ᠪᠥᠭᠦ ᠬᠤᠰᠢᠭᠤᠨ ᠤ ︽ᠬᠤᠶᠠᠷ ᠬᠤᠷᠠᠯ︾ ᠤᠨ ᠲᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ ᠪᠤᠯᠬᠤ ᠲᠦᠯᠦᠭᠡᠯᠡᠭᠴᠢ ᠬᠡᠰᠢᠬᠦᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020-04-29
     4 ᠰᠠᠷ᠎ᠠ ᠶᠢᠨ 27 ᠤ ᠡᠳᠦᠷ᠂ ᠪᠥᠭᠦ ᠬᠤᠰᠢᠭᠤᠨ ᠤ ︽ᠬᠤᠶᠠᠷ ᠬᠤᠷᠠᠯ︾ ᠤᠨ ᠲᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ ᠪᠤᠯᠬᠤ ᠲᠦᠯᠦᠭᠡᠯᠡᠭᠴᠢ ᠬᠡᠰᠢᠬᠦᠨ ᠤ ᠬᠤᠷᠠᠯ ᠬᠤᠰᠢᠭᠤ ᠵᠠᠰᠠᠭ ᠵᠠᠬᠢᠷᠭᠠᠨ ᠤ ᠦᠢᠯᠡᠴᠢᠯᠡᠭᠡᠨ ᠤ ᠲᠥᠪ ᠲᠤ ᠬᠤᠷᠠᠯᠳᠤᠭᠰᠠᠨ ᠪᠠᠶᠢᠨ᠎ᠠ᠃
     ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ ᠬᠤᠷᠠᠯ ᠢ ᠡᠷᠬᠢᠯᠡᠵᠦ ᠶᠠᠷᠢᠶ᠎ᠠ ᠲᠠᠯᠪᠢᠪᠠ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠵᠣᠣ ᠹᠸᠢ ᠯᠦ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠤᠶᠠᠨᠮᠠᠨᠳᠤᠬᠤ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠬᠤᠤ ᠸᠧᠶ ᠨᠡᠷ ᠬᠤᠷᠠᠯ ᠳᠤ ᠣᠷᠣᠯᠴᠠᠵᠠᠶ᠃ ᠪᠥᠬᠦ ᠬᠤᠰᠢᠭᠤᠨ  ᠤ ︽ᠬᠤᠶᠠᠷ ᠬᠤᠷᠠᠯ︾ ᠳᠤ ᠣᠷᠣᠯᠴᠠᠭᠰᠠᠨ ᠨᠠᠮ ᠤᠨ ᠬᠡᠰᠢᠬᠦᠨ ᠪᠤᠯᠬᠤ ᠬᠤᠰᠢᠭᠤ ᠠᠷᠠᠳ ᠤᠨ ᠲᠥᠯᠥᠭᠡᠯᠡᠭᠴᠢᠳ ᠂ ᠤᠯᠤᠰ ᠲᠥᠷᠥ ᠶᠢᠨ ᠵᠥᠪᠯᠡᠯᠭᠡᠨ ᠤ ᠬᠡᠰᠢᠬᠦᠳ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ᠂ ᠵᠣᠣ ᠹᠸᠢ ᠯᠦ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠦᠦᠰᠢᠨ ᠬᠤᠰᠢᠭᠤᠨ  ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠤᠳᠠᠭᠠᠨ ᠤ ᠬᠤᠷᠠᠯᠳᠤᠭᠠᠨ ᠤ ᠲᠦᠷ ᠴᠠᠭ ᠤᠨ ᠨᠠᠮ ᠤᠨ ᠬᠤᠷᠢᠶ᠎ᠠ ᠪᠠᠶᠢᠭᠤᠯᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠦᠰᠢᠨ ᠬᠤᠰᠢᠭᠤᠨ ᠤ ᠬᠤᠷᠢᠶᠠᠨ ᠤ ᠴᠣᠬᠤᠯᠠᠪᠤᠷᠢ︾ ᠪᠠ ︽ᠤᠯᠤᠰ ᠲᠥᠷᠥ ᠶᠢᠨ ᠵᠥᠪᠯᠡᠯᠭᠡᠨ ᠤ ᠦᠦᠰᠢᠨ ᠬᠤᠰᠢᠭᠤᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶᠠᠨ ᠤ ᠳᠥᠷᠪᠡᠳᠦᠭᠡᠷ ᠤᠳᠠᠭᠠᠨ ᠤ  ᠬᠤᠷᠠᠯᠳᠤᠭᠠᠨ ᠤ ᠲᠦᠷ ᠴᠠᠭ ᠤᠨ ᠨᠠᠮ ᠤᠨ ᠬᠤᠷᠢᠶ᠎ᠠ ᠪᠠᠶᠢᠭᠤᠯᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠦᠰᠢᠨ ᠬᠤᠰᠢᠭᠤᠨ ᠤ ᠬᠤᠷᠢᠶᠠᠨ ᠤ ᠴᠣᠬᠤᠯᠠᠪᠤᠷᠢ︾ ᠶᠢ ᠤᠩᠰᠢᠨ ᠨᠡᠶᠢᠲᠡᠯᠡᠪᠡ᠃      ᠡᠷᠳᠡᠨᠢᠪᠢᠯᠢᠭ ᠶᠠᠷᠢᠶᠠᠨ ᠳᠠᠭᠠᠨ ᠵᠢᠭᠠᠬᠤ ᠳᠠᠭᠠᠨ᠂ ᠦᠦᠰᠢᠨ ᠬᠤᠰᠢᠭᠤᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡ᠊ ‍ᠷ‌ᠤᠳᠠᠭᠠᠨ ᠤ ᠬᠤᠷᠠᠯᠳᠤᠭᠠᠨ ᠪᠠ ᠤᠯᠤᠰ ᠲᠥᠷᠥ ᠶᠢᠨ ᠵᠥᠪᠯᠡᠯᠭᠡᠨ ᠤ ᠦᠦᠰᠢᠨ ᠬᠤᠰᠢᠭᠤᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶᠠᠨ ᠤ ᠳᠥᠷᠪᠡᠳᠦᠭᠡᠷ ᠤᠳᠠᠭᠠᠨ ᠤ ᠬᠤᠷᠠᠯᠳᠤᠭᠠᠨ ᠢ ᠬᠤᠷᠠᠯᠳᠤᠭᠤᠯᠤᠭᠰᠠᠨ ᠶᠠᠪᠤᠳᠠᠯ ᠪᠣᠯ ᠪᠥᠬᠦ ᠬᠤᠰᠢᠭᠤᠨ  ᠤ ᠦᠨᠳᠦᠰᠦᠲᠡᠨ ᠨᠦᠭᠦᠳ ᠤᠨ ᠠᠷᠠᠳ ᠲᠦᠮᠡᠨ ᠤ ᠤᠯᠤᠰ ᠲᠥᠷᠥ ᠶᠢᠨ ᠠᠮᠢᠳᠤᠷᠠᠯ ᠳᠠᠬᠢ ᠨᠢᠭᠡᠨ ᠲᠣᠮᠣ ᠶᠠᠪᠤᠳᠠᠯ ᠮᠥᠨ᠂ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠰᠢᠶᠳᠪᠦᠷᠢᠲᠦ ᠢᠯᠠᠯᠲᠠ ᠶᠢ ᠤᠯᠬᠤ ᠪᠠ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠡᠴᠦᠰ ᠤᠨ ᠵᠢᠯ᠂ ᠢᠯᠠᠩᠭᠤᠶ᠎ᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠠᠩᠭᠢᠯᠠᠭ᠎ᠠ ᠶᠢᠨ ᠦᠶ᠎ᠡ ᠳᠤ ᠬᠤᠷᠠᠯᠳᠤᠭᠤᠯᠤᠭᠰᠠᠨ ᠨᠢᠭᠡ ᠤᠳᠠᠭᠠᠨ ᠤ ᠴᠢᠬᠤᠯᠠ ᠬᠤᠷᠠᠯ ᠮᠥᠨ᠃ ᠪᠦᠬᠦ ᠨᠠᠮ ᠤᠨ ᠭᠡᠰᠢᠭᠦᠳ ᠦᠵᠡᠯ ᠰᠠᠨᠠᠭ᠎ᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ  ᠤ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠲᠠᠢ ᠤᠯᠠᠮ ᠨᠢᠭᠡ ᠠᠯᠬᠤᠮ ᠨᠢᠭᠡᠳᠬᠡᠵᠦ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠪᠣᠬᠢᠷᠲᠤᠯ ᠦᠭᠡᠢ ᠬᠥᠭᠵᠢᠯᠲᠡ ᠶᠢ ᠪᠡᠶᠡᠯᠡᠭᠦᠯᠬᠦ ᠬᠠᠷᠢᠭᠤᠴᠠᠯᠭᠠᠲᠤ ᠰᠡᠳᠬᠢᠯᠭᠡ᠂ ᠡᠭᠦᠷᠭᠡ ᠲᠤᠰᠢᠶᠠᠯᠲᠤ ᠰᠡᠳᠬᠢᠯᠭᠡ ᠪᠣᠯᠤᠨ ᠲᠤᠯᠭᠠᠮ ᠰᠡᠳᠬᠢᠯᠭᠡ ᠪᠠᠨ ᠦᠨᠡᠨ ᠬᠦ ᠴᠢᠩᠭᠠᠳᠬᠠᠵᠤ ᠵᠢᠱᠢᠶᠡᠴᠢ ᠳᠠᠭᠠᠭᠤᠯᠤᠭᠴᠢ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠤᠨ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠢ ᠵᠢᠱᠢᠶ᠎ᠡ ᠦᠵᠡᠭᠦᠯᠦᠨ ᠳᠠᠶᠢᠴᠢᠯᠠᠬᠤ ᠬᠡᠷᠡᠭᠲᠡᠢ᠃ ᠰᠢᠷᠭᠠᠭᠤ ᠲᠡᠮᠡᠴᠡᠨ᠂ ᠬᠦᠴᠢᠷ ᠢ ᠲᠤᠭᠤᠯᠤᠨ ᠪᠡᠷᠬᠡ ᠶᠢ ᠳᠠᠪᠠᠵᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠠᠴᠠ ᠪᠣᠯᠤᠭᠰᠠᠨ ᠠᠰᠢᠭ ᠦᠭᠡᠢ ᠨᠥᠯᠥᠭᠡ ᠶᠢ ᠴᠢᠷᠮᠠᠶᠢᠨ ᠳᠠᠪᠠᠵᠤ ᠡᠨᠡ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠯ᠎ᠡ ᠵᠦᠢᠯ ᠤᠨ ᠬᠠᠷᠠᠯᠲᠠ ᠡᠭᠦᠷᠭᠡ ᠶᠢ ᠴᠢᠷᠮᠠᠶᠢᠨ ᠪᠡᠶᠡᠯᠡᠭᠦᠯᠵᠦ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠬᠡᠬᠦ ᠪᠠ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠪᠠᠲᠤᠯᠠᠵᠤ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠬᠠᠮᠠᠭᠠᠯᠠᠬᠤ︾ ᠶᠢ ᠦᠢᠯᠡᠳᠦᠯᠭᠡᠵᠢᠭᠦᠯᠬᠦ ᠬᠡᠷᠡᠭᠲᠡᠢ ᠭᠡᠵᠡᠢ᠃      ᠡᠷᠳᠡᠨᠢᠪᠢᠯᠢᠭ ᠴᠢᠬᠤᠯᠠᠴᠢᠯᠠᠬᠤ ᠳᠠᠭᠠᠨ᠂ ᠬᠤᠷᠠᠯ ᠳᠤ ᠣᠷᠣᠯᠴᠠᠭᠰᠠᠨ ᠡᠯ᠎ᠡ ᠨᠠᠮ ᠤᠨ ᠭᠡᠰᠢᠭᠦᠨ ᠲᠥᠯᠥᠭᠡᠯᠡᠭᠴᠢ᠂ ᠭᠡᠰᠢᠭᠦᠳ ᠣᠳᠣᠬᠠᠨ ᠤ ᠪᠠᠶᠢᠳᠠᠯ ᠢ ᠣᠨᠣᠪᠴᠢᠲᠠᠶ ᠡᠵᠡᠮᠳᠡᠵᠦ ᠤᠯᠤᠰ ᠲᠥᠷᠥ ᠶᠢᠨ ᠵᠣᠭᠰᠣᠴᠠ  ᠪᠠᠨ ᠳᠡᠭᠡᠭᠰᠢᠯᠡᠭᠦᠯᠦᠨ ᠪᠤᠰᠤᠳ ᠲᠥᠯᠥᠭᠡᠯᠡᠭᠴᠢ ᠪᠠ ᠭᠡᠰᠢᠭᠦᠳ ᠢ ᠪᠦᠯᠬᠦᠮᠳᠡᠭᠦᠯᠦᠨ ᠳᠠᠶᠢᠴᠢᠯᠠᠵᠤ ᠪᠥᠬᠦ ᠲᠠᠯ᠎ᠠ ᠪᠠ ᠬᠥᠭᠵᠢᠯᠲᠡ ᠶᠢᠨ ᠦᠨᠳᠦᠷᠴᠡ ᠠᠴᠠ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠬᠠᠷᠠᠯᠲᠠ ᠡᠭᠦᠷᠭᠡ ᠲᠠᠢ ᠨᠢᠭᠲᠠ ᠤᠶᠠᠯᠳᠤᠭᠤᠯᠤᠨ ᠴᠢᠨᠠᠷ ᠰᠠᠶᠢᠲᠠᠶ ᠬᠥᠭᠵᠢᠯᠲᠡ ᠶᠢᠨ ᠱᠠᠭᠠᠷᠳᠠᠯᠭ᠎ᠠ ᠲᠠᠢ ᠤᠶᠠᠯᠳᠤᠭᠤᠯᠵᠤ ᠬᠦᠴᠦᠨ ᠢᠶᠠᠨ ᠨᠢᠭᠲᠠᠷᠠᠭᠤᠯᠵᠤ ᠣᠶᠤᠨ ᠢᠶᠠᠨ ᠲᠥᠪᠯᠡᠷᠡᠭᠦᠯᠦᠨ ᠬᠥᠭᠵᠢᠯᠲᠡ ᠶᠢᠨ ᠠᠷᠭ᠎ᠠ ᠪᠣᠳᠣᠯᠭ᠎ᠠ ᠶᠢ ᠢᠳᠡᠪᠬᠢᠲᠡᠶ ᠰᠠᠨᠠᠭᠠᠴᠢᠯᠠᠭ᠎ᠠ ᠠᠴᠠ ᠪᠠᠨ ᠰᠦᠪᠡᠭᠴᠢᠯᠡᠵᠦ ᠡᠷᠬᠡ ᠪᠠ ᠡᠭᠦᠷᠭᠡ ᠪᠠᠨ ᠰᠠᠶᠢᠲᠤᠷ ᠬᠡᠷᠡᠭᠵᠢᠭᠦᠯᠦᠨ ᠨᠠᠩ ᠣᠷᠭᠢᠯᠤᠮ᠎ᠠ ᠰᠡᠳᠬᠢᠯᠭᠡ ᠪᠠᠷ ︽ᠬᠤᠶᠠᠷ ᠬᠤᠷᠠᠯ︾ ᠤᠨ ᠡᠯ᠎ᠡ ᠵᠦᠶᠯ ᠤᠨ ᠡᠭᠦᠷᠭᠡ ᠶᠢ ᠪᠡᠶᠡᠯᠡᠭᠦᠯᠬᠦ ᠬᠡᠷᠡᠭᠲᠡᠶ᠃ ᠡᠯ᠎ᠡ ᠵᠦᠶᠯ ᠤᠨ ᠰᠠᠬᠢᠯᠭ᠎ᠠ ᠪᠠᠲᠤ ᠶᠢ ᠴᠢᠩᠭ᠎ᠠ ᠰᠠᠬᠢᠵᠤ ᠨᠠᠮ ᠤᠨ ᠤᠳᠤᠷᠢᠳᠤᠯᠭ᠎ᠠ ᠶᠢ ᠦᠨᠡᠨ ᠬᠦ ᠴᠢᠩᠭᠠᠳᠬᠠᠨ ᠬᠤᠷᠠᠯ ᠤᠨ ᠰᠤᠷᠲᠠᠯ ᠬᠤᠷᠠᠯ ᠤᠨ ᠰᠠᠬᠢᠯᠭ᠎ᠠ ᠪᠠᠲᠤ ᠶᠢ ᠴᠢᠩᠭ᠎ᠠ ᠵᠢᠷᠤᠮᠯᠠᠵᠤ ᠲᠤᠰ ᠤᠳᠠᠭᠠᠨ ᠤ ᠬᠤᠷᠠᠯ ᠢ ᠠᠷᠠᠳᠴᠢᠯᠠᠯ ᠪᠦᠯᠬᠦᠮᠳᠡᠯ ᠲᠠᠢ᠂ ᠪᠣᠳᠠᠲᠠᠶ ᠠᠵᠢᠯᠯᠠᠵᠤ ᠡᠷᠴᠢ ᠵᠣᠷᠢᠭ ᠢᠶᠠᠨ ᠬᠥᠪᠴᠢᠯᠡᠳᠡᠭ᠂ ᠰᠤᠷᠲᠠᠯ ᠴᠢᠬᠡᠴᠢ ᠣᠪᠣᠷ ᠲᠥᠪ ᠶᠡᠭᠡ ᠬᠤᠷᠠᠯ ᠪᠣᠯᠭᠠᠨ ᠬᠤᠷᠠᠯᠳᠤᠭᠤᠯᠬᠤ ᠬᠡᠷᠡᠭᠲᠡᠶ ᠭᠡᠵᠡᠢ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号