ᠵᠤᠤ ᠹᠸᠢ ᠯᠤ᠋ ᠦᠤᠰᠢᠨ ᠬᠤᠰᠢᠭᠤᠨ ᠤ ᠠᠷᠪᠠᠨ ᠲᠤᠯᠤᠳᠤᠭᠠᠷ ᠬᠤᠭᠤᠴᠠᠭᠠᠨ ᠤ ᠠᠷᠠᠤᠨ ᠤᠨ ᠲᠦᠯᠤᠬᠡᠯᠡᠭᠴᠢᠤᠨ ᠤᠨ ᠶᠡᠭᠡ ᠬᠤᠷᠠᠯ ᠤᠨ ᠲᠦᠷᠪᠡᠳᠦᠬᠡᠷ ᠤᠳᠠᠭᠠᠨ ᠤ ᠬᠤᠷᠠᠯᠳᠤᠭᠠᠨ ᠲᠡᠭᠡᠷ᠎ᠡ ︽ᠵᠠᠰᠠᠭ  ᠤᠨ ᠤᠷᠳᠤᠨ ᠤ ᠠᠵᠢᠯ ᠤᠨ ᠢᠯᠡᠳᠭᠡᠯ︾ ᠬᠢᠪᠡ
ᠨᠡᠶᠢᠲᠡᠯᠡᠭᠰᠡᠨ ᠴᠠᠭ᠄
2020-04-29
     4 ᠰᠠᠷ᠎ᠠ ᠶᠢᠨ 28 ᠤ ᠡᠳᠤᠷ᠂ ᠬᠤᠰᠢᠭᠤ ᠨᠠᠮ ᠤᠨ ᠬᠤᠷᠢᠶᠠᠨ ᠤ ᠲᠡᠳ᠋ ᠱᠥᠵᠢ ᠬᠤᠰᠢᠭᠤ ᠲᠠᠷᠤᠭ᠎ᠠ ᠵᠤᠤ ᠹᠸᠢ ᠯᠤ᠋᠂ ᠦᠤᠰᠢᠨ ᠬᠤᠰᠢᠭᠤᠨ ᠤ ᠠᠷᠪᠠᠨ ᠲᠤᠯᠤᠳᠤᠭᠠᠷ ᠬᠤᠭᠤᠴᠠᠭᠠᠨ ᠤ ᠠᠷᠠᠤᠨ ᠤᠨ ᠲᠦᠯᠤᠬᠡᠯᠡᠭᠴᠢᠤᠨ ᠤᠨ ᠶᠡᠭᠡ ᠬᠤᠷᠠᠯ ᠤᠨ ᠲᠦᠷᠪᠡᠳᠦᠬᠡᠷ ᠤᠳᠠᠭᠠᠨ ᠤ ᠬᠤᠷᠠᠯᠳᠤᠭᠠᠨ ᠲᠡᠭᠡᠷ᠎ᠡ ᠬᠤᠰᠢᠭᠤ ᠠᠷᠠᠳ ᠤᠨ ᠵᠠᠰᠠᠭ ᠤᠨ ᠤᠷᠳᠤᠨ  ᠢ ᠲᠥᠯᠥᠭᠡᠯᠡᠨ ᠶᠡᠭᠡ ᠬᠤᠷᠠᠯ ᠳᠤ ︽ᠵᠠᠰᠠᠭ ᠤᠨ ᠤᠷᠳᠤᠨ ᠤ ᠠᠵᠢᠯ ᠤᠨ ᠢᠯᠡᠳᠭᠡᠯ︾ ᠭᠢᠭᠰᠡᠨ ᠪᠠᠶᠢᠨ᠎ᠠ᠃      ᠢᠯᠠᠳᠭᠡᠯ ᠨᠢ᠂ ᠥᠩᠭᠡᠷᠡᠭᠰᠡᠨ ᠨᠢᠭᠡ ᠵᠢᠯ ᠤᠨ ᠠᠵᠢᠯ ᠤᠨ ᠡᠷᠭᠢᠴᠡᠭᠦᠯᠦᠯ᠂ 2020 ᠤᠨ ᠤ ᠠᠵᠢᠯ ᠤᠨ ᠲᠣᠬᠢᠷᠠᠭᠤᠯᠤᠯᠲᠠ᠂ ᠵᠠᠰᠠᠭ ᠤᠨ ᠣᠷᠳᠣᠨ ᠤ ᠲᠣᠰ ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠬᠤ ᠵᠡᠷᠭᠡ ᠭᠤᠷᠪᠠᠨ ᠭᠡᠰᠡᠭ ᠠᠭᠤᠯᠭ᠎ᠠ ᠪᠠᠷ ᠪᠥᠷᠢᠯᠳᠤᠪᠠ᠃      ᠵᠤᠤ ᠹᠸᠢ ᠯᠤ᠋ ᠢᠯᠠᠳᠭᠡᠯ ᠳᠤ ᠵᠢᠭᠠᠵᠤ ᠭᠠᠷᠭᠠᠬᠤ ᠳᠤ ᠪᠠᠨ᠂ 2019 ᠣᠨ ᠪᠣᠯ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠤᠢ ᠪᠣᠯᠤᠨ᠎ᠠ᠃ ᠨᠢᠭᠡ ᠵᠢᠯ ᠤᠨ ᠲᠤᠷᠰᠢ ᠬᠤᠰᠢᠭᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠂ ᠤᠯᠤᠰ ᠲᠥᠷᠥ ᠶᠢᠨ ᠵᠥᠪᠯᠡᠯᠭᠡᠨ ᠪᠣᠯᠤᠨ ᠨᠡᠶᠢᠭᠡᠮ ᠤᠨ ᠡᠯ᠎ᠡ ᠡᠲᠡᠭᠡᠳ ᠤᠨ ᠬᠢᠨᠠᠯᠲᠠ ᠳᠡᠮᠵᠢᠯᠭᠡ ᠳᠣᠤᠷ᠎ᠠ ᠬᠤᠰᠢᠭᠤ ᠠᠷᠠᠳ ᠤᠨ ᠵᠠᠰᠠᠭ ᠤᠨ ᠣᠷᠳᠣᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ ᠨᠠᠮ ᠤᠨ ᠠᠷᠪᠠ ᠶᠢᠰᠦᠳᠦᠭᠡᠷ ᠶᠡᠭᠡ ᠬᠤᠷᠠᠯ᠂ ᠠᠷᠪᠠ ᠶᠢᠰᠦᠳᠦᠭᠡᠷ ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠪᠣᠯᠤᠨ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠤᠨ ᠲᠤᠬᠠᠶ ᠴᠢᠬᠤᠯᠠ ᠶᠠᠷᠢᠶᠠᠨ ᠤ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠳᠣᠭᠤᠰᠢᠯᠠᠭᠤᠯᠣᠨ ᠨᠠᠶᠢᠳᠠᠪᠤᠷᠢᠵᠢᠭᠤᠯᠵᠤ ᠴᠢᠨᠠᠷ ᠰᠠᠶᠢᠲᠠᠶ ᠬᠦᠭᠵᠢᠯᠳᠡ ᠶᠢ ᠠᠬᠢᠭᠤᠯᠬᠤ ᠪᠠ ᠨᠣᠮᠢᠨ ᠳᠠᠩᠰᠤᠭ ᠬᠦᠭᠵᠢᠨ ᠮᠠᠨᠳᠣᠯᠳᠠ ᠶᠢ ᠪᠠᠶᠠᠯᠡᠬᠦᠯᠬᠦ ᠲᠡᠮᠡᠴᠡᠬᠦ ᠬᠠᠷᠠᠯᠲᠠ ᠶᠢᠨ ᠲᠣᠭᠤᠷᠢᠨ ᠳᠤ ᠪᠥᠬᠦ ᠬᠤᠰᠢᠭᠤᠨ ᠤ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠢ ᠪᠦᠯᠬᠦᠮᠳᠡᠭᠦᠯᠦᠨ ᠳᠠᠶᠢᠴᠢᠯᠡᠵᠣ ᠰᠢᠷᠭᠠᠭᠤ ᠬᠠᠲᠠᠭᠤᠵᠢᠯᠲᠠᠶ ᠲᠡᠮᠡᠴᠠᠨ ᠯᠠᠪᠳᠠᠭᠤᠨ ᠪᠠᠲᠤᠲᠠᠶ ᠠᠵᠢᠯᠯᠠᠵᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠣᠳᠠᠭᠠᠨ ᠤ ᠬᠤᠷᠠᠯᠳᠣᠭᠠᠨ ᠢᠶᠠᠷ ᠲᠣᠭᠲᠠᠭᠠᠭᠰᠠᠨ ᠡᠭᠦᠷᠭᠡ ᠶᠢ ᠨᠡᠯᠢᠶᠡᠳ ᠰᠠᠶᠢᠨ ᠪᠡᠶᠡᠯᠡᠭᠦᠯᠵᠦ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠳᠤ ᠪᠠᠲᠤ ᠪᠠᠬᠢ ᠰᠠᠭᠤᠷᠢ ᠶᠢ ᠲᠠᠯᠪᠢᠵᠡᠢ᠃      2019 ᠤᠨ ᠳᠤ ᠣᠷᠣᠨ ᠨᠣᠳᠤᠭ ᠤᠨ ᠣᠶᠢᠯᠡᠳᠪᠦᠷᠢᠯᠡᠯ ᠤᠨ ᠶᠡᠷᠦᠩᠬᠡᠶ ᠥᠷᠲᠡᠭ ᠢ 309.1 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 9% ᠪᠠᠷ ᠨᠡᠮᠡᠭᠳᠡᠪᠡ︔ ᠡᠳ᠋ ᠤᠨ ᠵᠠᠰᠠᠭ ᠤᠨ ᠲᠥᠰᠦᠪ ᠤᠨ ᠣᠷᠣᠯᠭ᠎ᠠ ᠶᠢ 26.1 ᠳ᠋ᠦᠩᠰᠢᠭᠤᠷ ᠲᠥᠭᠦᠷᠢᠭ ᠪᠡᠶᠡᠯᠡᠭᠦᠯᠵᠦ ᠠᠳᠠᠯᠢ ᠬᠤᠭᠤᠴᠠᠭᠠᠨ  ᠤ ᠬᠢ ᠠᠴᠠ 24.3% ᠪᠠᠷ ᠨᠡᠮᠡᠭᠳᠡᠪᠡ︔ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 29% ᠪᠠᠷ ᠨᠡᠮᠡᠭᠳᠡᠪᠡ︔ ᠨᠡᠶᠢᠭᠡᠮ ᠤᠨ ᠬᠡᠷᠡᠭᠯᠡᠭᠡᠨ ᠤ ᠵᠣᠶᠢᠯ ᠤᠨ ᠵᠢᠵᠢᠭᠯᠡᠨ ᠪᠣᠷᠣᠯᠠᠭᠤᠯᠣᠭᠰᠠᠨ ᠶᠡᠷᠦᠩᠬᠡᠶ ᠬᠡᠮᠵᠢᠶ᠎ᠡ ᠶᠢ 41.7 ᠳ᠋ᠦᠩᠰᠢᠭᠤᠷ ᠲᠥᠭᠦᠷᠢᠭ ᠬᠦᠷᠬᠡᠵᠣ ᠠᠳᠠᠯᠢ ᠬᠤᠭᠤᠴᠠᠭᠠᠨ ᠤ ᠬᠢ ᠠᠴᠠ 3.2% ᠢᠶᠠᠷ ᠨᠡᠮᠡᠭᠳᠡᠪᠡ︔ ᠬᠤᠲᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ ᠳᠣᠰᠪᠣᠷᠢ 47671 ᠲᠥᠭᠦᠷᠢᠭ ᠪᠠ 20153 ᠲᠥᠭᠦᠷᠢᠭ ᠬᠦᠷᠬᠡᠵᠣ᠂ ᠠᠳᠠᠯᠢ ᠬᠤᠭᠤᠴᠠᠭᠠᠨ ᠤ ᠬᠢ ᠠᠴᠠ 6.4% ᠪᠠ 10.4% ᠪᠠᠷ ᠨᠡᠮᠡᠭᠳᠡᠪᠡ︔ ᠬᠤᠲᠠ ᠪᠠᠯᠭᠠᠰᠤᠨ ᠤ 1595 ᠬᠥᠮᠦᠨ ᠳᠤ ᠰᠢᠨ᠎ᠡ ᠪᠠᠷ ᠠᠵᠢᠯ ᠣᠯᠭᠤᠵᠤ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ ᠶᠢ 3.05% ᠳᠣᠳᠣᠷ᠎ᠠ ᠬᠢᠵᠠᠭᠠᠷᠯᠠᠪᠠ᠃ ᠡᠳ᠋ ᠤᠨ ᠵᠠᠰᠠᠭ ᠤᠨ ᠲᠥᠰᠦᠪ ᠤᠨ ᠣᠷᠣᠯᠭ᠎ᠠ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ᠂ ᠬᠡᠪᠴᠢᠶᠡᠵᠢᠯ ᠠᠴᠠ ᠳᠡᠭᠡᠭᠰᠢᠬᠢ ᠠᠵᠤ ᠤᠶᠢᠯᠡᠳᠪᠦᠷᠢ ᠶᠢᠨ ᠠᠵᠣ ᠠᠬᠤᠢ ᠶᠢᠨ ᠨᠡᠮᠡᠭᠳᠡᠯ ᠥᠷᠲᠡᠭ ᠤᠨ 3 ᠲᠦᠷᠥᠯ ᠤᠨ ᠭᠦᠢᠴᠡᠳᠬᠡᠯ ᠲᠤᠭ᠎ᠠ ᠶᠢᠨ ᠨᠡᠮᠡᠭᠳᠡᠯ ᠤᠨ ᠬᠤᠷᠳᠤᠴᠠ ᠪᠦᠬᠦ ᠬᠤᠲᠠ ᠶᠢᠨ ᠨᠢᠭᠡᠳᠦᠭᠡᠷ ᠲᠤ ᠪᠠᠶᠢᠷᠢᠯᠠᠪᠠ᠃ ᠶᠡᠷᠦᠩᠬᠡᠶᠢᠯᠡᠭᠰᠡᠨ ᠪᠣᠳᠠᠲᠤ ᠬᠦᠴᠦᠨ ᠳᠡᠭᠡᠭᠰᠢᠯᠡᠭᠡᠳ ᠪᠠᠷᠠᠭᠤᠨ ᠣᠷᠣᠨ ᠤ ᠵᠠᠭᠤᠨ ᠬᠦᠴᠦᠷᠬᠡᠭ ᠬᠤᠰᠢᠭᠤ ᠰᠢᠶᠠᠨ ᠤ 21 ᠳ᠋ᠦ᠋ᠬᠡᠷ᠂ ᠳᠤᠮᠳᠠᠳᠤ ᠤᠯᠤᠰ ᠤᠨ ᠠᠵᠤ ᠣᠶᠢᠯᠡᠳᠪᠦᠷᠢ ᠶᠢᠨ ᠠᠵᠤ ᠠᠬᠤᠶ ᠶᠢᠨ ᠵᠠᠭᠤᠨ ᠬᠦᠴᠦᠷᠬᠡᠭ ᠬᠤᠰᠢᠭᠤ ᠰᠢᠶᠠᠨ ᠤ 43 ᠳ᠋ᠣᠭᠠᠷ ᠲᠤ ᠣᠷᠣᠵᠤ ᠨᠢᠳᠤᠨᠤᠨ ᠤ ᠬᠢ ᠠᠴᠠ ᠳᠣᠰᠪᠣᠷᠢ 1 ᠪᠠ 8 ᠣᠷᠣᠨ ᠳᠠᠪᠰᠢᠵᠣ ᠪᠥᠬᠦ ᠬᠤᠰᠢᠭᠤᠨ ᠤ ᠠᠵᠤ ᠠᠬᠤᠶ ᠶᠢᠨ ᠬᠥᠭᠵᠢᠯᠲᠡ ᠶᠢᠨ ᠪᠠᠶᠢᠷᠢᠰᠢᠯ ᠨᠠᠩ ᠢᠯᠡᠷᠬᠡᠶ ᠪᠤᠯᠵᠤ ᠰᠠᠶᠢᠨ ᠬᠠᠨᠳᠣᠰᠢ ᠨᠠᠩ ᠴᠢᠩᠭᠠᠷᠠᠪᠠ᠃      ᠡᠨᠡ ᠵᠢᠯ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠪᠠ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠰᠡᠬᠦᠯ ᠬᠤᠷᠢᠶᠠᠬᠤ ᠵᠢᠯ ᠮᠥᠨ᠂ ᠨᠢᠭᠡᠳᠦᠭᠡᠷ ᠵᠠᠭᠤᠨ ᠵᠢᠯ ᠤᠨ ᠲᠡᠮᠡᠴᠡᠯ ᠤᠨ ᠬᠠᠷᠠᠯᠲᠠ ᠶᠢ ᠪᠡᠶᠡᠯᠡᠭᠦᠯᠬᠦ ᠪᠥᠭᠡᠳ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠦᠯᠦᠪᠵᠢᠬᠦᠯᠭᠡ ᠶᠢᠨ ᠡᠬᠢᠯᠡᠯᠲᠡ ᠪᠠ ᠬᠤᠶᠠᠳᠤᠭᠠᠷ ᠵᠠᠭᠤᠨ ᠵᠢᠯ ᠤᠨ ᠲᠡᠮᠡᠴᠡᠯ ᠤᠨ ᠬᠠᠷᠠᠯᠲᠠ ᠶᠢ ᠪᠡᠶᠡᠯᠡᠭᠦᠯᠬᠦ ᠳᠤ ᠰᠠᠶᠢᠨ ᠰᠠᠭᠤᠷᠢ ᠲᠠᠯᠪᠢᠬᠤ ᠵᠠᠩᠭᠢᠯᠠᠭ᠎ᠠ ᠶᠢᠨ ᠨᠢᠭᠡ ᠵᠢᠯ ᠮᠥᠨ ᠭᠡᠵᠡᠢ  ᠃              ᠵᠤᠤ ᠹᠸᠢ ᠯᠤ᠋᠂ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠪᠠ ᠠᠵᠤ ᠠᠬᠤᠢ ᠶᠢᠨ ᠬᠠᠨᠳᠤᠰᠢ ᠲᠠᠢ ᠤᠶᠠᠯᠳᠤᠭᠤᠯᠤᠨ ᠪᠦᠬᠦ ᠵᠢᠯ ᠤᠨ ᠲᠡᠮᠡᠴᠡᠬᠦ ᠬᠠᠷᠠᠯᠳᠠ ᠶᠢ ᠲᠤᠷᠠᠳᠴᠦ ᠭᠠᠷᠭᠠᠭᠰᠠᠨ ᠨᠢ᠄ ᠤᠷᠤᠨ ᠨᠤᠲᠤᠭ ᠤᠨ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 4% ᠤᠷᠴᠢᠮ ᠢᠶᠠᠷ ᠨᠡᠮᠡᠭᠳᠡᠬᠦᠯᠦᠨ᠎ᠡ︔ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠦᠪ ᠤᠨ ᠣᠷᠣᠯᠭ᠎ᠠ ᠶᠢ 9.6% ᠤᠷᠴᠢᠮ ᠢᠶᠠᠷ ᠨᠡᠮᠡᠭᠳᠡᠭᠦᠯᠦᠨ᠎ᠡ︔ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 5% ᠤᠷᠴᠢᠮ ᠢᠶᠠᠷ ᠨᠡᠮᠡᠭᠳᠡᠭᠦᠯᠦᠨ᠎ᠡ︔ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠪᠤᠷᠤᠯᠠᠭᠤᠯᠬᠤ ᠶᠡᠷᠦᠩᠬᠡᠢ ᠬᠡᠮᠵᠢᠶ᠎ᠡ ᠶᠢ 4% ᠤᠷᠴᠢᠮ ᠢᠶᠠᠷ ᠨᠡᠮᠡᠭᠳᠡᠭᠦᠯᠦᠨ᠎ᠡ︔ ᠬᠤᠳᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠤᠷᠤᠯᠭ᠎ᠠ  ᠶᠢ 6% ᠪᠠ 8% ᠪᠠᠷ ᠨᠡᠮᠡᠭᠳᠡᠭᠦᠯᠦᠨ᠎ᠡ︔ ᠬᠤᠲᠠ ᠪᠠᠯᠭᠠᠰᠤᠨ ᠤ ᠳᠠᠩᠰᠠᠯᠠᠭᠤᠯᠬᠤ ᠠᠵᠢᠯ ᠠᠯᠳᠠᠯᠲᠠ ᠶᠢᠨ ᠨᠣᠷᠮ᠎ᠠ ᠶᠢ 4.5% ᠶᠢᠨ ᠳᠣᠲᠣᠷ᠎ᠠ ᠬᠢᠵᠠᠭᠠᠷᠯᠠᠨ᠎ᠠ᠃     ᠵᠤᠤ ᠹᠸᠢ ᠯᠤ᠋᠂ ᠲᠤᠯᠤᠭᠠᠨ ᠲᠠᠯ᠎ᠠ ᠪᠠᠷ ᠡᠨᠡ ᠵᠢᠯ ᠤᠨ ᠭᠤᠤᠯᠳᠠᠯᠭ᠎ᠠ ᠲᠠᠢ ᠠᠵᠢᠯ ᠢ ᠲᠤᠷᠠᠳᠤᠭᠰᠠᠨ ᠪᠠᠶᠢᠨ᠎ᠠ      ᠨᠢᠭᠡ᠂ ᠨᠠᠷᠢᠯᠢᠭ ᠤᠨᠤᠪᠴᠢᠲᠠᠢ ᠪᠠᠷ ᠬᠦᠴᠦᠯᠡᠵᠦ ︽ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ︾ ᠢ ᠰᠠᠶᠢᠲᠤᠷ ᠬᠢᠵᠦ ᠢᠯᠠᠯᠲᠠ ᠣᠯᠤᠨ᠎ᠠ᠃      ᠬᠤᠶᠠᠷ᠂ ᠬᠦᠭᠵᠢᠯᠲᠡ ᠶᠢᠨ ᠬᠡᠯᠪᠡᠷᠢ ᠪᠠᠨ ᠬᠤᠪᠢᠷᠠᠭᠤᠯᠤᠨ ᠲᠠᠰ ᠲᠡᠪᠰᠢᠬᠦᠯᠵᠤ ᠬᠥᠭᠵᠢᠯᠲᠡ ᠶᠢᠨ ᠰᠢᠨ᠎ᠡ ᠬᠦᠳᠡᠯᠭᠡᠭᠴᠢ ᠡᠨᠧᠷᠭᠢ ᠶᠢ ᠲᠦᠷᠭᠡᠳᠬᠡᠨ ᠪᠤᠢ ᠪᠤᠯᠭᠠᠨ᠎ᠠ᠃      ᠭᠤᠷᠪᠠ᠂ ᠪᠦᠬᠦ ᠲᠠᠯ᠎ᠠ ᠪᠠᠷ ᠨᠢᠭᠡᠳᠦᠯᠲᠠᠢ ᠲᠦᠯᠦᠪᠵᠢᠬᠦᠯᠦᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠬᠦ ᠶᠢ ᠠᠬᠢᠭᠤᠯᠤᠨ᠎ᠠ᠃      ᠲᠦᠷᠪᠡ᠂ ᠪᠦᠬᠦ ᠠᠷᠠᠳ ᠢᠶᠠᠷ ᠢᠶᠠᠨ ᠬᠦᠳᠡᠯᠦᠯᠴᠡᠵᠤ ᠪᠦᠬᠦ ᠤᠯᠤᠰ ᠤᠨ ᠬᠤᠰᠢᠭᠤ ᠰᠢᠶᠠᠨ ᠤ ᠳᠡᠰ ᠤᠨ ᠪᠣᠯᠪᠠᠰᠤᠨ ᠬᠤᠲᠠ ᠶᠢ ᠠᠮᠵᠢᠯᠲᠠ ᠲᠠᠢ ᠪᠠᠷ ᠡᠭᠦᠳᠦᠨ ᠪᠠᠶᠢᠭᠤᠯᠬᠤ ᠶᠢ ᠦᠨᠡᠨᠬᠦ ᠪᠠᠲᠤᠯᠠᠨ᠎ᠠ᠃      ᠲᠠᠪᠤ᠂ ᠲᠤᠲᠤᠭᠠᠳᠤ ᠳᠤ ᠪᠠᠨ ᠴᠢᠩᠭ᠎ᠠ ᠬᠢᠨᠠᠯᠲᠠ ᠲᠠᠯᠪᠢᠵᠤ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠶᠡᠬᠡᠪᠡᠷ ᠰᠢᠯᠢᠳᠡᠭᠵᠢᠭᠦᠯᠦᠨ᠎ᠡ᠃      ᠵᠢᠷᠭᠤᠭ᠎ᠠ᠂ ᠰᠠᠭᠤᠷᠢ ᠶᠢ ᠪᠠᠬᠢᠵᠢᠭᠦᠯᠵᠦ ᠬᠥᠭᠵᠢᠯᠲᠡ ᠶᠢᠨ ᠳᠠᠭᠠᠭᠠᠴᠠ ᠶᠢᠨ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃      ᠲᠤᠯᠤᠭ᠎ᠠ᠂ ᠰᠡᠳᠬᠢᠯ ᠲᠠᠯᠪᠢᠨ ᠠᠷᠠᠳ ᠲᠤ ᠠᠰᠢᠭ ᠬᠦᠷᠲᠡᠭᠡᠵᠦ ᠣᠯᠠᠨ ᠲᠦᠮᠡᠨ ᠤ ᠠᠩᠬᠠᠷᠴᠤ ᠪᠠᠶᠢᠭ᠎ᠠ ᠠᠷᠠᠳ ᠤᠨ ᠠᠮᠢᠳᠤᠷᠠᠯ ᠤᠨ ᠦᠢᠯᠡᠰ ᠢ ᠰᠠᠶᠢᠲᠤᠷ ᠡᠷᠬᠢᠯᠡᠨ᠎ᠡ ᠭᠡᠵᠡᠢ᠃      ᠵᠤᠤ ᠹᠸᠢ ᠯᠤ᠋ ᠬᠠᠮᠤᠭ ᠰᠠᠭᠦᠯ ᠳᠤ ᠭᠡᠯᠡᠭᠦ ᠳᠤ ᠪᠠᠨ᠂ ᠬᠠᠪᠤᠷ ᠤᠨ ᠤᠷᠢᠨ ᠪᠤᠯᠵᠦ ᠠᠭᠤᠯᠠ ᠣᠰᠣ ᠬᠦᠭᠡᠷᠤᠨ ᠡᠪᠡᠰᠤ ᠮᠤᠳᠤ ᠨᠠᠬᠢᠶᠠᠯᠤᠮᠤᠢ︕ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠠᠩ ᠨᠢᠭᠲᠠᠷᠠᠨ ᠪᠦᠯᠬᠦᠮᠳᠡᠵᠦ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠪᠣᠯᠤᠨ ᠬᠤᠰᠢᠭᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ ᠰᠡᠳᠬᠢᠯ ᠨᠢᠭᠡᠳᠤᠨ ᠬᠠᠮᠲᠤ ᠪᠠᠷ ᠴᠢᠷᠮᠠᠶᠢᠵᠦ ᠥᠷᠯᠥᠭᠡ ᠦᠳᠡᠰᠢ ᠶᠢ ᠲᠡᠮᠡᠴᠡᠨ ᠵᠠᠯᠠᠭᠤ ᠨᠠᠰᠤ ᠪᠠᠨ ᠬᠥᠰᠡᠷᠳᠡᠭᠦᠯᠬᠦ ᠦᠭᠡᠢ ᠪᠠᠶᠢᠵᠤ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠨᠤᠮᠢᠨ ᠲᠠᠩᠰᠤᠭ ᠬᠦᠭᠵᠢᠨ ᠮᠠᠨᠳᠤᠯᠲᠠ ᠶᠢ ᠪᠡᠶᠡᠯᠡᠭᠦᠯᠬᠦ ᠬᠠᠷᠠᠯᠲᠠ ᠶᠢᠨ ᠲᠥᠯᠥᠭᠡ ᠴᠢᠷᠮᠠᠶᠢᠨ ᠲᠡᠮᠡᠴᠡᠵᠡᠭᠡᠶ᠎ᠡ ᠬᠡᠵᠠᠢ᠃                      
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号