ᠦᠤᠰᠢᠨ ᠬᠤᠰᠢᠭᠤᠨ ᠤ ᠠᠷᠪᠠᠨ ᠲᠤᠯᠤᠳᠤᠭᠠᠷ ᠬᠤᠭᠤᠴᠠᠭᠠᠨ ᠤ ᠠᠷᠠᠤᠨ ᠤᠨ ᠲᠦᠯᠤᠬᠡᠯᠡᠭᠴᠢᠤᠨ ᠤᠨ ᠶᠡᠭᠡ ᠬᠤᠷᠠᠯ ᠤᠨ ᠲᠦᠷᠪᠡᠳᠦᠬᠡᠷ ᠤᠳᠠᠭᠠᠨ ᠤ ᠬᠤᠷᠠᠯᠳᠤᠭᠠᠨ ᠬᠤᠷᠠᠯᠳᠤᠵᠤ ᠡᠬᠢᠯᠡᠪᠡ
ᠨᠡᠶᠢᠲᠡᠯᠡᠭᠰᠡᠨ ᠴᠠᠭ᠄
2020-04-29
     4 ᠰᠠᠷ᠎ᠠ ᠶᠢᠨ 28 ᠤ ᠡᠳᠤᠷ ᠤᠨ 8᠄ 30 ᠲᠤ᠂ ᠦᠤᠰᠢᠨ ᠬᠤᠰᠢᠭᠤᠨ ᠤ ᠠᠷᠪᠠᠨ ᠲᠤᠯᠤᠳᠤᠭᠠᠷ ᠬᠤᠭᠤᠴᠠᠭᠠᠨ ᠤ ᠠᠷᠠᠤᠨ ᠤᠨ ᠲᠦᠯᠤᠬᠡᠯᠡᠭᠴᠢᠤᠨ ᠤᠨ ᠶᠡᠭᠡ ᠬᠤᠷᠠᠯ ᠤᠨ ᠲᠦᠷᠪᠡᠳᠦᠬᠡᠷ ᠤᠳᠠᠭᠠᠨ ᠤ ᠬᠤᠷᠠᠯᠳᠤᠭᠠᠨ ᠰᠤᠶᠤᠯ ᠤᠨ ᠠᠵᠢᠯᠯᠠᠭᠠᠨ ᠤ ᠲᠥᠪ ᠲᠤ ᠬᠤᠷᠠᠯᠳᠤᠵᠤ ᠡᠭᠢᠯᠡᠭᠰᠠᠨ ᠪᠠᠶᠢᠨ᠎ᠠ᠃
     ᠲᠤᠰ ᠤᠳᠠᠭᠠᠨ ᠤ ᠶᠡᠭᠡ ᠬᠤᠷᠠᠯ ᠤᠨ ᠭᠦᠢᠴᠡᠳᠭᠡᠭᠦ ᠲᠡᠷᠢᠭᠦᠯᠡᠭᠴᠢ ᠡᠷᠳᠡᠨᠢᠪᠢᠯᠢᠭ᠂ ᠵᠣᠣ ᠹᠧᠢ ᠯᠤ᠋᠂ ᠪᠤᠶᠠᠨᠮᠠᠨᠳᠤᠬᠤ᠂ ᠬᠤᠣ ᠸᠧᠢ᠂ ᠯᠢ ᠰᠢᠦ ᠹᠧᠩ᠂ ᠶᠤᠸᠠᠢ ᠵᠧᠨ ᠷᠥᠩ᠂ ᠰᠠᠷᠠᠨᠳᠠᠯᠠᠢ᠂ ᠶᠢᠨ ᠢᠦᠢ ᠵᠧᠨ ᠪᠤᠯᠤᠨ ᠲᠡᠷᠢᠭᠦᠯᠡᠭᠴᠢᠳ ᠤᠨ ᠪᠥᠯᠭᠦᠮ ᠤᠨ ᠪᠥᠷᠢᠯᠳᠤᠭᠦᠨ᠂ ᠤᠷᠢᠯᠭ᠎ᠠ ᠪᠠᠷ ᠬᠤᠷᠠᠯ ᠳᠤ ᠰᠤᠯᠠ ᠤᠷᠤᠯᠴᠠᠭᠰᠠᠨ ᠰᠢᠶᠠᠨ ᠤ ᠲᠠᠰ ᠤᠨ ᠤᠳᠤᠷᠢᠳᠤᠯᠭ᠎ᠠ ᠲᠠᠷᠢᠭᠦᠯᠡᠭᠴᠢᠳ ᠤᠨ ᠲᠠᠶᠢᠰᠠᠨ ᠳᠤ ᠰᠠᠭᠠᠳᠠᠪᠠ᠃ ᠬᠤᠷᠠᠯ ᠳᠤ ᠰᠤᠯᠠ ᠤᠷᠤᠯᠴᠠᠭᠰᠠᠳ  ᠲᠤ ᠪᠠᠰᠠ᠄ ᠬᠠᠤᠯᠢ ᠪᠠᠷ ᠲᠤᠭᠳᠠᠭᠰᠠᠨ ᠰᠤᠯᠠ ᠤᠷᠤᠯᠴᠠᠭᠰᠠᠳ᠂ ᠦᠤᠰᠢᠨ ᠬᠤᠰᠢᠭᠤᠨ ᠤ ᠠᠷᠪᠠᠨ ᠲᠤᠯᠤᠳᠤᠭᠠᠷ ᠬᠤᠭᠤᠴᠠᠭᠠᠨ ᠤ ᠠᠷᠠᠤᠨ ᠤᠨ ᠲᠦᠯᠤᠬᠡᠯᠡᠭᠴᠢᠤᠨ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠨ ᠲᠦᠷᠪᠡᠳᠦᠬᠡᠷ ᠤᠳᠠᠭᠠᠨ ᠤ ᠬᠤᠷᠠᠯᠳᠤᠭᠠᠨ ᠢᠶᠠᠷ ᠲᠤᠭᠳᠠᠭᠠᠭᠰᠠᠨ ᠬᠤᠷᠠᠯ ᠳᠤ ᠰᠤᠯᠠ ᠤᠷᠤᠯᠴᠠᠭᠰᠠᠳ ᠪᠤᠯᠤᠨ ᠤᠯᠤᠰ ᠲᠥᠷᠥ ᠶᠢᠨ ᠵᠥᠪᠯᠡᠯᠭᠡᠨ ᠤ ᠥᠥᠰᠢᠨ ᠬᠤᠰᠢᠭᠤᠨ ᠤ ᠠᠷᠪᠠᠨ ᠲᠥᠷᠪᠡᠳᠤᠭᠡᠷ ᠬᠤᠭᠤᠴᠠᠭᠠᠨ ᠤ ᠬᠤᠷᠢᠶ᠎ᠠ  ᠶᠢᠨ ᠲᠥᠷᠪᠡᠳᠤᠭᠡᠷ ᠬᠤᠷᠠᠯᠳᠤᠭᠠᠨ ᠳᠤ ᠤᠷᠤᠯᠴᠠᠭᠰᠠᠨ ᠪᠥᠭᠦ ᠭᠡᠰᠢᠭᠦᠳ ᠪᠠᠶᠢᠨ᠎ᠠ᠃ ᠲᠤᠰ ᠤᠳᠠᠭᠠᠨ ᠤ ᠶᠡᠭᠡ ᠬᠤᠷᠠᠯ ᠳᠤ ᠤᠷᠤᠯᠴᠠᠬᠤ ᠶᠤᠰᠤᠳᠠᠢ ᠲᠥᠯᠥᠭᠡᠯᠡᠭᠴᠢ 136 ᠪᠠᠶᠢᠵᠤ ᠥᠨᠤᠳᠤᠷ ᠤᠨ ᠬᠤᠷᠠᠯ ᠳᠤ 121 ᠲᠥᠯᠥᠭᠡᠯᠡᠭᠴᠢ ᠤᠷᠤᠯᠴᠠᠨ ᠬᠠᠤᠯᠢ ᠳᠤ ᠲᠤᠭᠳᠠᠭᠠᠭᠰᠠᠨ ᠭᠥᠮᠤᠨ ᠤ ᠲᠤᠭᠠᠨ ᠳᠤ ᠨᠠᠶᠢᠴᠠᠪᠠ᠃
     ᠬᠤᠰᠢᠭᠤ ᠨᠠᠮ ᠤᠨ ᠬᠤᠷᠢᠶᠠᠨ ᠤ ᠲᠡᠳ᠋ ᠱᠥᠵᠢ ᠬᠤᠰᠢᠭᠤ ᠲᠠᠷᠤᠭ᠎ᠠ ᠵᠤᠤ ᠹᠸᠢ ᠯᠤ᠋ ᠬᠤᠰᠢᠭᠤ ᠠᠷᠠᠳ ᠤᠨ ᠵᠠᠰᠠᠭ ᠤᠨ ᠤᠷᠳᠤᠨ ᠢ ᠲᠥᠯᠥᠭᠡᠯᠡᠨ ᠶᠡᠭᠡ ᠬᠤᠷᠠᠯ ᠳᠤ ︽ᠵᠠᠰᠠᠭ   ᠤᠨ ᠤᠷᠳᠤᠨ ᠤ ᠠᠵᠢᠯ ᠤᠨ ᠢᠯᠡᠳᠭᠡᠯ︾ ᠭᠢᠪᠠ᠃ ᠨᠢᠭᠡᠳᠤᠭᠡᠷ ᠱᠠᠳᠤᠨ ᠤ ᠬᠤᠷᠠᠯ ᠢ ᠪᠤᠶᠠᠠᠮᠠᠠᠳᠤᠬᠤ ᠡᠷᠭᠢᠯᠡᠪᠡ᠃      ᠵᠤᠤ ᠹᠸᠢ ᠯᠤ᠋ ᠵᠢᠭᠠᠵᠤ ᠭᠠᠷᠭᠠᠬᠤ ᠳᠤ ᠪᠠᠨ᠂ ᠵᠢᠯ ᠤᠨ ᠡᠬᠢᠨ ᠠᠴᠠ ᠨᠠᠰᠢ ᠬᠡᠨᠡᠳᠳᠡ ᠡᠭᠦᠰᠦᠭᠰᠡᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠡᠮᠦᠨ᠎ᠡ ᠪᠥᠬᠦ ᠬᠤᠰᠢᠭᠤ ᠪᠠᠷ ᠢᠶᠠᠨ ᠲᠠᠷᠤᠢ ᠲᠦᠷᠭᠡᠨ ᠬᠦᠳᠡᠯᠦᠯᠴᠡᠵᠤ ᠨᠠᠮ ᠪᠠ ᠣᠯᠠᠨ ᠲᠦᠮᠡᠨ᠂ ᠺᠠᠳ᠋ᠷ ᠪᠠ ᠣᠯᠠᠨ ᠲᠦᠮᠡᠨ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠵᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠶᠢᠨ ᠬᠥᠭᠵᠢᠯᠲᠡ ᠶᠢᠨ ︽ᠬᠤᠶᠠᠷ ᠲᠠᠯ᠎ᠠ ᠶᠢ ᠠᠳᠬᠤᠬᠤ︾ ᠶᠢ ᠪᠠᠷᠢᠮᠲᠠᠯᠠᠵᠤ ᠦᠢᠯᠡᠳᠪᠦᠷᠢᠯᠡᠯ ᠠᠮᠢᠳᠤᠷᠠᠯ ᠤᠨ ᠡᠮᠬᠢ ᠵᠢᠷᠤᠮ ᠢ ᠪᠥᠬᠦ ᠲᠠᠯ᠎ᠠ ᠪᠠᠷ ᠰᠡᠷᠭᠦᠭᠡᠬᠦ ᠶᠢ ᠠᠬᠢᠭᠤᠯᠤᠨ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠤ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ ᠨᠤᠲᠤᠭ ᠳᠡᠪᠢᠰᠬᠡᠷ ᠢᠶᠠᠨ ᠰᠠᠬᠢᠬᠤ ᠡᠬᠦᠷᠭᠡ ᠬᠠᠷᠢᠭᠤᠴᠠᠯᠭ᠎ᠠ ᠪᠠ ᠬᠠᠶᠢᠷ᠎ᠠ ᠰᠡᠳᠬᠢᠯᠭᠡ ᠶᠢ ᠬᠦᠢᠴᠡᠳ ᠢᠯᠠᠷᠠᠭᠦᠯᠥᠭᠰᠠᠨ ᠪᠠᠶᠢᠨ᠎ᠠ᠃      ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠶᠡᠷᠦᠩᠬᠡᠶ ᠱᠠᠭᠠᠷᠳᠠᠯᠭ᠎ᠠ ᠪᠣᠯ ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠥᠬᠦᠶ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠵᠤ ᠶᠡᠷᠦᠩᠬᠡᠢ ᠱᠦᠵᠢ ᠰᠢ ᠶᠢᠨ ᠫᠢᠩ ᠤᠨ ᠦᠪᠦᠷ ᠮᠤᠩᠭᠤᠯ ᠤᠨ ᠠᠵᠢᠯ ᠳᠤ ᠬᠢᠭᠰᠡᠨ ᠴᠢᠬᠤᠯᠠ ᠶᠠᠷᠢᠶᠠᠨ ᠤ ᠴᠢᠬᠤᠯᠠ ᠵᠢᠭᠠᠪᠤᠷᠢ ᠴᠤᠬᠤᠯᠠᠪᠤᠷᠢ ᠶᠢᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠲᠠᠪᠤᠷᠢᠵᠢᠭᠤᠯᠤᠨ ᠦᠪᠡᠷᠳᠡᠭᠡᠨ ᠵᠠᠰᠠᠬᠤ ᠤᠷᠤᠨ᠂ ᠬᠤᠳᠠ ᠶᠢᠨ ᠨᠠᠮ ᠤᠨ ᠬᠤᠷᠢᠶ᠎ᠠ ᠵᠠᠰᠠᠭ ᠤᠨ ᠤᠷᠳᠤᠨ ᠤ ᠪᠠᠶᠢᠷᠢᠯᠠᠭᠤᠯᠤᠯᠲᠠ ᠪᠠ ᠬᠤᠰᠢᠭᠤ ᠨᠠᠮ ᠤᠨ ᠬᠤᠷᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠠᠷᠪᠠᠨ ᠨᠢᠭᠡᠳᠦᠭᠡᠷ ᠤᠳᠠᠭᠠᠨ ᠤ ᠪᠦᠬᠦᠳᠡ ᠬᠤᠷᠠᠯ ᠵᠢᠴᠢ ᠪᠦᠬᠦ ᠬᠤᠰᠢᠭᠤᠨ ᠤ ᠠᠵᠤ ᠠᠬᠤᠢ ᠶᠢᠨ ᠠᠵᠢᠯ ᠤᠨ ᠬᠤᠷᠠᠯᠳᠤᠭᠠᠨ ᠤ ᠱᠠᠭᠠᠷᠳᠠᠯᠭ᠎ᠠ ᠶᠤᠰᠤᠭᠠᠷ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠬᠠᠷᠠᠯᠲᠠ ᠡᠭᠦᠷᠭᠡ ᠲᠠᠢ ᠨᠢᠭᠲᠠ ᠤᠶᠠᠯᠳᠤᠭᠤᠯᠵᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠦᠭᠵᠢᠯᠲᠡ ᠶᠢᠨ ᠠᠵᠢᠯ ᠢ ᠨᠢᠭᠡᠲᠦᠯᠲᠠᠢ ᠲᠦᠯᠦᠪᠵᠢᠬᠦᠯᠦᠨ ᠠᠬᠢᠭᠤᠯᠵᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠩᠭᠤᠵᠢᠭᠤᠯᠤᠭᠰᠠᠨ ᠤᠷᠢᠳᠠᠯ ᠲᠤᠤᠷ᠎ᠠ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠨ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠪᠠᠷᠢᠮᠲᠠᠯᠠᠵᠤ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠪᠠᠷ ᠭᠤᠣᠯ ᠰᠢᠵᠢᠮ ᠪᠣᠯᠭᠠᠬᠤ ᠶᠢ ᠪᠠᠷᠢᠮᠲᠠᠯᠠᠨ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠵᠠᠪᠠᠯ ᠣᠯᠵᠤ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠭᠤ ᠪᠠᠶᠢᠯᠳᠤᠬᠤ ᠪᠤᠳᠤᠯᠭ᠎ᠠ ᠶᠢ ᠬᠦᠨᠵᠡᠭᠡᠢ ᠬᠡᠷᠡᠭᠵᠢᠬᠦᠯᠦᠨ ︽ᠵᠢᠷᠭᠤᠭ᠎ᠠ ᠶᠢ ᠲᠤᠭᠲᠠᠭᠤᠨ ᠪᠠᠶᠢᠯᠭᠠᠬᠤ︾ ᠠᠵᠢᠯ ᠢ ᠰᠠᠶᠢᠲᠤᠷ ᠬᠢᠵᠤ ︽ᠵᠢᠷᠭᠤᠭ᠎ᠠ ᠶᠢ ᠪᠠᠲᠤᠯᠠᠬᠤ︾ ᠡᠬᠦᠷᠭᠡ ᠶᠢ ᠪᠦᠬᠦ ᠲᠠᠯ᠎ᠠ ᠪᠠᠷ ᠨᠠᠶᠢᠲᠠᠪᠤᠷᠢᠵᠢᠭᠤᠯᠤᠨ ᠨᠡᠮᠡᠭᠳᠡᠯ ᠢ ᠲᠣᠭᠲᠠᠪᠤᠷᠢᠵᠢᠭᠤᠯᠬᠤ᠂ ᠥᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ ᠲᠣᠬᠢᠷᠠᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠠᠶᠤᠯ ᠲᠦᠭᠰᠢᠭᠦᠷᠢ ᠶᠢ ᠰᠡᠷᠭᠡᠶᠢᠯᠡᠬᠦ᠂ ᠲᠣᠭᠲᠠᠭᠤᠨ ᠪᠠᠶᠢᠳᠠᠯ ᠢ ᠪᠠᠲᠤᠯᠠᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ ᠠᠵᠤ ᠠᠬᠤᠢ  ᠶᠢᠨ ᠬᠦᠭᠵᠢᠯᠲᠡ ᠪᠠ ᠨᠡᠶᠢᠬᠡᠮ ᠤᠨ ᠠᠮᠤᠷ ᠲᠤᠭᠳᠠᠭᠤᠨ ᠤ ᠶᠡᠭᠡ ᠪᠠᠶᠢᠳᠠᠯ ᠢ ᠬᠠᠮᠠᠭᠠᠯᠠᠨ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠠᠶᠢᠭᠤᠯᠤᠨ ᠪᠦᠲᠦᠭᠡᠬᠦ ᠪᠠ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢ ᠲᠡᠭᠦᠰ ᠠᠮᠵᠢᠯᠲᠠ ᠲᠠᠢ ᠲᠡᠭᠦᠰᠬᠡᠬᠦ ᠶᠢ ᠪᠠᠲᠤᠯᠠᠵᠤ ᠴᠢᠨᠠᠷ ᠰᠠᠶᠢᠲᠠᠶ ᠬᠥᠭᠵᠢᠯᠲᠡ ᠶᠢᠨ ᠲᠤᠤᠷ᠎ᠠ ᠨᠤᠮᠢᠨ ᠲᠠᠩᠰᠤᠭ ᠬᠦᠭᠵᠢᠨ ᠮᠠᠨᠳᠤᠯᠲᠠ ᠶᠢᠨ ᠵᠠᠮ ᠢᠶᠠᠷ ᠰᠠᠶᠢᠲᠤᠷ ᠵᠠᠮᠨᠠᠨ᠎ᠠ᠃
     ᠬᠤᠶᠠᠳᠤᠭᠠᠷ ᠱᠠᠳᠤᠨ ᠤ ᠬᠤᠷᠠᠯ ᠢ ᠯᠢ ᠰᠢᠤ ᠹᠧᠩ ᠡᠷᠭᠢᠯᠠᠪᠠ᠃ ᠬᠤᠷᠠᠯ ᠳᠡᠭᠡᠷ᠎ᠡ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠤᠶᠠᠨᠮᠠᠨᠳᠤᠬᠤ ᠶᠡᠭᠡ ᠬᠤᠷᠠᠯ ᠳᠤ ︽ᠦᠤᠰᠢᠨ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠢᠯᠡᠳᠬᠡᠯ︾ ᠭᠢᠪᠠ᠃     ᠪᠤᠶᠠᠨᠮᠠᠨᠳᠤᠬᠤ ᠵᠢᠭᠠᠵᠤ ᠭᠠᠷᠭᠠᠬᠤ ᠳᠤ ᠪᠠᠨ᠂ 2019 ᠣᠨ ᠪᠣᠯ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠤᠢ ᠪᠤᠯᠬᠤ ᠪᠦᠭᠡᠳ ᠮᠦᠨᠴᠤ ᠴᠢᠨᠡᠭᠡᠯᠢᠭ ᠨᠡᠶᠢᠬᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠰᠢᠢᠳᠪᠦᠷᠢᠲᠦ ᠢᠯᠠᠯᠲᠠ ᠶᠢ ᠤᠯᠬᠤ ᠵᠠᠩᠭᠢᠯᠠᠭ᠎ᠠ ᠶᠢᠨ ᠵᠢᠯ ᠮᠥᠨ᠃ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ ᠨᠠᠮ ᠤᠨ ᠤᠳᠤᠷᠢᠳᠤᠯᠭ᠎ᠠ ᠶᠢ ᠪᠠᠷᠢᠮᠳᠠᠯᠠᠬᠤ ᠪᠤᠯᠤᠨ ᠠᠷᠠᠳ ᠲᠦᠮᠡᠨ ᠡᠷᠬᠡ ᠮᠡᠳᠡᠵᠦ ᠡᠵᠡᠨ ᠰᠠᠭᠤᠬᠤ ᠵᠢᠴᠢ ᠬᠠᠤᠯᠢ ᠶᠣᠰᠣᠭᠠᠷ ᠤᠯᠤᠰ ᠢᠶᠠᠨ ᠵᠠᠰᠠᠬᠤ ᠶᠢᠨ ᠤᠷᠭᠠᠨᠢᠭ ᠨᠢᠭᠡᠳᠦᠯ ᠢ ᠪᠡᠶᠡᠯᠡᠭᠦᠯᠦᠨ᠂ ᠬᠤᠰᠢᠭᠤ ᠨᠠᠮ ᠤᠨ ᠬᠤᠷᠢᠶᠠᠨ ᠤ ᠵᠦᠪ ᠤᠨᠤᠪᠴᠢᠳᠠᠢ ᠤᠳᠤᠷᠢᠳᠤᠯᠭ᠎ᠠ ᠳᠣᠤᠷ᠎ᠠ ᠦᠨᠳᠦᠰᠦᠨ ᠤᠯᠤᠰ ᠲᠥᠷᠥ ᠶᠢᠨ ᠪᠠᠶᠢᠭᠤᠯᠤᠯ ᠤᠨ ᠳᠠᠪᠠᠭᠤᠯᠢᠭ ᠢᠶᠠᠨ ᠭᠦᠶᠴᠡᠳ ᠪᠠᠳᠠᠷᠠᠭᠤᠯᠵᠤ ᠣᠭ ᠰᠠᠨᠠᠭ᠎ᠠ ᠪᠠᠨ ᠥᠯᠥ ᠮᠠᠷᠳᠠᠨ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠤ᠂ ᠡᠭᠦᠷᠭᠡ ᠬᠠᠷᠢᠭᠤᠴᠠᠯᠭ᠎ᠠ ᠪᠠᠨ ᠬᠠᠤᠯᠢ ᠶᠣᠰᠣᠭᠠᠷ ᠬᠦᠢᠴᠡᠳᠬᠡᠨ ᠬᠤᠰᠢᠭᠤᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠠᠴᠠ ᠲᠣᠭᠲᠠᠭᠠᠭᠰᠠᠨ ᠡᠯ᠎ᠡ ᠵᠦᠶᠯ ᠤᠨ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠵᠤ᠂ ᠨᠤᠮᠢᠨ ᠲᠠᠩᠰᠤᠭ ᠦᠦᠰᠢᠨ ᠤ ᠬᠦᠭᠵᠢᠯᠳᠡ ᠲᠠᠪᠰᠢᠯᠳᠠ ᠳᠤ ᠢᠳᠡᠪᠬᠢᠲᠡᠶ ᠬᠤᠪᠢ ᠨᠡᠮᠡᠷᠢ ᠪᠠᠨ ᠦᠵᠡᠭᠦᠯᠦᠭᠰᠡᠨ ᠪᠠᠶᠢᠨ᠎ᠠ᠃ ᠪᠦᠬᠦ ᠵᠢᠯ ᠤᠨ ᠲᠤᠷᠰᠢ ᠳᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠢ 1 ᠤᠳᠠᠭ᠎ᠠ᠂ ᠪᠠᠶᠢᠩᠭᠤ ᠶᠢᠨ ᠬᠤᠷᠢᠶᠠᠨ ᠤ ᠬᠤᠷᠡᠯ ᠢ 12 ᠤᠳᠠᠭ᠎ᠠ᠂ ᠡᠷᠬᠢᠯᠡᠭᠴᠢ ᠶᠢᠨ ᠬᠤᠷᠠᠯ ᠢ 15 ᠤᠳᠠᠭ᠎ᠠ ᠬᠤᠷᠠᠯᠳᠤᠭᠤᠯᠵᠤ ᠲᠤᠰᠬᠠᠶ ᠠᠵᠢᠯ ᠤᠨ ᠮᠡᠳᠡᠭᠦᠯᠦᠯᠲᠡ ᠶᠢ 15 ᠤᠳᠠᠭ᠎ᠠ ᠰᠤᠨᠤᠰᠤᠨ ᠬᠢᠨᠠᠨ ᠵᠦᠪᠯᠡᠵᠤ᠂ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠪᠠ ᠲᠤᠰᠬᠠᠶ ᠰᠡᠳᠦᠪᠳᠤ ᠪᠠᠶᠢᠴᠠᠭᠠᠨ ᠰᠤᠳᠤᠯᠬᠤ ᠠᠵᠢᠯᠯᠠᠭ᠎ᠠ ᠶᠢ 17 ᠤᠳᠠᠭ᠎ᠠ ᠵᠣᠬᠢᠶᠠᠨ ᠪᠠᠶᠢᠭᠤᠯᠵᠤ 7 ᠵᠦᠶᠯ ᠤᠨ ᠰᠢᠶᠳᠪᠦᠷᠢ ᠲᠣᠭᠲᠠᠭᠠᠯ ᠢ ᠭᠠᠷᠭᠠᠪᠠ᠃      ᠡᠨᠡ ᠵᠢᠯ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠰᠢᠢᠳᠪᠦᠷᠢᠲᠦ ᠢᠯᠠᠯᠲᠠ ᠶᠢ ᠤᠯᠬᠤ ᠵᠢᠯ ᠮᠥᠨ ᠪᠦᠭᠡᠳ ᠪᠠᠰᠠ ᠴᠤ ︽ᠠᠷᠪᠠᠨ ᠭᠤᠷᠪᠠᠳᠤᠭᠠᠷ ᠲᠠᠪᠤᠨ ᠵᠢᠯ ︾ ᠤᠨ ᠲᠥᠯᠥᠪᠵᠢᠭᠦᠯᠭᠡ ᠶᠢᠨ ᠬᠠᠷᠠᠯᠲᠠ ᠶᠢ ᠪᠡᠶᠡᠯᠡᠭᠦᠯᠬᠦ ᠰᠡᠭᠦᠯᠴᠢ ᠶᠢᠨ ᠵᠢᠯ ᠮᠥᠨ᠃ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠶᠡᠷᠦᠩᠬᠡᠢ ᠱᠠᠭᠠᠷᠳᠠᠯᠭ᠎ᠠ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠤᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠲᠦᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠬᠤᠷᠠᠯ ᠪᠠ ᠬᠤᠰᠢᠭᠤ ᠨᠠᠮ ᠤᠨ ᠬᠤᠷᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠠᠷᠪᠠᠨ ᠨᠢᠭᠡᠳᠦᠭᠡᠷ ᠪᠥᠬᠦᠳᠡ ᠬᠤᠷᠠᠯ ᠵᠢᠴᠢ ᠪᠦᠬᠦ ᠬᠤᠰᠢᠭᠤᠨ ᠤ ᠠᠵᠤ ᠠᠬᠤᠢ ᠶᠢᠨ ᠠᠵᠢᠯ ᠤᠨ ᠬᠤᠷᠠᠯ ᠤᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠪᠠ ᠬᠤᠰᠢᠭᠤ ᠨᠠᠮ ᠤᠨ ᠬᠤᠷᠢᠶᠠᠨ ᠤ ᠭᠤᠤᠯᠳᠠᠯᠭ᠎ᠠ ᠲᠠᠢ ᠠᠬᠢᠭᠤᠯᠬᠤ ᠴᠢᠬᠤᠯᠠ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ ᠠᠵᠤ ᠠᠬᠤᠢ ᠶᠢᠨ ᠬᠥᠭᠵᠢᠯᠲᠡ ᠪᠠ ᠨᠡᠶᠢᠭᠡᠮ ᠤᠨ ᠵᠠᠰᠠᠯᠲᠠ ᠶᠢᠨ ᠲᠤᠳᠠᠭᠳᠠᠯ ᠲᠠᠢ ᠲᠠᠯ᠎ᠠ ᠳᠤ ᠠᠩᠬᠠᠷᠤᠯ ᠢᠶᠠᠨ ᠲᠦᠪᠯᠡᠷᠡᠭᠦᠯᠦᠨ ᠠᠷᠠᠳ ᠣᠯᠠᠨ ᠤ ᠰᠡᠳᠬᠢᠯ ᠲᠠᠯᠪᠢᠵᠤ ᠪᠠᠶᠢᠭ᠎ᠠ ᠬᠠᠯᠠᠮᠰᠢᠯ ᠠᠰᠠᠭᠤᠳᠠᠯ ᠪᠠ ᠬᠦᠴᠢᠷ ᠠᠰᠠᠭᠤᠳᠠᠯ ᠳᠤ ᠰᠡᠳᠬᠢᠯ ᠲᠠᠯᠪᠢᠨ ᠬᠠᠤᠯᠢ ᠳᠤ ᠲᠣᠭᠲᠠᠭᠠᠭᠰᠠᠨ ᠲᠤᠰᠢᠶᠠᠯ ᠬᠠᠷᠢᠭᠤᠴᠠᠯᠭ᠎ᠠ ᠪᠠᠨ ᠦᠨᠡᠨᠴᠢ ᠪᠠᠷ ᠬᠦᠢᠴᠡᠳᠬᠡᠨ ᠬᠢᠵᠢᠭ ᠲᠠᠬᠤᠯ ᠤᠨ ᠪᠠᠶᠢᠳᠠᠯ ᠢ ᠰᠠᠶᠢᠳᠤᠷ ᠰᠡᠷᠭᠡᠶᠢᠯᠡᠵᠤ ᠡᠵᠡᠮᠳᠡᠨ᠂ ᠮᠠᠨ ᠤ ᠬᠤᠰᠢᠭᠤᠨ ᠤ ᠬᠥᠭᠵᠢᠯᠲᠡ ᠲᠠᠪᠰᠢᠯᠳᠠ ᠶᠢᠨ ᠰᠢᠨ᠎ᠡ ᠪᠠᠶᠢᠳᠠᠯ ᠢ ᠴᠢᠷᠮᠠᠶᠢᠨ ᠪᠡᠶᠡᠯᠡᠬᠦᠯᠵᠤ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠳᠤ ᠨᠠᠩ ᠶᠡᠭᠡ ᠬᠤᠪᠢ ᠨᠡᠮᠡᠷᠢ ᠦᠵᠡᠭᠦᠯᠬᠦ ᠪᠠᠷ ᠴᠢᠷᠮᠠᠶᠢᠨ ᠠᠵᠢᠯᠯᠠᠬᠤ ᠪᠤᠯᠤᠨ᠎ᠠ ᠭᠡᠵᠡᠢ᠃        ᠪᠤᠶᠠᠠᠮᠠᠠᠳᠤᠬᠤ 2020 ᠤᠨ ᠤ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠤᠤᠯ ᠠᠵᠢᠯ ᠤᠨ ᠡᠭᠦᠷᠭᠡ ᠶᠢ ᠲᠠᠪᠤᠨ ᠲᠠᠯ᠎ᠠ ᠪᠠᠷ ᠲᠤᠷᠠᠳᠤᠭᠰᠠᠨ ᠪᠠᠶᠢᠨ᠎ᠠ᠃      ᠨᠢᠭᠡ᠂ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠤᠯᠤᠰ ᠲᠦᠷᠦ ᠶᠢᠨ ᠵᠣᠭᠰᠣᠯᠲᠠ ᠪᠠᠨ ᠤᠯᠠᠮ ᠴᠢᠩᠭᠠᠳᠬᠠᠨ᠎ᠠ᠃      ᠬᠤᠶᠠᠷ᠂ ᠬᠢᠨᠠᠯᠲᠠ ᠲᠠᠯᠪᠢᠬᠤ ᠦᠷ᠎ᠡ ᠪᠦᠲᠦᠮᠵᠢ ᠪᠠᠨ ᠲᠡᠭᠡᠭᠰᠢᠯᠡᠭᠦᠯᠦᠨ᠂ ᠶᠡᠭᠡ ᠲᠠᠯ᠎ᠠ ᠳᠤ ᠦᠶᠯᠡᠴᠢᠯᠡᠬᠦ ᠴᠢᠳᠠᠪᠬᠢ ᠪᠠᠨ ᠤᠯᠠᠮ ᠰᠠᠶᠢᠵᠢᠷᠠᠭᠤᠯᠤᠨ᠎ᠠ᠃      ᠭᠤᠷᠪᠠ᠂ ᠬᠠᠤᠯᠢ ᠪᠠᠷ ᠵᠠᠰᠠᠬᠤ ᠪᠠᠶᠢᠭᠤᠯᠤᠯᠲᠠ ᠶᠢ ᠬᠦᠴᠦᠲᠡᠶ ᠠᠳᠬᠤᠵᠤ᠂ ᠬᠥᠭᠵᠢᠯᠲᠡ ᠶᠢ ᠪᠠᠲᠤᠯᠠᠬᠤ ᠲᠠᠯ᠎ᠠ ᠪᠠᠷ ᠰᠢᠨ᠎ᠡ ᠵᠢᠳᠬᠦᠯ ᠴᠢᠷᠮᠠᠶᠢᠯᠭ᠎ᠠ ᠭᠠᠷᠭᠠᠨ᠎ᠠ᠃      ᠲᠦᠷᠪᠡ᠂ ᠲᠥᠯᠥᠭᠡᠯᠡᠭᠴᠢᠳ ᠤᠨ ᠠᠵᠢᠯ ᠢ ᠭᠦᠨᠵᠡᠭᠡᠶᠢᠷᠡᠭᠦᠯᠵᠦ᠂ ᠲᠥᠯᠥᠭᠡᠯᠡᠭᠴᠢᠳ ᠤᠨ ᠡᠭᠦᠷᠭᠡ ᠲᠤᠰᠢᠶᠠᠯ ᠢᠶᠠᠨ ᠬᠦᠢᠴᠡᠳᠬᠡᠬᠦ ᠲᠠᠯ᠎ᠠ ᠪᠠᠷ ᠰᠢᠨ᠎ᠡ ᠠᠬᠢᠯᠲᠠ ᠲᠠᠢ ᠪᠤᠯᠭᠠᠨ᠎ᠠ᠃      ᠲᠠᠪᠤ᠂ ᠨᠠᠮ ᠢ ᠴᠢᠩᠭ᠎ᠠ ᠬᠠᠮᠢᠶᠠᠷᠤᠨ ᠵᠠᠰᠠᠵᠤ ᠲᠤᠰ ᠪᠡᠶ᠎ᠡ ᠶᠢᠨ ᠪᠠᠶᠢᠭᠤᠯᠤᠯᠲᠠ ᠶᠢᠨ ᠲᠠᠯ᠎ᠠ ᠪᠠᠷ ᠰᠢᠨ᠎ᠡ ᠲᠠᠪᠰᠢᠯᠳᠠ ᠶᠢ ᠪᠡᠶᠡᠯᠡᠭᠦᠯᠦᠨ᠎ᠡ᠃
     ᠬᠤᠷᠠᠯ ᠳᠡᠭᠡᠷ᠎ᠡ᠂ ᠬᠤᠰᠢᠭᠤ ᠠᠷᠠᠳ ᠤᠨ ᠰᠢᠭᠦᠭᠦ ᠬᠤᠷᠢᠶᠠᠨ ᠤ ᠲᠠᠷᠤᠭ᠎ᠠ ᠰᠥᠨ ᠰᠢᠶᠤᠤ ᠴᠢᠶᠠᠩ ᠤᠨ ᠬᠢᠭᠰᠡᠨ ︽ᠬᠤᠰᠢᠭᠤ ᠠᠷᠠᠳ ᠤᠨ ᠰᠢᠭᠦᠭᠦ ᠬᠤᠷᠢᠶᠠᠨ ᠤ ᠠᠵᠢᠯ ᠤᠨ ᠮᠡᠳᠡᠭᠦᠯᠥᠯᠳᠠ︾᠂ ᠬᠤᠰᠢᠭᠤ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠭᠴᠢ ᠲᠠᠷᠤᠭ᠎ᠠ ᠽᠥᠸᠧ ᠴᠧᠨ ᠭᠤᠸᠠᠩ ᠤᠨ ᠬᠢᠭᠰᠡᠨ ︽ᠬᠤᠰᠢᠭᠤ ᠠᠷᠠᠳ  ᠤᠨ ᠪᠠᠶᠢᠴᠠᠭᠠᠬᠤ ᠬᠤᠷᠢᠶᠠᠨ ᠤ ᠠᠵᠢᠯ ᠤᠨ ᠮᠡᠳᠡᠭᠦᠯᠥᠯᠳᠠ︾ ᠶᠢ ᠰᠤᠨᠤᠰᠤᠭᠰᠠᠨ ᠪᠠᠶᠢᠨ᠎ᠠ᠃
     ᠬᠤᠷᠠᠯ ᠲᠡᠭᠡᠷ᠎ᠡ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠬᠤᠰᠢᠭᠤ ᠲᠡᠳ᠋ ᠲᠠᠷᠤᠭ᠎ᠠ ᠵᠠᠩ ᡁᠢ ᠰᠢᠦ᠋ᠩ 2020 ᠤᠨ ᠤ ᠥᠥᠰᠢᠨ ᠬᠤᠰᠢᠭᠤᠨ ᠤ ᠠᠷᠠᠳ ᠤᠨ ᠠᠮᠢᠳᠤᠷᠠᠯ ᠤᠨ ᠪᠤᠳᠠᠳᠤ ᠶᠠᠪᠤᠳᠠᠯ ᠢᠶᠠᠷ ᠵᠢᠱᠢᠭᠳᠡᠭᠰᠠᠨ ᠲᠥᠷᠤᠯ ᠵᠥᠢᠯ ᠤᠨ ᠲᠤᠳᠤᠷᠬᠠᠶᠢᠯᠠᠯᠳᠠ ᠶᠢ ᠭᠢᠭᠰᠡᠨ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号