ᠦᠦᠰᠢᠨ ᠬᠤᠰᠢᠭᠤᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠤᠳᠠᠭᠠᠨ ᠤ ᠬᠤᠷᠠᠯᠳᠤᠭᠠᠨ ᠤ ᠲᠡᠷᠢᠭᠦᠯᠡᠭᠴᠢᠳ ᠤᠨ ᠪᠦᠯᠬᠦᠮ ᠤᠨ ᠠᠩᠬᠠᠳᠤᠭᠠᠷ ᠤᠳᠠᠭᠠᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020-04-29
     4 ᠰᠠᠷ᠎ᠠ ᠶᠢᠨ 27 ᠤ ᠡᠳᠦᠷ᠂ ᠦᠦᠰᠢᠨ ᠬᠤᠰᠢᠭᠤᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ  ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠤᠳᠠᠭᠠᠨ ᠤ ᠬᠤᠷᠠᠯᠳᠤᠭᠠᠨ ᠤ ᠲᠡᠷᠢᠭᠦᠯᠡᠭᠴᠢᠳ ᠤᠨ ᠪᠦᠯᠬᠦᠮ ᠤᠨ ᠠᠩᠬᠠᠳᠤᠭᠠᠷ ᠤᠳᠠᠭᠠᠨ ᠤ ᠬᠤᠷᠠᠯ ᠬᠤᠰᠢᠭᠤ ᠵᠠᠰᠠᠭ ᠵᠠᠬᠢᠷᠭᠠᠨ ᠤ ᠦᠶᠯᠡᠴᠢᠯᠡᠭᠡᠨ ᠤ ᠲᠥᠪ ᠲᠤ ᠬᠤᠷᠠᠯᠳᠤᠪᠠ᠃ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠵᠣᠣ ᠹᠸᠢ ᠯᠦ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠬᠤᠤ ᠸᠧᠶ ᠵᠢᠴᠢ ᠥᠥᠰᠢᠨ ᠬᠤᠰᠢᠭᠤᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ  ᠤᠨ ᠶᠡᠭᠡ ᠬᠤᠷᠠᠯ ᠤᠨ ᠳᠥᠷᠪᠡᠳᠦᠭᠡᠷ ᠤᠳᠠᠭᠠᠨ ᠤ ᠬᠤᠷᠠᠯᠳᠤᠭᠠᠨ ᠤ ᠲᠡᠷᠢᠭᠦᠯᠡᠭᠴᠢᠳ ᠤᠨ ᠪᠦᠯᠬᠦᠮ ᠤᠨ ᠪᠥᠬᠦ ᠪᠦᠷᠢᠯᠳᠦᠬᠦᠨ ᠬᠤᠷᠠᠯ ᠳᠤ ᠣᠷᠣᠯᠴᠠᠵᠠᠶ᠃ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠶᠠᠪᠤᠳᠠᠯ ᠤᠨ ᠬᠤᠷᠢᠶᠠᠨ ᠤ ᠡᠷᠬᠢᠯᠡᠭᠴᠢ ᠪᠤᠶᠠᠨᠮᠠᠨᠳᠤᠬᠤ ᠬᠤᠷᠠᠯ ᠢ ᠡᠷᠬᠢᠯᠡᠪᠡ᠃
     ᠬᠤᠷᠠᠯ ᠠᠴᠠ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ ᠶᠢ ᠰᠣᠩᠭᠤᠨ ᠭᠠᠷᠭᠠᠪᠠ᠃ ᠬᠤᠷᠠᠯ ᠢᠶᠠᠷ ᠭᠦᠶᠴᠡᠳᠬᠡᠬᠦ ᠲᠠᠷᠢᠭᠦᠯᠡᠭᠴᠢ ᠶᠢᠨ ᠳᠤᠭᠤᠶᠢᠯᠠᠩ ᠬᠤᠪᠢᠶᠠᠭᠰᠠᠨ ᠨᠡᠷᠡᠰ ︵ᠲᠥᠰᠦᠯ︶ ᠢ ᠪᠠᠲᠤᠯᠠᠪᠠ᠃ ᠶᠡᠭᠡ ᠬᠤᠷᠠᠯ ᠤᠨ ᠳᠡᠳ᠋ ᠨᠠᠷᠢᠨ ᠪᠢᠴᠢᠭ ᠤᠨ ᠳᠠᠷᠤᠭ᠎ᠠ ᠶᠢ ᠲᠤᠭᠳᠠᠭᠠᠵᠤ᠂ ᠬᠤᠷᠠᠯᠳᠤᠭᠠᠨ ᠤ ᠲᠤᠬᠢᠷᠠᠭᠤᠯᠭ᠎ᠠ ︵ᠲᠥᠰᠦᠯ︶ ᠢ ᠪᠠᠲᠤᠯᠠᠪᠠ᠃ ᠲᠥᠯᠥᠭᠡᠯᠡᠭᠴᠢᠳ ᠤᠨ ᠰᠠᠨᠠᠯ ᠵᠥᠪᠯᠡᠯᠭᠡ ᠳᠤᠷᠠᠳᠬᠤ ᠴᠠᠭ ᠤᠨ ᠭᠢᠵᠠᠭᠠᠷ ᠢ ᠲᠤᠭᠳᠠᠭᠠᠵᠤ ᠶᠡᠭᠡ ᠬᠤᠷᠠᠯ ᠤᠨ ᠰᠠᠨᠠᠯ ᠵᠥᠪᠯᠡᠯᠭᠡ ᠶᠢ ᠪᠠᠲᠤᠯᠠᠬᠤ ᠠᠷᠭ᠎ᠠ ︵ᠲᠥᠰᠦᠯ︶ ᠶᠢ ᠪᠠᠲᠤᠯᠠᠪᠠ᠃ ᠠᠷᠠᠳ  ᠤᠨ ᠠᠮᠢᠳᠤᠷᠠᠯ ᠤᠨ ᠪᠤᠳᠠᠳᠤ ᠶᠠᠪᠤᠳᠠᠯ ᠤᠨ ᠲᠥᠷᠦᠯ ᠵᠦᠢᠯ ᠢ ᠲᠥᠯᠦᠭᠡᠯᠡᠭᠴᠢ ᠪᠢᠯᠧᠲ ᠥᠭᠴᠤ ᠪᠠᠲᠤᠯᠠᠬᠤ ᠠᠷᠭ᠎ᠠ ︵ᠲᠥᠰᠦᠯ︶᠂ ᠰᠣᠩᠭᠤᠭᠤᠯᠢ ᠶᠢᠨ ᠠᠷᠭ᠎ᠠ ︵ᠲᠥᠰᠦᠯ︶ ᠶᠢ ᠪᠠᠲᠤᠯᠠᠪᠠ᠃ ᠨᠠᠷ᠎ᠠ ᠲᠤᠷᠠᠳᠤᠭᠰᠠᠨ 2020 ᠣᠨ  ᠤ ᠦᠦᠰᠢᠨ ᠬᠤᠰᠢᠭᠤᠨ ᠤ ᠠᠷᠠᠳ ᠤᠨ ᠠᠮᠢᠳᠤᠷᠠᠯ ᠤᠨ ᠪᠤᠳᠠᠳᠤ ᠶᠠᠪᠤᠳᠠᠯ ᠢᠶᠠᠷ ᠵᠢᠱᠢᠭᠳᠡᠭᠰᠡᠨ ᠲᠥᠷᠦᠯ ᠵᠦᠢᠯ ᠪᠠ ᠨᠥᠬᠦᠨ ᠰᠣᠩᠭᠤᠬᠤ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠡᠰᠢᠭᠦᠨ ᠤ ᠵᠢᠱᠢᠭᠳᠡᠭᠰᠡᠳ ᠤᠨ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠪᠠ᠃  ᠲᠥᠯᠥᠭᠡᠯᠡᠭᠴᠢ ᠨᠠᠷ᠎ᠠ ᠬᠤᠯᠪᠤᠭᠠᠯᠠᠨ ᠥᠥᠰᠢᠨ ᠬᠤᠰᠢᠭᠤᠨ ᠤ ᠠᠷᠪᠠᠨ ᠲᠤᠯᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠡᠰᠢᠭᠦᠨ ᠤ ᠵᠢᠱᠢᠭᠳᠡᠭᠴᠢ ᠶᠢ ᠲᠤᠷᠠᠳᠬᠤ ᠴᠠᠭ ᠤᠨ ᠭᠢᠵᠠᠭᠠᠷ ᠢ ᠲᠣᠭᠲᠠᠭᠠᠪᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号