᠬᠦᠯᠵᠢᠯᠡᠨ ᠬᠦᠴᠦᠯᠡᠬᠦ ᠬᠡᠷᠡᠭᠳᠠᠢ᠃ ᠬᠡᠰᠢᠬᠦᠨ ᠤ ᠡᠬᠦᠷᠭᠡᠯᠡᠯ ᠬᠠᠷᠢᠭᠤᠴᠠᠯᠭ᠎ᠠ  ᠶᠢ ᠴᠢᠩᠭᠠᠳᠬᠠᠬᠤ ᠲᠡᠭᠡᠷ᠎ᠡ ᠡᠷᠬᠡᠪᠰᠢ ᠦᠷᠬᠦᠯᠵᠢᠯᠡᠨ ᠬᠦᠴᠦᠯᠡᠬᠦ ᠬᠡᠷᠡᠭᠳᠠᠢ᠃ 2020 ᠤᠨ ᠪᠤᠯ ᠴᠢᠨᠡᠭᠡᠯᠢᠭ ᠨᠡᠶᠢᠬᠡᠮ ᠢ ᠪᠦᠬᠦ ᠲᠠᠯ᠎ᠠ ᠪᠠᠷ ᠪᠡᠶᠡᠯᠡᠬᠦᠯᠬᠦ ᠰᠢᠢᠳᠪᠦᠷᠢᠳᠦ ᠢᠯᠠᠯᠳᠠ ᠶᠢ ᠤᠯᠬᠤ ᠪᠠ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠦᠯᠦᠪᠵᠢᠬᠦᠯᠭᠡ ᠶᠢᠨ ᠰᠡᠬᠦᠯᠴᠢ ᠶᠢᠨ ᠨᠢᠭᠡ ᠵᠢᠯ ᠪᠤᠯᠤᠨ᠎ᠠ᠂ ᠠᠷᠠᠳ ᠤᠨ ᠤᠯᠤᠰ ᠲᠦᠷᠦ  ᠶᠢᠨ ᠵᠦᠪᠯᠡᠯᠭᠡᠨ ᠤ ᠦᠢᠯᠡᠰ ᠤᠨ ᠰᠢᠨ᠎ᠡ ᠬᠠᠭᠤᠳᠠᠰᠤ ᠶᠢ ᠪᠢᠴᠢᠭᠯᠡᠬᠦ ᠪᠠᠷ ᠬᠦᠴᠦᠯᠡᠨ ᠲᠡᠮᠡᠴᠡᠬᠦ ᠦᠷᠨᠢᠬᠦᠨ ᠠᠭᠤᠯᠭ᠎ᠠ ᠲᠠᠢ ᠦᠯᠵᠡᠢ ᠪᠡᠯᠭᠡᠳᠦ ᠵᠢᠯ ᠮᠥᠨ᠃ ᠬᠤᠰᠢᠭᠤ ᠤᠯᠤᠰ ᠲᠦᠷᠦ ᠶᠢᠨ ᠵᠦᠪᠯᠡᠯᠭᠡᠨ ᠬᠢᠭᠡᠳ ᠪᠠᠶᠢᠩᠭᠤ  ᠶᠢᠨ ᠬᠤᠷᠢᠶ᠎ᠠ ᠶᠢᠨ ᠠᠵᠢᠯ ᠤᠨ ᠶᠡᠷᠦᠩᠭᠡᠢ ᠱᠠᠭᠠᠷᠳᠠᠯᠭ᠎ᠠ ᠪᠤᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠪᠦᠬᠦᠢ ᠨᠡᠶᠢᠬᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠨ ᠲᠤᠮᠳᠠᠳᠤ ᠤᠯᠤᠰ ᠤᠨ ᠡᠪ ᠬᠠᠮᠳᠤ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ᠂ ᠲᠦᠷᠪᠡᠳᠦᠭᠡᠷ ᠪᠦᠬᠦᠳᠡ ᠬᠤᠷᠠᠯ ᠤᠨ ᠵᠤᠷᠢᠭ ᠰᠠᠨᠠᠭ᠎ᠠ ᠶᠢ ᠬᠦᠨᠵᠡᠭᠡᠢ ᠨᠠᠶᠢᠳᠠᠪᠤᠷᠢᠵᠢᠭᠤᠯᠵᠤ ᠤᠯᠤᠰ ᠲᠦᠷᠦ ᠶᠢᠨ ᠵᠦᠪᠯᠡᠯᠭᠡᠨ ᠤ ᠠᠵᠢᠯ ᠤᠨ ᠭᠤᠤᠯ ᠲᠡᠩᠬᠡᠯᠢᠭ᠂ ᠭᠤᠤᠯ ᠱᠤᠭᠤᠮ ᠪᠠ ᠭᠤᠤᠯ ᠵᠠᠩᠬᠢᠯᠠᠭ᠎ᠠ ᠶᠢ ᠤᠨᠤᠪᠴᠢᠳᠠᠢ ᠡᠵᠡᠮᠰᠢᠵᠦ᠂ ᠵᠦᠪᠯᠡᠬᠦ ᠠᠷᠠᠳᠴᠢᠯᠠᠯ ᠤᠨ ᠭᠤᠤᠯ ᠠᠷᠭ᠎ᠠ ᠵᠠᠮ ᠪᠠ ᠲᠤᠰᠬᠠᠢ ᠪᠠᠶᠢᠭᠤᠯᠤᠮᠵᠢ ᠶᠢᠨ ᠦᠢᠯᠡᠳᠦᠯ ᠢ ᠬᠦᠢᠴᠡᠳ ᠪᠠᠳᠠᠷᠠᠭᠤᠯᠤᠨ ᠤᠯᠤᠰ ᠲᠦᠷᠦ ᠶᠢᠨ ᠵᠦᠪᠯᠡᠯᠭᠡᠨ ᠤ ᠪᠠᠶᠢᠭᠤᠯᠤᠯ ᠤᠨ ᠲᠤᠭᠳᠠᠯᠴᠠᠭ᠎ᠠ ᠶᠢ ᠲᠤᠭᠳᠠᠭᠤᠨ ᠢᠶᠠᠷ ᠪᠦᠷᠢᠨᠵᠢᠬᠦᠯᠦᠨ ᠲᠡᠬᠦᠯᠳᠡᠷᠵᠢᠬᠦᠯᠵᠦ ᠤᠯᠤᠰ ᠲᠦᠷᠦ ᠶᠢᠨ ᠵᠦᠪᠯᠡᠯᠭᠡ ᠬᠢᠬᠦ᠂ ᠠᠷᠠᠳᠴᠢᠯᠠᠯ ᠢᠶᠠᠷ ᠬᠢᠨᠠᠬᠤ᠂ ᠵᠠᠰᠠᠭ ᠤᠨ ᠶᠠᠪᠤᠳᠠᠯ ᠳᠤ ᠤᠷᠤᠯᠴᠠᠨ ᠲᠦᠷᠦ ᠶᠢᠨ ᠬᠡᠷᠡᠭ ᠢ ᠵᠦᠪᠯᠡᠬᠦ ᠬᠢᠷᠢ ᠲᠦᠪᠰᠢᠨ ᠢᠶᠠᠨ ᠴᠢᠷᠮᠠᠶᠢᠨ ᠲᠡᠭᠡᠭᠰᠢᠯᠡᠬᠦᠯᠵᠦ ᠠᠷᠠᠳᠴᠢᠯᠠᠯ ᠢ ᠪᠠᠳᠠᠷᠠᠭᠤᠯᠬᠤ ᠪᠠ ᠪᠦᠯᠬᠦᠮᠳᠡᠯ ᠢ ᠠᠬᠢᠭᠤᠯᠬᠤ ᠶᠢ ᠬᠠᠷᠢᠯᠴᠠᠨ ᠨᠡᠪᠳᠡᠷᠡᠯᠴᠡᠬᠦᠯᠦᠨ᠂ ᠰᠠᠨᠠᠭᠤᠯᠭ᠎ᠠ ᠲᠤᠷᠠᠳᠤᠨ ᠵᠠᠰᠠᠭ ᠲᠤ ᠲᠤᠰᠠᠯᠠᠬᠤ ᠪᠠ ᠬᠠᠮᠳᠤ ᠶᠢᠨ ᠲᠠᠨᠢᠯᠳᠠ ᠶᠢ ᠲᠦᠪᠯᠡᠷᠡᠬᠦᠯᠬᠦ ᠶᠢ ᠬᠤᠶᠠᠷ ᠲᠠᠯ᠎ᠠ ᠪᠠᠷ ᠬᠦᠴᠦᠯᠡᠬᠦ ᠶᠢ ᠪᠡᠶᠡᠯᠡᠬᠦᠯᠵᠦ᠂ ᠴᠢᠨᠡᠭᠡᠯᠢᠭ ᠨᠡᠶᠢᠬᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠬᠡᠬᠦ ᠪᠠ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠦᠯᠦᠪᠵᠢᠬᠦᠯᠭᠡ ᠶᠢᠨ ᠡᠴᠦᠰ ᠤᠨ ᠢᠯᠠᠯᠳᠠ ᠶᠢ ᠤᠯᠬᠤ ᠪᠠᠷ ᠰᠡᠳᠬᠢᠯ ᠢᠶᠠᠨ ᠲᠦᠪᠯᠡᠷᠡᠬᠦᠯᠦᠨ ᠬᠦᠴᠦᠨ ᠢᠶᠠᠨ ᠨᠢᠭᠳᠠᠷᠠᠭᠤᠯᠵᠤ ᠨᠤᠮᠢᠨ ᠲᠠᠩᠰᠤᠭ ᠦᠦᠰᠢᠨ ᠤ ᠰᠢᠨ᠎ᠡ ᠴᠠᠭ ᠦᠶ᠎ᠡ ᠶᠢᠨ ᠴᠢᠨᠠᠷ ᠰᠠᠶᠢᠳᠠᠢ ᠬᠦᠭᠵᠢᠯᠳᠡ᠂ ᠨᠤᠮᠢᠨ ᠲᠠᠩᠰᠤᠭ ᠬᠦᠭᠵᠢᠨ ᠮᠠᠨᠳᠤᠯᠳᠠ ᠶᠢ ᠪᠡᠶᠡᠯᠡᠬᠦᠯᠬᠦ ᠳᠤ ᠤᠯᠤᠰ ᠲᠦᠷᠦ ᠶᠢᠨ ᠵᠦᠪᠯᠡᠯᠭᠡᠨ ᠤ ᠬᠢᠨ ᠤ ᠤᠶᠤᠨ ᠤᠬᠠᠭᠠᠨ ᠪᠠ ᠬᠦᠴᠦᠨ ᠴᠢᠳᠠᠯ ᠢ ᠢᠳᠡᠪᠬᠢᠳᠠᠢ ᠨᠡᠮᠡᠷᠢᠯᠡᠬᠦ ᠬᠡᠷᠡᠭᠳᠠᠢ ᠭᠡᠵᠡᠢ᠃     ᠬᠤᠤ ᠸᠧᠢ ᠢᠯᠠᠳᠭᠡᠯ ᠳᠤ ᠵᠢᠭᠠᠬᠤ ᠳᠤ ᠪᠠᠨ᠂ ᠮᠠᠨ ᠤ ᠬᠤᠰᠢᠭᠤ ᠡᠨᠡ ᠵᠢᠯ ᠲᠤᠤᠷᠠᠬᠢ ᠮᠡᠳᠦ ᠵᠢᠷᠭᠤᠭᠠᠨ ᠲᠠᠯ᠎ᠠ ᠶᠢᠨ ᠠᠵᠢᠯ ᠢ ᠪᠦᠬᠦ ᠬᠦᠴᠦ ᠪᠠᠷ ᠰᠠᠶᠢᠳᠤᠷ ᠠᠳᠬᠤᠨ᠎ᠠ᠃      ᠨᠢᠭᠡ᠂ ᠤᠯᠤᠰ ᠲᠦᠷᠦ ᠶᠢ ᠡᠷᠬᠢᠮᠯᠡᠨ ᠰᠤᠷᠤᠯᠴᠠᠯᠭ᠎ᠠ ᠶᠢ ᠴᠢᠩᠭᠠᠳᠬᠠᠵᠤ᠂ ᠦᠨᠳᠦᠰᠦᠨ ᠱᠠᠳᠤᠨ ᠤ ᠤᠯᠤᠰ ᠲᠦᠷᠦ ᠶᠢᠨ ᠵᠦᠪᠯᠡᠯᠭᠡᠨ ᠤ ᠰᠢᠨ᠎ᠡ ᠡᠬᠦᠷᠭᠡ ᠶᠢ ᠤᠨᠤᠪᠴᠢᠳᠠᠢ ᠡᠵᠡᠮᠰᠢᠬᠦ ᠬᠡᠷᠡᠭᠳᠠᠢ᠃      ᠬᠤᠶᠠᠷ᠂ ᠬᠢᠴᠢᠶᠡᠩᠬᠦᠢ ᠪᠠᠷ ᠲᠤᠰᠢᠶᠠᠯ ᠢᠶᠠᠨ ᠬᠦᠢᠴᠡᠳᠬᠡᠨ ᠵᠤᠷᠢᠭᠳᠠᠢ ᠬᠠᠷᠢᠭᠤᠴᠠᠵᠤ ᠰᠠᠨᠠᠯ ᠵᠦᠪᠯᠡᠯᠭᠡ ᠲᠡᠪᠰᠢᠬᠦᠯᠦᠨ ᠵᠠᠰᠠᠭ ᠲᠤ ᠲᠤᠰᠠᠯᠠᠨ ᠰᠢᠨ᠎ᠡ ᠦᠷ᠎ᠡ ᠪᠦᠳᠦᠮᠵᠢ ᠭᠠᠷᠭᠠᠬᠤ ᠪᠠᠷ ᠲᠠᠰᠤᠷᠠᠯᠳᠠ ᠦᠭᠡᠢ ᠰᠦᠪᠡᠭᠴᠢᠯᠡᠬᠦ ᠬᠡᠷᠡᠭᠳᠠᠢ᠃      ᠭᠤᠷᠪᠠ᠂ ᠠᠷᠠᠳ ᠤᠨ ᠠᠮᠢᠳᠤᠷᠠᠯ ᠢ ᠴᠢᠬᠤᠯᠠᠴᠢᠯᠠᠨ ᠠᠷᠠᠳ ᠲᠤ ᠠᠰᠢᠭ ᠬᠦᠷᠳᠡᠭᠡᠵᠦ᠂ ᠠᠷᠠᠳ ᠤᠯᠠᠨ ᠤ ᠰᠢᠨ᠎ᠡ ᠬᠦᠰᠡᠯ ᠨᠠᠶᠢᠳᠠᠯᠭ᠎ᠠ ᠳᠤ ᠲᠠᠰᠤᠷᠠᠯᠳᠠ ᠦᠭᠡᠢ ᠨᠡᠶᠢᠴᠡᠬᠦᠯᠬᠦ ᠬᠡᠷᠡᠭᠳᠠᠢ᠃      ᠲᠦᠷᠪᠡ᠂ ᠠᠷᠠᠳᠴᠢᠯᠠᠯ ᠢ ᠪᠠᠳᠠᠷᠠᠭᠤᠯᠤᠨ ᠪᠦᠯᠬᠦᠮᠳᠡᠯ ᠢ ᠨᠢᠭᠳᠠᠷᠠᠭᠤᠯᠵᠤ᠂ ᠬᠠᠮᠳᠤ ᠶᠢᠨ ᠲᠠᠨᠢᠯᠳᠠ ᠶᠢ ᠲᠦᠪᠯᠡᠷᠡᠬᠦᠯᠬᠦ ᠳᠤ ᠰᠢᠨ᠎ᠡ ᠬᠠᠮᠳᠤᠷᠠᠯ ᠬᠦᠴᠦᠨ ᠢ ᠪᠤᠢ ᠪᠤᠯᠭᠠᠬᠤ ᠬᠡᠷᠡᠭᠳᠠᠢ᠃      ᠲᠠᠪᠤ᠂ ᠲᠤᠭᠳᠠᠯᠴᠠᠭ᠎ᠠ ᠶᠢ ᠪᠠᠶᠢᠭᠤᠯᠤᠨ ᠬᠡᠷᠡᠭᠵᠢᠭᠦᠯᠦᠯᠳᠡ ᠶᠢ ᠴᠢᠩᠭᠠᠳᠬᠠᠵᠤ᠂ ᠠᠷᠠᠳ ᠤᠨ ᠤᠯᠤᠰ ᠲᠦᠷᠦ ᠶᠢᠨ ᠵᠦᠪᠯᠡᠯᠭᠡᠨ ᠤ ᠰᠢᠨ᠎ᠡ ᠲᠠᠪᠠᠭᠤᠯᠢᠭ ᠢ ᠰᠠᠶᠢᠳᠤᠷ ᠪᠠᠳᠠᠷᠠᠭᠤᠯᠬᠤ ᠬᠡᠷᠡᠭᠳᠠᠢ᠃      ᠵᠢᠷᠭᠤᠭ᠎ᠠ᠂ ᠬᠡᠪ ᠴᠢᠨᠠᠷ ᠢ ᠲᠡᠭᠡᠭᠰᠢᠯᠡᠬᠦᠯᠦᠨ ᠦᠢᠯᠡᠴᠢᠯᠡᠭᠡ ᠶᠢ ᠰᠠᠶᠢᠵᠢᠷᠠᠭᠤᠯᠵᠤ᠂ ᠤᠯᠤᠰ ᠲᠦᠷᠦ ᠶᠢᠨ ᠵᠦᠪᠯᠡᠯᠭᠡᠨ ᠤ ᠠᠵᠢᠯ ᠤᠨ ᠰᠢᠨ᠎ᠡ ᠲᠦᠷᠰᠦ ᠪᠠᠶᠢᠳᠠᠯ ᠢ ᠪᠤᠢ ᠪᠤᠯᠭᠠᠬᠤ ᠪᠠᠷ ᠴᠢᠷᠮᠠᠶᠢᠬᠤ ᠬᠡᠷᠡᠭᠳᠠᠢ ᠭᠡᠵᠡᠢ᠃      ᠬᠤᠤ ᠸᠧᠢ ᠬᠠᠮᠤᠭ ᠰᠠᠭᠦᠯ ᠳᠤ ᠭᠡᠯᠡᠭᠦ ᠳᠤ ᠪᠠᠨ᠂ ᠰᠢᠨ᠎ᠡ ᠦᠵᠡᠯ ᠰᠠᠨᠠᠭ᠎ᠠ ᠤᠷᠤᠭᠰᠢᠯᠠᠯᠳᠠ ᠶᠢᠨ ᠴᠢᠭᠯᠡᠯ ᠢ ᠵᠢᠯᠤᠭᠤᠳᠴᠤ᠂ ᠰᠢᠨ᠎ᠡ ᠡᠬᠦᠷᠭᠡ ᠬᠠᠷᠢᠭᠤᠴᠠᠯᠭ᠎ᠠ ᠡᠷᠡᠯᠭᠡᠭᠯᠡᠨ ᠲᠡᠮᠡᠴᠡᠬᠦ ᠬᠦᠴᠦᠨ ᠴᠢᠳᠠᠯ ᠢ ᠪᠠᠳᠠᠷᠠᠭᠤᠯᠳᠠᠭ᠃ ᠪᠢᠳᠠ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠨ ᠲᠤᠮᠳᠠᠳᠤ ᠤᠯᠤᠰ ᠤᠨ ᠡᠪ ᠬᠠᠮᠳᠤ ᠨᠠᠮ ᠤᠨ ᠲᠤᠭᠤᠷᠢᠨ  ᠳᠤ ᠨᠡᠩ ᠢᠯᠡᠬᠦᠦ ᠨᠢᠭᠳᠠᠷᠠᠨ ᠪᠦᠯᠬᠦᠮᠳᠡᠵᠦ ᠬᠦᠴᠦ ᠪᠠᠨ ᠬᠠᠮᠳᠤᠳᠬᠠᠨ᠂ ᠡᠷᠡᠯᠭᠡᠭᠯᠡᠨ ᠤᠷᠤᠭᠰᠢᠯᠠᠵᠤ᠂ ᠭᠠᠭᠴᠠ ᠬᠦ ᠴᠠᠭ ᠡᠷᠡᠨ ᠲᠠᠢ ᠤᠷᠤᠯᠳᠤᠨ ᠰᠢᠨᠳᠠᠷᠠᠰᠢ ᠦᠭᠡᠢ ᠴᠢᠷᠮᠠᠶᠢᠵᠤ ᠠᠷᠠᠳ ᠤᠨ ᠤᠯᠤᠰ ᠲᠦᠷᠦ ᠶᠢᠨ ᠵᠦᠪᠯᠡᠯᠭᠡᠨ ᠤ ᠡᠯ᠎ᠡ ᠲᠦᠷᠦᠯ ᠤᠨ ᠠᠵᠢᠯ ᠢ ᠰᠠᠶᠢᠳᠤᠷ ᠬᠢᠵᠦ ᠠᠷᠠᠳ ᠤᠨ ᠤᠯᠤᠰ ᠲᠦᠷᠦ ᠶᠢᠨ ᠵᠦᠪᠯᠡᠯᠭᠡᠨ ᠤ ᠪᠠᠶᠢᠭᠤᠯᠤᠯ ᠤᠨ ᠲᠠᠪᠠᠭᠤᠯᠢᠭ ᠢ ᠦᠦᠰᠢᠨ ᠤ ᠨᠤᠮᠢᠨ ᠲᠠᠩᠰᠤᠭ ᠬᠦᠭᠵᠢᠨ ᠮᠠᠨᠳᠤᠯᠳᠠ ᠶᠢ ᠪᠡᠶᠡᠯᠡᠬᠦᠯᠬᠦ ᠬᠦᠭᠵᠢᠯᠳᠡ ᠶᠢᠨ ᠲᠠᠪᠠᠭᠤᠯᠢᠭ ᠪᠠ ᠭᠠᠵᠠᠷ ᠤᠷᠤᠨ ᠤ ᠵᠠᠰᠠᠯᠳᠠ ᠶᠢᠨ ᠴᠢᠳᠠᠪᠤᠷᠢ ᠪᠤᠯᠭᠠᠨ ᠬᠤᠪᠢᠷᠠᠭᠤᠯᠵᠤ ᠪᠦᠬᠦ ᠬᠤᠰᠢᠭᠤᠨ ᠤ ᠠᠵᠤ ᠠᠬᠤᠢ ᠨᠡᠶᠢᠬᠡᠮ ᠤᠨ ᠴᠢᠨᠠᠷ ᠰᠠᠶᠢᠳᠠᠢ ᠬᠦᠭᠵᠢᠯᠳᠡ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠪᠠᠷ ᠬᠠᠯᠠᠰᠢᠷᠠᠯ ᠦᠭᠡᠢ ᠲᠡᠮᠡᠴᠡᠵᠡᠭᠡᠶ᠎ᠡ ᠭᠡᠵᠡᠢ᠃      ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠲᠡᠳ᠋ ᠲᠠᠷᠢᠭᠦᠯᠡᠭᠴᠢ ᠸᠠᠩ ᠭᠠᠩ ᠤᠯᠤᠰ ᠲᠦᠷᠦ ᠶᠢᠨ ᠵᠦᠪᠯᠡᠯᠭᠡᠨ ᠤ ᠦᠦᠰᠢᠨ ᠬᠤᠰᠢᠭᠤᠨ ᠤ ᠠᠷᠪᠠᠨ ᠳᠦᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠶᠠᠪᠤᠳᠠᠯ ᠤᠨ ᠬᠤᠷᠢᠶᠠᠨ ᠤ ᠤᠯᠤᠰ ᠲᠦᠷᠦ ᠶᠢᠨ ᠵᠦᠪᠯᠡᠯᠭᠡᠨ ᠤ ᠠᠷᠪᠠᠨ ᠳᠦᠷᠪᠡᠳᠦᠭᠡᠷ ᠬᠤᠭᠤᠴᠠᠭᠠᠨ ᠤ ᠭᠤᠷᠪᠠᠳᠣᠭᠠᠷ ᠤᠳᠠᠭᠠᠨ ᠤ ᠬᠤᠷᠠᠯᠳᠣᠭᠠᠨ ᠠᠴᠠ ᠨᠠᠭᠠᠰᠢᠬᠢ ᠰᠠᠨᠠᠯ ᠳᠣᠷᠠᠳᠣᠯᠭ᠎ᠠ ᠶᠢᠨ ᠠᠵᠢᠯ ᠤᠨ ᠪᠠᠶᠢᠳᠠᠯ ᠤᠨ ᠲᠣᠬᠠᠢ ᠮᠡᠳᠡᠭᠦᠯᠦᠯᠲᠡ ᠭᠢᠪᠠ᠃      ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠯᠢᠤ ᠪᠥᠸᠧ᠂ ᠰᠢᠤᠢ ᠯᠢ ᠮᠸᠢ᠂ ᠰᠠᠴᠠᠠᠪᠢᠯᠢᠭ᠌᠂ ᠪᠠᠢ ᠶᠠᠩ᠂ ᠯᠢᠤ ᠱᠠᠩ ᠡᠤ᠂ ᠵᠧᠩ ᠶᠥᠩ ᠫᠢᠩ ᠨᠠᠷ ᠲᠤᠰ ᠲᠤᠰ ᠦᠬᠡ ᠶᠠᠷᠢᠪᠠ᠃      ᠬᠤᠷᠠᠯ ᠲᠡᠭᠡᠷ᠎ᠡ 2019 ᠤᠨ ᠤ ᠰᠢᠯᠢᠳᠡᠭ ᠰᠠᠨᠠᠯ ᠲᠤᠷᠠᠳᠤᠭᠰᠠᠳ ᠪᠠ ᠰᠠᠨᠠᠯ ᠲᠤᠷᠠᠳᠤᠯᠭ᠎ᠠ ᠶᠢ ᠲᠠᠭᠠᠭᠠᠨ ᠬᠦᠢᠴᠡᠳᠬᠡᠭᠰᠡᠨ ᠲᠡᠷᠢᠬᠦᠨ ᠤ ᠨᠢᠭᠡᠴᠢ ᠶᠢ ᠱᠨᠩᠨᠠᠨ ᠭᠥᠭᠢᠭᠦᠯᠪᠡ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号