4 ᠰᠠᠷ᠎ᠠ ᠶᠢᠨ 27 ᠤ ᠡᠳᠦᠷ᠂ ᠤᠯᠤᠰ ᠲᠦᠷᠦ ᠶᠢᠨ ᠵᠥᠪᠯᠡᠯᠭᠡᠨ ᠤ ᠦᠦᠰᠢᠨ ᠬᠤᠰᠢᠭᠤᠨ ᠤ ᠠᠷᠪᠠᠨ | ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠳᠥᠷᠪᠡᠳᠦᠭᠡᠷ ᠤᠳᠠᠭᠠᠨ ᠤ ᠬᠤᠷᠠᠯᠳᠤᠭᠠᠨ ᠳᠤ ᠣᠷᠣᠯᠴᠠᠭᠰᠠᠨ ᠪᠦᠬᠦ | ᠭᠡᠰᠢᠭᠦᠨ ᠡᠭᠦᠷᠭᠡ ᠬᠠᠷᠢᠭᠤᠴᠠᠯᠭ᠎ᠠ ᠪᠠᠨ ᠬᠢᠨᠠᠮᠠᠭᠠᠢ ᠬᠦᠢᠴᠡᠳᠬᠡᠨ ᠤᠯᠤᠰ ᠲᠦᠷᠦ ᠶᠢᠨ ᠵᠥᠪᠯᠡᠯᠭᠡᠨ ᠤ | ᠪᠠᠶᠢᠩᠭᠤ ᠶᠢᠨ ᠬᠤᠷᠢᠶᠠᠨ ᠤ ᠠᠵᠢᠯ ᠤᠨ ᠢᠯᠡᠳᠬᠡᠯ ᠪᠣᠯᠣᠨ ᠰᠠᠨᠠᠯ ᠳᠣᠷᠠᠳᠣᠯᠭ᠎ᠠ ᠶᠢᠨ ᠠᠵᠢᠯ ᠤᠨ | ᠮᠡᠳᠡᠭᠦᠯᠦᠯᠲᠡ ᠶᠢᠨ ᠲᠣᠭᠤᠷᠢᠨ ᠳᠤ ᠳᠤᠭᠤᠶᠢᠯᠠᠩ ᠬᠤᠪᠢᠶᠠᠨ ᠶᠠᠷᠢᠯᠴᠠᠭ᠎ᠠ ᠥᠷᠨᠢᠭᠦᠯᠵᠤ ᠪᠦᠬᠦ ᠬᠤᠰᠢᠭᠤᠨ ᠤ ᠠᠵᠤ | ᠠᠬᠤᠢ ᠪᠣᠯᠣᠨ ᠨᠡᠶᠢᠬᠡᠮ ᠤᠨ ᠡᠯ᠎ᠡ ᠲᠦᠷᠦᠯ ᠤᠨ ᠠᠵᠢᠯ ᠦᠢᠯᠡᠰ ᠤᠨ ᠬᠥᠭᠵᠢᠯᠲᠡ ᠳᠤ ᠰᠠᠨᠠᠯ ᠳᠤᠷᠠᠳᠤᠯᠭ᠎ᠠ | ᠤᠬᠠᠭᠠᠨ ᠪᠣᠳᠣᠯᠭ᠎ᠠ ᠪᠠᠨ ᠳᠡᠪᠰᠢᠭᠦᠯᠦᠭᠰᠡᠨ ᠪᠠᠶᠢᠨ᠎ᠠ᠃ | | | | | | | | | | ᠳᠠᠪᠤᠳᠤᠭᠠᠷ ᠶᠠᠷᠢᠯᠴᠠᠭᠠᠨ ᠤ ᠲᠤᠭᠤᠶᠢᠯᠠᠩ᠄ | ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ᠂ ᠬᠤᠰᠢᠭᠤ ᠤᠯᠤᠰ ᠲᠦᠷᠦ ᠶᠢᠨ ᠵᠦᠪᠯᠡᠯᠭᠡᠨ ᠤ | ᠲᠡᠷᠢᠭᠦᠯᠡᠭᠴᠢ ᠬᠤᠤ ᠸᠧᠢ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠬᠤᠰᠢᠭᠤ ᠳᠡᠳ᠋ ᠳᠠᠷᠤᠭ᠎ᠠ | ᠵᠠᠩ ᡁᠢ ᠰᠢᠦ᠋ᠩ᠂ ᠬᠤᠰᠢᠭᠤ ᠳᠡᠳ᠋ ᠳᠠᠷᠤᠭ᠎ᠠ ᠵᠸᠦ ᠱᠤᠸᠠᠢ ᠲᠠᠪᠤᠳᠤᠭᠠᠷ ᠶᠠᠷᠢᠯᠴᠠᠭᠠᠨ ᠤ ᠲᠤᠭᠤᠶᠢᠯᠠᠩ ᠤᠨ | ᠬᠤᠷᠠᠯ ᠳᠤ ᠣᠷᠣᠯᠴᠠᠵᠤ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠲᠠᠢ ᠬᠠᠮᠲᠤᠪᠠᠷ ᠠᠯᠤᠰ ᠤᠨ ᠪᠣᠳᠣᠯᠭ᠎ᠠ | ᠢᠷᠡᠭᠡᠳᠦᠢ ᠶᠢᠨ ᠬᠥᠭᠵᠢᠯᠲᠡ ᠪᠠᠨ ᠵᠢᠷᠤᠭᠯᠠᠭᠰᠠᠨ ᠪᠠᠶᠢᠨ᠎ᠠ᠃ | ᠶᠠᠷᠢᠯᠴᠠᠭᠠᠨ ᠤ ᠳᠤᠮᠲᠠ᠂ ᠭᠡᠰᠢᠭᠦᠳ ᠠᠴᠠ ᠦᠪᠡᠷ ᠦᠪᠡᠷ ᠤᠨ ᠠᠵᠢᠯ ᠤᠨ ᠪᠠᠶᠢᠷᠢᠨ ᠤ ᠲᠣᠭᠤᠷᠢᠨ ᠳᠤ | ᠭᠤᠣᠯᠳᠠᠭᠤ ᠠᠵᠤ ᠦᠢᠯᠡᠰ ᠤᠨ ᠬᠥᠭᠵᠢᠯᠲᠡ᠂ ᠨᠡᠶᠢᠲᠡ ᠶᠢᠨ ᠵᠠᠮ ᠬᠠᠷᠢᠯᠴᠠᠭ᠎ᠠ᠂ ᠢᠳᠡᠭᠡᠨ ᠤᠮᠳᠠᠭᠠᠨ ᠤ ᠠᠮᠤᠷ | ᠲᠥᠪᠰᠢᠨ ᠵᠡᠷᠭᠡ ᠲᠠᠯ᠎ᠠ ᠪᠠᠷ ᠰᠠᠨᠠᠯ ᠰᠠᠨᠠᠭᠤᠯᠭ᠎ᠠ ᠪᠠᠨ ᠳᠡᠪᠰᠢᠭᠦᠯᠦᠭᠰᠡᠨ ᠪᠠᠶᠢᠨ᠎ᠠ᠃ ᠡᠷᠳᠡᠨᠢᠪᠢᠯᠢᠭ ᠳᠠᠶᠠᠭᠠᠷ ᠤᠨ | ᠶᠠᠷᠢᠯᠴᠠᠭ᠎ᠠ ᠶᠢ ᠬᠢᠨᠠᠮᠠᠭᠠᠢ ᠰᠤᠨᠤᠰᠬᠤ ᠶᠢᠨ ᠳᠠᠭᠠᠤ ᠳᠤ ᠲᠡᠮᠳᠡᠭᠯᠡᠯ ᠬᠢᠵᠤ ᠪᠠᠰᠠ ᠳᠡᠲᠡᠨ ᠲᠠᠢ ᠬᠠᠮᠲᠤ ᠬᠠᠯᠠᠭᠤᠨ | ᠶᠠᠷᠢᠯᠴᠠᠭ᠎ᠠ ᠥᠷᠨᠢᠭᠦᠯᠪᠡ᠃ | ᠡᠷᠳᠡᠨᠢᠪᠢᠯᠢᠭ ᠢᠯᠡᠷᠬᠡᠶᠢᠯᠡᠬᠦ ᠳᠤ ᠪᠠᠨ᠂ ᠥᠩᠭᠡᠷᠡᠭᠰᠡᠨ ᠨᠢᠭᠡ ᠵᠢᠯ ᠳᠤ ᠬᠤᠰᠢᠭᠤ ᠤᠯᠤᠰ ᠲᠦᠷᠦ ᠶᠢᠨ | ᠵᠥᠪᠯᠡᠯᠭᠡᠨ ᠶᠡᠭᠡ ᠬᠡᠮᠵᠢᠶᠡᠨ ᠤ ᠠᠵᠢᠯ ᠢ ᠪᠦᠲᠥᠮᠵᠢᠲᠠᠢ ᠥᠷᠨᠢᠭᠦᠯᠤᠨ ᠤᠯᠤᠰ ᠲᠦᠷᠦ ᠶᠢᠨ ᠵᠥᠪᠯᠡᠯᠭᠡᠨ ᠤ | ᠭᠡᠰᠢᠭᠦᠳ ᠪᠦᠬᠦ ᠬᠤᠰᠢᠭᠤᠨ ᠤ ᠭᠤᠣᠯ ᠠᠵᠢᠯ ᠤᠨ ᠲᠣᠭᠤᠷᠢᠨ ᠳᠤ ᠶᠡᠭᠡ ᠬᠡᠮᠵᠢᠶᠡᠨ ᠤ ᠪᠠᠶᠢᠴᠠᠭᠠᠨ ᠰᠤᠳᠤᠯᠤᠯᠲᠠ | ᠬᠢᠵᠤ ᠤᠯᠤᠰ ᠲᠦᠷᠦ ᠶᠢᠨ ᠵᠥᠪᠯᠡᠯᠭᠡ ᠬᠢᠬᠦ ᠳᠤ ᠬᠦᠴᠦ ᠬᠥᠯᠦᠰᠦ ᠪᠠᠨ ᠡᠷᠭᠦᠵᠦ ᠰᠢᠨᠵᠢᠯᠡᠬᠦ ᠤᠬᠠᠭᠠᠨᠴᠢ | ᠬᠥᠭᠵᠢᠯᠲᠡ ᠶᠢ ᠠᠬᠢᠭᠤᠯᠤᠨ ᠠᠵᠢᠯ ᠤᠨ ᠶᠡᠭᠡ ᠪᠠᠶᠢᠳᠠᠯ ᠳᠤ ᠦᠢᠯᠡᠴᠢᠯᠡᠵᠦ ᠠᠷᠠᠳ ᠤᠨ ᠠᠮᠢᠳᠤᠷᠠᠯ ᠢ | ᠰᠠᠶᠢᠵᠢᠷᠠᠭᠤᠯᠬᠤ ᠳᠤ ᠳᠦᠯᠬᠢᠴᠡ ᠦᠢᠯᠡᠳᠦᠯ ᠦᠵᠡᠭᠦᠯᠦᠭᠰᠡᠨ ᠪᠠᠶᠢᠨ᠎ᠠ᠃ ᠬᠦᠰᠡᠬᠦ ᠨᠢ᠂ ᠭᠡᠰᠢᠭᠦᠳ ᠦᠷᠭᠦᠯᠵᠢᠯᠡᠨ | ᠪᠦᠬᠦ ᠬᠤᠰᠢᠭᠤᠨ ᠤ ᠠᠵᠤ ᠠᠬᠤᠢ ᠨᠡᠶᠢᠬᠡᠮ ᠤᠨ ᠬᠥᠭᠵᠢᠯᠲᠡ ᠶᠢ ᠬᠠᠯᠠᠮᠵᠢᠯᠠᠵᠦ ᠠᠷᠠᠯᠵᠢᠶᠠᠴᠢᠨ ᠤᠷᠢᠵᠤ ᠪᠡᠯᠡ | ᠣᠷᠣᠭᠤᠯᠬᠤ᠂ ᠠᠷᠠᠯᠵᠢᠶᠠᠨ ᠤ ᠣᠷᠴᠢᠨ ᠨᠦᠬᠦᠴᠡᠯ ᠢ ᠡᠭᠦᠳᠬᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ | ᠠᠷᠠᠳ ᠤᠨ ᠠᠮᠢᠳᠤᠷᠠᠯ ᠳᠤ ᠪᠤᠳᠠᠳᠦ ᠠᠵᠢᠯ ᠬᠢᠬᠦ ᠵᠡᠷᠭᠡ ᠠᠵᠢᠯ ᠤᠨ ᠲᠣᠭᠤᠷᠢᠨ ᠳᠤ ᠪᠠᠶᠢᠴᠠᠭᠠᠨ ᠰᠤᠳᠤᠯᠤᠯᠲᠠ | ᠬᠢᠵᠤ ᠢᠳᠡᠪᠬᠢᠲᠠᠢ ᠰᠠᠨᠠᠯ ᠰᠠᠨᠠᠭᠤᠯᠭ᠎ᠠ ᠠᠷᠭ᠎ᠠ ᠪᠣᠳᠣᠯᠭ᠎ᠠ ᠪᠠᠨ ᠳᠡᠪᠰᠢᠭᠦᠯᠬᠦ ᠬᠡᠷᠡᠭᠲᠡᠢ ᠬᠡᠪᠡ᠃ | ᠡᠷᠳᠡᠨᠢᠪᠢᠯᠢᠭ ᠴᠢᠬᠤᠯᠠᠴᠢᠯᠠᠬᠤ ᠳᠤ ᠪᠠᠨ᠂ ᠡᠨᠡ ᠵᠢᠯ ᠪᠣᠯ ᠶᠡᠷᠦ ᠪᠤᠰᠤ ᠶᠢᠨ ᠨᠢᠭᠡ ᠵᠢᠯ᠂ ᠮᠥᠨ ᠴᠦ ᠠᠵᠠ | ᠲᠣᠬᠢᠶᠠᠯ ᠪᠣᠯᠣᠨ ᠥᠷᠢᠰᠦᠯᠳᠡᠭᠡᠨ ᠲᠠᠢ ᠨᠢᠭᠡ ᠵᠢᠯ ᠪᠣᠯᠬᠤ ᠶᠤᠮ᠃ ᠰᠢᠨ᠎ᠡ ᠲᠢᠳᠢᠮᠯᠢᠭ ᠠᠭᠤᠰᠬᠢᠨ ᠥᠷᠪᠢᠰᠦᠯ ᠤᠨ | ᠬᠢᠵᠢᠭ ᠤᠨ ᠪᠠᠶᠢᠳᠠᠯ ᠬᠡᠨᠡᠳᠲᠡ ᠡᠭᠦᠰᠬᠦ ᠪᠠᠷ ᠪᠦᠬᠦ ᠬᠤᠰᠢᠭᠤᠨ ᠤ ᠠᠷᠠᠳ ᠲᠥᠮᠡᠨ ᠪᠥᠯᠬᠦᠮᠳᠡᠨ ᠨᠢᠭᠲᠠᠷᠠᠵᠤ | ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ ᠨᠠᠷᠢᠯᠢᠭ ᠣᠨᠣᠪᠴᠢᠲᠠᠢ ᠪᠠᠷ ᠠᠷᠭ᠎ᠠ ᠪᠣᠳᠣᠯᠭ᠎ᠠ ᠬᠡᠷᠡᠭᠵᠢᠭᠦᠯᠦᠭᠰᠡᠨ ᠠᠴᠠ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠣᠯᠣᠨ ᠠᠵᠢᠯ ᠦᠢᠯᠡᠳᠪᠦᠷᠢᠯᠡᠯ ᠤᠨ ᠰᠡᠷᠭᠦᠯᠲᠡ ᠶᠢᠨ ᠲᠠᠯ᠎ᠠ ᠪᠠᠷ | ᠱᠠᠲᠤᠴᠢ ᠴᠢᠨᠠᠷᠲᠠᠢ ᠠᠮᠵᠢᠯᠲᠠ ᠶᠢ ᠣᠯᠪᠠ᠃ ᠬᠢᠵᠢᠭ ᠤᠨ ᠪᠠᠶᠢᠳᠠᠯ ᠬᠡᠳᠦᠶᠢᠪᠡᠷ ᠠᠵᠤ ᠠᠬᠤᠢ ᠨᠡᠶᠢᠬᠡᠮ ᠤᠨ | ᠬᠥᠭᠵᠢᠯᠲᠡ ᠳᠤ ᠠᠳᠠᠯᠢ ᠪᠤᠰᠤ ᠬᠡᠮᠵᠢᠶᠡᠨ ᠤ ᠨᠥᠯᠦᠭᠡᠯᠡᠯ ᠢ ᠠᠪᠴᠢᠷᠠᠭᠰᠠᠨ ᠴᠦ ᠡᠭᠦᠨ ᠤ ᠳᠠᠭᠠᠦ ᠳᠤ ᠪᠠᠰᠠ ᠠᠵᠠ | ᠲᠣᠬᠢᠶᠠᠯ ᠢ ᠠᠪᠴᠢᠷᠠᠭᠰᠠᠨ ᠪᠠᠶᠢᠨ᠎ᠠ᠃ ᠠᠵᠤ ᠠᠬᠤᠶᠢᠯᠠᠯ ᠤᠨ ᠴᠠᠷᠠᠭᠠᠨ ᠤ ᠭᠡᠰᠢᠭᠦᠳ ᠲᠦᠷᠦ ᠶᠢᠨ ᠪᠣᠳᠣᠯᠭ᠎ᠠ ᠶᠢᠨ | ᠠᠵᠠ ᠲᠣᠬᠢᠶᠠᠯ ᠢ ᠠᠳᠬᠤᠨ ᠬᠦᠴᠢᠷᠳᠡᠯ ᠢ ᠢᠯᠠᠨ ᠳᠠᠪᠠᠵᠤ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ | ᠳᠠᠪᠠᠭᠤᠯᠢᠭ ᠢ ᠲᠦᠷᠭᠡᠳᠬᠡᠨ ᠪᠤᠢ ᠪᠤᠯᠭᠠᠬᠤ ᠬᠡᠷᠡᠭᠲᠡᠢ᠃ ᠰᠢᠨ᠎ᠡ ᠲᠢᠳᠢᠮᠯᠢᠭ ᠠᠭᠤᠰᠬᠢᠨ ᠥᠷᠪᠢᠰᠦᠯ ᠤᠨ | ᠬᠢᠵᠢᠭ ᠤᠨ ᠪᠠᠶᠢᠳᠠᠯ ᠤᠨ ᠰᠡᠷᠭᠡᠶᠢᠯᠡᠯᠲᠡ ᠪᠣᠯᠣᠨ ᠠᠵᠤ ᠠᠬᠤᠢ ᠨᠡᠶᠢᠬᠡᠮ ᠤᠨ ᠬᠥᠭᠵᠢᠯᠲᠡ ᠶᠢ ᠦᠷᠭᠦᠯᠵᠢᠯᠡᠨ | ᠨᠢᠭᠡᠳᠦᠯᠲᠠᠢ ᠲᠥᠯᠦᠪᠵᠢᠭᠦᠯᠦᠨ ᠠᠬᠢᠭᠤᠯᠵᠤ ︽ᠬᠤᠶᠠᠷ ᠲᠠᠯ᠎ᠠ ᠪᠠᠷ ᠴᠢᠩᠭ᠎ᠠ ᠠᠳᠬᠤᠬᠤ︾ ᠶᠢ ᠦᠨᠡᠨᠬᠦ | ᠪᠡᠶᠡᠯᠡᠭᠦᠯᠬᠦ ᠬᠡᠷᠡᠭᠲᠡᠢ ᠭᠡᠵᠡᠢ᠃ | ᠡᠷᠳᠡᠨᠢᠪᠢᠯᠢᠭ ᠴᠢᠬᠤᠯᠠᠴᠢᠯᠠᠬᠤ ᠳᠤ ᠪᠠᠨ᠂ ᠮᠠᠨ ᠤ ᠬᠤᠰᠢᠭᠤᠨ ᠤ ᠬᠥᠭᠵᠢᠯᠲᠡ ᠶᠢᠨ ᠲᠠᠪᠠᠭᠤᠯᠢᠭ ᠳᠡᠭᠡᠷ᠎ᠡ | ᠰᠠᠭᠤᠷᠢᠯᠠᠵᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ︽ᠭᠤᠷᠪᠠᠨ ᠶᠡᠭᠡ ᠪᠣᠭᠤᠮᠲᠠ ᠰᠢᠪᠲᠤᠯᠬᠤ | ᠳᠠᠶᠢᠯᠠᠯᠳᠤᠭᠠᠨ︾᠂ ᠬᠥᠳᠡᠭᠡ ᠲᠤᠰᠬᠤᠨ ᠢ ᠬᠥᠭᠵᠢᠭᠦᠯᠦᠨ ᠮᠠᠨᠳᠤᠭᠤᠯᠬᠤ ᠪᠣᠯᠣᠨ ᠠᠵᠢᠯ ᠣᠯᠭᠤᠯᠲᠠ᠂ ᠰᠤᠷᠭᠠᠨ | ᠬᠦᠮᠦᠵᠢᠯ᠂ ᠨᠡᠶᠢᠬᠡᠮ ᠤᠨ ᠪᠠᠲᠤᠯᠠᠭ᠎ᠠ᠂ ᠰᠤᠶᠤᠯ᠂ ᠡᠷᠡᠭᠦᠯ ᠬᠠᠮᠠᠭᠠᠯᠠᠯ ᠵᠡᠷᠭᠡ ᠬᠦᠷᠢᠶ᠎ᠡ ᠴᠠᠷᠠᠭᠠᠨ ᠳᠠᠬᠢ ᠠᠷᠠᠳ ᠤᠨ | ᠠᠮᠢᠳᠤᠷᠠᠯ ᠤᠨ ᠠᠵᠢᠯ ᠢ ᠪᠦᠬᠦ ᠬᠦᠴᠦᠨ ᠢᠶᠠᠷ ᠠᠳᠬᠤᠨ ᠪᠦᠬᠦ ᠤᠯᠤᠰ ᠤᠨ ᠬᠤᠰᠢᠭᠤ ᠰᠢᠶᠡᠨ ᠤ ᠳᠡᠰ ᠤᠨ | ᠪᠤᠯᠪᠠᠰᠤᠨ ᠬᠤᠲᠠ ᠶᠢ ᠬᠦᠴᠦᠯᠡᠨ ᠪᠠᠶᠢᠭᠤᠯᠵᠤ ᠤᠳᠦ ᠥᠶ᠎ᠡ ᠶᠢᠨ ᠡᠨᠧᠷᠭᠢ ᠶᠢᠨ ᠠᠵᠤ ᠠᠬᠤᠢ ᠶᠢᠨ | ᠬᠥᠭᠵᠢᠯᠲᠡ ᠶᠢ ᠭᠤᠣᠯᠳᠠᠯᠭᠠᠲᠠᠢ ᠰᠠᠶᠢᠲᠤᠷ ᠬᠢᠵᠤ ᠤᠳᠤ ᠦᠶ᠎ᠡ ᠶᠢᠨ ᠨᠡᠭᠦᠷᠡᠰᠦ ᠬᠢᠮᠢ ᠶᠢᠨ ᠠᠵᠤ ᠠᠬᠤᠢ᠂ | ᠪᠣᠬᠢᠷᠳᠤᠯ ᠦᠭᠡᠢ ᠡᠨᠧᠷᠭᠢ ᠶᠢᠨ ᠠᠵᠤ ᠦᠢᠯᠡᠰ ᠢ ᠬᠦᠴᠦᠯᠡᠨ ᠪᠠᠶᠢᠭᠤᠯᠵᠤ ᠬᠤᠶᠠᠳᠤᠭᠠᠷ ᠠᠵᠤ ᠦᠢᠯᠡᠰ ᠢᠶᠠᠷ | ᠲᠤᠯᠭᠠᠭᠤᠷᠢᠯᠠᠨ ᠨᠢᠭᠡᠳᠦᠭᠡᠷ ᠠᠵᠤ ᠦᠢᠯᠡᠰ ᠢᠶᠠᠷ ᠰᠠᠭᠤᠷᠢ ᠪᠣᠯᠭᠠᠨ ᠭᠤᠷᠪᠠᠳᠤᠭᠠᠷ ᠠᠵᠤ ᠦᠢᠯᠡᠰ ᠢᠶᠠᠷ | ᠬᠥᠳᠡᠯᠭᠡᠭᠴᠢ ᠬᠦᠴᠦᠨ ᠪᠣᠯᠭᠠᠭᠰᠠᠨ ᠨᠢᠭᠡ ᠬᠤᠶᠠᠷ ᠭᠤᠷᠪᠠᠳᠤᠭᠠᠷ ᠠᠵᠤ ᠦᠢᠯᠡᠰ ᠠᠭᠤᠰᠤᠯᠴᠠᠭᠰᠠᠨ ᠵᠢᠱᠢᠶ᠎ᠡ | ᠦᠵᠡᠭᠦᠯᠬᠦ ᠬᠥᠭᠵᠢᠯᠲᠡ ᠶᠢᠨ ᠪᠠᠶᠢᠳᠠᠯ ᠢ ᠲᠦᠷᠭᠡᠳᠬᠡᠨ ᠪᠠᠶᠢᠭᠤᠯᠵᠤ ᠠᠮᠢ ᠠᠬᠤᠢ ᠶᠢ ᠲᠡᠷᠢᠭᠦᠨ ᠳᠤ ᠳᠠᠯᠪᠢᠭᠰᠠᠨ᠂ | ᠪᠣᠬᠢᠷᠳᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠨᠣᠮᠢᠨ ᠲᠠᠩᠰᠤᠭ ᠬᠥᠭᠵᠢᠨ | ᠮᠠᠨᠳᠤᠯᠲᠠ ᠶᠢᠨ ᠵᠠᠮ ᠢ ᠴᠢᠷᠮᠠᠶᠢᠨ ᠡᠭᠦᠳᠬᠦ ᠬᠡᠷᠡᠭᠲᠡᠢ ᠭᠡᠰᠡᠨ ᠪᠠᠶᠢᠨ᠎ᠠ᠃ | | | | | | | ᠨᠢᠬᠡᠳᠦᠬᠡᠷ ᠶᠠᠷᠢᠯᠴᠠᠬᠤ ᠳᠣᠭᠤᠶᠢᠯᠠᠩ᠄ | ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ ᠵᠣᠬᠢᠶᠠᠨ ᠪᠠᠶᠢᠭᠤᠯᠬᠤ ᠬᠡᠯᠳᠡᠰ ᠤᠨ ᠳᠠᠷᠤᠭ᠎ᠠ | ᠰᠣ᠋ ᠰᠢᠨ ᠹᠠ᠂ ᠣᠯᠣᠰ ᠳᠦᠷᠦ ᠶᠢᠨ ᠵᠦᠪᠯᠡᠯᠬᠡᠨ ᠤ ᠳᠡᠳ᠋ ᠳᠡᠷᠢᠬᠦᠯᠡᠭᠴᠢ ᠯᠧᠢ · ᠬᠠᠰ ᠨᠢᠬᠡᠳᠦᠬᠡᠷ ᠶᠠᠷᠢᠯᠴᠠᠬᠤ | ᠳᠣᠭᠤᠶᠢᠯᠠᠩ ᠤᠨ ᠬᠤᠷᠠᠯ ᠳᠤ ᠣᠷᠣᠯᠴᠠᠪᠠ᠃ | ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠳ ᠢᠳᠡᠪᠬᠢᠲᠡᠢ ᠰᠠᠨᠠᠯ ᠰᠠᠨᠠᠭᠤᠯᠭ᠎ᠠ ᠪᠠᠨ ᠳᠣᠷᠠᠳᠴᠦ ᠡᠯ᠎ᠡ | ᠠᠵᠢᠯ ᠤᠨ ᠮᠡᠳᠡᠬᠦᠯᠦᠯᠲᠡ ᠶᠢᠨ ᠠᠭᠤᠯᠭ᠎ᠠ ᠨᠢ ᠦᠨᠡᠨ ᠪᠣᠳᠠᠳᠠᠢ᠂ ᠴᠡᠪᠡᠷ ᠳᠣᠳᠣ ᠰᠡᠳᠬᠢᠮᠵᠢ ᠲᠠᠢ᠂ ᠣᠷᠢᠶᠠᠯᠠᠭ᠎ᠠ | ᠶᠢᠨ ᠬᠦᠴᠦᠨ ᠪᠠ ᠨᠢᠭᠳᠠᠷᠠᠯ ᠤᠨ ᠬᠦᠴᠦᠨ ᠢᠶᠠᠷ ᠴᠢᠩᠭ᠎ᠠ ᠪᠠᠶᠢᠨ᠎ᠠ ᠬᠡᠵᠦ ᠢᠯᠡᠷᠬᠡᠶᠢᠯᠡᠭᠰᠡᠨ ᠪᠠᠶᠢᠨ᠎ᠠ᠃ | ᠬᠤᠷᠠᠯ ᠠᠴᠠ ᠵᠢᠭᠠᠬᠤ ᠳᠠᠭᠠᠨ᠂ ᠡᠯ᠎ᠡ ᠱᠠᠳᠣ ᠡᠯ᠎ᠡ ᠬᠦᠷᠢᠶ᠎ᠡ ᠴᠠᠷᠠᠭᠠᠨ ᠤ ᠨᠠᠮ ᠤᠨ ᠵᠣᠬᠢᠶᠠᠨ | ᠪᠠᠶᠢᠭᠤᠯᠣᠯᠲᠠ ᠴᠢᠨᠠᠷ ᠰᠠᠶᠢᠳᠠᠢ ᠨᠣᠮᠢᠨ ᠳᠠᠩᠰᠤᠭ ᠬᠦᠭᠵᠢᠯᠳᠡ ᠶᠢ ᠠᠬᠢᠭᠤᠯᠬᠤ ᠳᠣᠮᠳᠠ ᠣᠯᠣᠰ ᠳᠦᠷᠦ ᠶᠢᠨ | ᠣᠳᠣᠷᠢᠳᠬᠤ ᠬᠦᠴᠦᠨ᠂ ᠦᠵᠡᠯ ᠰᠠᠨᠠᠭᠠᠨ ᠤ ᠬᠦᠳᠦᠯᠦᠨ ᠵᠢᠯᠣᠭᠤᠳᠬᠤ ᠬᠦᠴᠦᠨ᠂ ᠣᠯᠠᠨ ᠳᠦᠮᠡᠨ ᠢ ᠵᠣᠬᠢᠶᠠᠨ | ᠪᠠᠶᠢᠭᠤᠯᠬᠤ ᠬᠦᠴᠦᠨ᠂ ᠨᠡᠶᠢᠬᠡᠮ ᠢ ᠳᠠᠶᠢᠴᠢᠯᠠᠨ ᠣᠷᠢᠶᠠᠯᠠᠬᠤ ᠬᠦᠴᠦᠨ ᠢ ᠬᠦᠢᠴᠡᠳ ᠪᠠᠳᠠᠷᠠᠭᠤᠯᠵᠦ ᠳᠣᠰᠬᠠᠢ | ᠰᠡᠳᠣᠪ ᠤᠨ ᠪᠠᠶᠢᠴᠠᠭᠠᠨ ᠰᠣᠳᠣᠯᠣᠯᠲᠠ᠂ ᠰᠢᠯᠭᠠᠨ ᠦᠨᠡᠯᠡᠯᠲᠡ᠂ ᠠᠷᠠᠳᠴᠢᠯᠠᠯ ᠤᠨ ᠬᠢᠨᠠᠨ ᠪᠠᠶᠢᠴᠠᠭᠠᠯᠲᠠ ᠪᠠᠷ | ᠳᠠᠮᠵᠢᠨ ᠨᠡᠩ ᠣᠯᠠᠨ ᠰᠠᠨᠠᠯ ᠰᠠᠨᠠᠭᠤᠯᠭ᠎ᠠ ᠳᠣᠷᠠᠳᠴᠦ ᠮᠠᠨ ᠤ ᠬᠤᠰᠢᠭᠤᠨ ᠤ ᠴᠢᠨᠠᠷ ᠰᠠᠶᠢᠳᠠᠢ ᠬᠦᠭᠵᠢᠯᠳᠡ ᠶᠢ | ᠠᠬᠢᠭᠤᠯᠬᠤ ᠪᠠ ᠨᠣᠮᠢᠨ ᠳᠠᠩᠰᠤᠭ ᠬᠦᠭᠵᠢᠨ ᠮᠠᠨᠳᠣᠯᠳᠠ ᠶᠢ ᠪᠡᠶᠡᠯᠡᠬᠦᠯᠬᠦ ᠳᠤ ᠬᠤᠪᠢ ᠨᠡᠮᠡᠷᠢ ᠪᠠᠨ ᠦᠵᠡᠬᠦᠯᠦᠰᠦᠬᠡᠢ | ᠬᠡᠪᠡ᠃ | | | | | | | ᠬᠤᠶᠠᠳᠣᠭᠠᠷ ᠶᠠᠷᠢᠯᠴᠠᠬᠤ ᠳᠣᠭᠤᠶᠢᠯᠠᠩ᠄ | ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠣᠬᠠᠭᠤᠯᠬᠤ ᠬᠡᠯᠳᠡᠰ ᠤᠨ ᠳᠠᠷᠤᠭ᠎ᠠ ᠹᠧᠩ | ᡁᠢ ᠮᠢᠩ᠂ ᠣᠯᠣᠰ ᠳᠦᠷᠦ ᠶᠢᠨ ᠵᠦᠪᠯᠡᠯᠬᠡᠨ ᠤ ᠳᠡᠳ᠋ ᠳᠡᠷᠢᠬᠦᠯᠡᠭᠴᠢ ᠯᠢ᠊ ᠵᠢᠷᠣᠮᠲᠣ ᠬᠤᠶᠠᠳᠣᠭᠠᠷ ᠶᠠᠷᠢᠯᠴᠠᠬᠤ | ᠳᠣᠭᠤᠶᠢᠯᠠᠩ ᠤᠨ ᠬᠤᠷᠠᠯ ᠳᠤ ᠣᠷᠣᠯᠴᠠᠪᠠ᠃ | ᠬᠤᠷᠠᠯ ᠳᠡᠭᠡᠷ᠎ᠡ᠂ ᠣᠯᠣᠰ ᠳᠦᠷᠦ ᠶᠢᠨ ᠵᠦᠪᠯᠡᠯᠬᠡᠨ ᠤ ᠬᠡᠰᠢᠬᠦᠳ ᠪᠣᠳᠠᠳᠣ ᠠᠵᠢᠯ ᠲᠠᠢ ᠪᠠᠨ | ᠣᠶᠠᠯᠳᠣᠭᠤᠯᠣᠨ ᠮᠠᠯᠵᠢᠬᠤ ᠳᠠᠷᠢᠶᠠᠯᠠᠬᠤ ᠣᠷᠣᠨ ᠤ ᠵᠠᠮ ᠵᠠᠰᠠᠬᠤ᠂ ᠡᠯ᠎ᠡ ᠰᠣᠮᠣ ᠪᠠᠯᠭᠠᠰᠣᠨ ᠤ ᠣᠯᠠᠨ ᠨᠡᠶᠢᠳᠡ | ᠶᠢᠨ ᠰᠣᠶᠣᠯ ᠤᠨ ᠦᠢᠯᠡᠴᠢᠯᠡᠬᠡᠨ ᠤ ᠪᠦᠲᠦᠬᠡᠨ ᠪᠠᠶᠢᠭᠤᠯᠣᠯᠲᠠ ᠶᠢ ᠴᠢᠩᠭᠠᠳᠬᠠᠬᠤ᠂ ᠰᠢᠷᠬᠤᠰᠣᠨ ᠭᠤᠣᠯ ᠤᠨ | ᠰᠠᠪᠠ ᠭᠠᠵᠠᠷ ᠤᠨ ᠨᠡᠷᠡᠲᠤ ᠠᠮᠢ ᠠᠬᠤᠢ ᠶᠢᠨ ᠬᠠᠮᠠᠭᠠᠯᠠᠯᠳᠠ ᠶᠢᠨ ᠠᠵᠢᠯ ᠢ ᠠᠬᠢᠭᠤᠯᠬᠤ᠂ ᠭᠠᠵᠠᠷ ᠣᠷᠣᠨ ᠤ | ᠣᠯᠠᠨ ᠨᠡᠶᠢᠳᠡ ᠶᠢᠨ ᠬᠡᠷᠡᠭᠯᠡᠬᠡᠨ ᠤ ᠰᠣᠶᠣᠯ ᠤᠨ ᠳᠡᠮᠳᠡᠭ ᠢ ᠡᠬᠦᠳᠦᠨ ᠪᠠᠶᠢᠭᠤᠯᠬᠤ ᠵᠡᠷᠭᠡ ᠳᠠᠯ᠎ᠠ ᠪᠠᠷ ᠰᠠᠨᠠᠯ | ᠰᠠᠨᠠᠭᠤᠯᠭ᠎ᠠ ᠳᠣᠷᠠᠳᠣᠭᠰᠠᠨ ᠪᠠᠶᠢᠨ᠎ᠠ᠃ | ᠳᠡᠳᠡ ᠢᠯᠡᠷᠬᠡᠶᠢᠯᠡᠬᠦ ᠳᠡᠭᠡᠨ᠂ ᠬᠤᠰᠢᠭᠤ ᠵᠠᠰᠠᠭ ᠤᠨ ᠣᠷᠳᠣᠨ ᠤ ᠠᠵᠢᠯ ᠪᠠ ᠣᠯᠠᠨ ᠳᠦᠮᠡᠨ ᠤ | ᠬᠠᠯᠠᠮᠰᠢᠯ ᠠᠰᠠᠭᠤᠳᠠᠯ ᠤᠨ ᠳᠣᠭᠤᠷᠢᠨ ᠳᠤ ᠣᠯᠣᠰ ᠳᠦᠷᠦ ᠶᠢᠨ ᠵᠦᠪᠯᠡᠯᠬᠡ ᠬᠢᠬᠦ᠂ ᠠᠷᠠᠳᠴᠢᠯᠠᠯ ᠢᠶᠠᠷ ᠬᠢᠨᠠᠯᠳᠠ | ᠳᠠᠯᠪᠢᠬᠤ᠂ ᠵᠠᠰᠠᠭ ᠤᠨ ᠶᠠᠪᠣᠳᠠᠯ ᠳᠤ ᠣᠷᠣᠯᠴᠠᠨ ᠳᠦᠷᠦ ᠶᠢᠨ ᠬᠡᠷᠡᠭ ᠢ ᠵᠦᠪᠯᠡᠬᠦ ᠳᠣᠰᠢᠶᠠᠯ ᠬᠠᠷᠢᠭᠤᠴᠠᠯᠭ᠎ᠠ ᠪᠠᠨ | ᠨᠠᠷᠢᠨ ᠬᠢᠨᠠᠮᠠᠭᠠᠢ ᠪᠡᠶᠡᠯᠡᠬᠦᠯᠵᠦ ᠢᠳᠡᠪᠬᠢᠲᠡᠢ ᠪᠠᠷ ᠰᠠᠨᠠᠯ ᠰᠠᠨᠠᠭᠤᠯᠭ᠎ᠠ ᠳᠣᠷᠠᠳᠴᠦ ᠵᠠᠰᠠᠭ ᠤᠨ ᠣᠷᠳᠣᠨ ᠤ ᠠᠵᠢᠯ | ᠤᠨ ᠬᠠᠷᠠᠯᠳᠠ ᠪᠠ ᠰᠢᠨ᠎ᠡ ᠴᠠᠭ ᠦᠶ᠎ᠡ ᠶᠢᠨ ᠨᠣᠮᠢᠨ ᠳᠠᠩᠰᠤᠭ ᠦᠦᠰᠢᠨ ᠤ ᠴᠢᠨᠠᠷ ᠰᠠᠶᠢᠳᠠᠢ ᠬᠦᠭᠵᠢᠯᠳᠡ ᠶᠢ | ᠪᠡᠶᠡᠯᠡᠬᠦᠯᠬᠦ ᠳᠤ ᠬᠤᠪᠢ ᠨᠡᠮᠡᠷᠢ ᠦᠵᠡᠬᠦᠯᠦᠨ᠎ᠡ ᠬᠡᠪᠡ᠃ | | | | | | | ᠭᠤᠷᠪᠠᠳᠣᠭᠠᠷ ᠶᠠᠷᠢᠯᠴᠠᠬᠤ ᠳᠣᠭᠤᠶᠢᠯᠠᠩ᠄ | ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ ᠬᠤᠰᠢᠭᠤ ᠳᠡᠳ᠋ ᠳᠠᠷᠤᠭ᠎ᠠ ᠯᠢ ᠵᠦᠩ ᠯᠢᠨ᠂ | ᠣᠯᠣᠰ ᠳᠦᠷᠦ ᠶᠢᠨ ᠵᠦᠪᠯᠡᠯᠬᠡᠨ ᠤ ᠳᠡᠳ᠋ ᠳᠡᠷᠢᠬᠦᠯᠡᠭᠴᠢ ᠸᠠᠩ ᠭᠠᠩ ᠭᠤᠷᠪᠠᠳᠣᠭᠠᠷ ᠶᠠᠷᠢᠯᠴᠠᠬᠤ ᠳᠣᠭᠤᠶᠢᠯᠠᠩ ᠤᠨ | ᠬᠤᠷᠠᠯ ᠳᠤ ᠣᠷᠣᠯᠴᠠᠪᠠ᠃ | ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠳ ᠣᠯᠣᠰ ᠳᠦᠷᠦ ᠶᠢᠨ ᠵᠦᠪᠯᠡᠯᠬᠡᠨ ᠤ ᠪᠠᠶᠢᠩᠭᠤ ᠶᠢᠨ | ᠬᠤᠷᠢᠶ᠎ᠠ ᠶᠢᠨ ᠠᠵᠢᠯ ᠤᠨ ᠮᠡᠳᠡᠬᠦᠯᠦᠯᠲᠡ ᠪᠠ ᠰᠠᠨᠠᠯ ᠳᠣᠷᠠᠳᠣᠯᠭ᠎ᠠ ᠶᠢᠨ ᠠᠵᠢᠯ ᠤᠨ ᠮᠡᠳᠡᠬᠦᠯᠦᠯᠲᠡ ᠶᠢᠨ ᠳᠣᠭᠤᠷᠢᠨ | ᠳᠤ ᠮᠠᠨ ᠤ ᠬᠤᠰᠢᠭᠤᠨ ᠤ ᠣᠷᠴᠢᠨ ᠳᠣᠭᠤᠷᠢᠨ ᠤ ᠡᠷᠡᠬᠦᠯ ᠬᠠᠮᠠᠭᠠᠯᠠᠯ ᠤᠨ ᠴᠡᠭᠴᠡᠯᠡᠯᠳᠡ᠂ ᠬᠠᠭᠤᠴᠢᠨ ᠣᠷᠣᠨ | ᠰᠠᠭᠤᠴᠠ ᠶᠢᠨ ᠦᠭᠡᠷᠡᠴᠢᠯᠡᠯᠳᠡ᠂ ᠠᠷᠠᠳ ᠠᠴᠠ ᠡᠷᠬᠢᠯᠡᠭᠰᠡᠨ ᠬᠡᠤᠭᠡᠳ ᠤᠨ ᠴᠡᠴᠡᠷᠯᠢᠭ ᠤᠨ ᠬᠦᠭᠵᠢᠯᠳᠡ᠂ | ᠬᠦᠳᠡᠭᠡ ᠳᠣᠰᠬᠤᠨ ᠤ ᠵᠢᠭᠤᠯᠴᠢᠯᠠᠯ᠂ ᠢᠳᠡᠭᠡᠨ ᠡᠮ ᠤᠨ ᠵᠦᠢᠯᠡᠰ ᠤᠨ ᠠᠮᠣᠷ ᠳᠦᠪᠰᠢᠨ ᠵᠡᠷᠭᠡ ᠳᠠᠯ᠎ᠠ ᠠᠴᠠ | ᠢᠳᠡᠪᠬᠢᠲᠡᠢ ᠰᠠᠨᠠᠯ ᠰᠠᠨᠠᠭᠤᠯᠭ᠎ᠠ ᠳᠣᠷᠠᠳᠴᠦ ᠳᠣᠰᠢᠶᠠᠯ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠬᠦᠢᠴᠡᠳᠬᠡᠨ | ᠪᠣᠳᠠᠳᠣ ᠦᠢᠯᠡᠳᠦᠯᠬᠡ ᠪᠠᠷ ᠢᠶᠠᠨ ᠮᠠᠨ ᠤ ᠬᠤᠰᠢᠭᠤᠨ ᠤ ᠴᠢᠨᠠᠷ ᠰᠠᠶᠢᠳᠠᠢ ᠬᠦᠭᠵᠢᠯᠳᠡ ᠳᠤ ᠬᠦᠴᠦᠨ ᠨᠡᠮᠡᠷᠢᠯᠡᠨ᠎ᠡ | ᠬᠡᠵᠦ ᠢᠯᠡᠷᠬᠡᠶᠢᠯᠡᠭᠰᠡᠨ ᠪᠠᠶᠢᠨ᠎ᠠ᠃ | | | | | | | ᠲᠦᠷᠪᠡᠳᠦᠬᠡᠷ ᠶᠠᠷᠢᠯᠴᠠᠬᠤ ᠳᠣᠭᠤᠶᠢᠯᠠᠩ᠄ | ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ ᠨᠢᠭᠡᠳᠦᠮᠡᠯ ᠹᠷᠣᠨᠲ ᠤᠨ ᠬᠡᠯᠳᠡᠰ ᠤᠨ | ᠳᠠᠷᠤᠭ᠎ᠠ ᠠᠯᠳᠠᠨᠲᠤᠶᠠᠭᠠ᠂ ᠣᠯᠣᠰ ᠲᠦᠷᠦ ᠶᠢᠨ ᠵᠦᠪᠯᠡᠯᠭᠡᠨ ᠤ ᠳᠡᠳ᠋ ᠲᠡᠷᠢᠬᠦᠯᠡᠭᠴᠢ ᠣᠶᠣᠨᠪᠢᠯᠢᠭ᠌ ᠲᠦᠷᠪᠡᠳᠦᠬᠡᠷ | ᠶᠠᠷᠢᠯᠴᠠᠬᠤ ᠳᠣᠭᠤᠶᠢᠯᠠᠩ ᠤᠨ ᠬᠤᠷᠠᠯ ᠳᠤ ᠣᠷᠣᠯᠴᠠᠪᠠ᠃ | ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠳ ᠪᠠᠭᠰᠢ ᠶᠢᠨ ᠲᠤᠰᠬᠠᠢ ᠮᠡᠷᠭᠡᠵᠢᠯ ᠤᠨ ᠴᠢᠳᠠᠪᠤᠷᠢ ᠶᠢᠨ | ᠪᠣᠯᠪᠠᠰᠣᠷᠠᠯ᠂ ᠭᠡᠷ ᠪᠦᠯᠢ ᠶᠢᠨ ᠬᠦᠮᠦᠵᠢᠯ᠂ ᠠᠮᠢ ᠠᠬᠤᠢ ᠶᠢᠨ ᠬᠠᠮᠠᠭᠠᠯᠠᠯᠲᠠ᠂ ᠲᠠᠷᠢᠮᠠᠯ᠂ ᠬᠤᠤᠰ ᠬᠡᠯᠡᠨ ᠤ | ᠦᠢᠯᠡᠴᠢᠯᠡᠭᠡ᠂ ᠰᠤᠶᠤᠯ ᠤᠨ ᠣᠯᠠᠮᠵᠢᠯᠠᠯᠲᠠ᠂ ᠨᠤᠷᠠᠬᠤ ᠠᠶᠤᠯᠳᠠᠢ ᠭᠡᠷ ᠪᠠᠶᠢᠰᠢᠩ ᠢ ᠳᠠᠳᠠᠪᠤᠷᠢᠯᠠᠨ ᠬᠤᠷᠢᠶᠠᠬᠤ | ᠬᠠᠮᠢᠶ᠎ᠠ ᠪᠦᠬᠦᠢ ᠠᠰᠠᠭᠤᠳᠠᠯ᠂ ᠦᠨᠳᠦᠰᠦᠨ ᠱᠠᠲᠤᠨ ᠤ ᠠᠵᠢᠯᠳᠠᠨ ᠤ ᠴᠠᠯᠢᠩ ᠤᠯᠭᠤᠮᠵᠢ ᠵᠡᠷᠭᠡ ᠳᠠᠯ᠎ᠠ ᠠᠴᠠ | ᠰᠠᠨᠠᠯ ᠰᠠᠨᠠᠭᠤᠯᠭ᠎ᠠ ᠳᠣᠷᠠᠳᠣᠭᠰᠠᠨ ᠪᠠᠶᠢᠨ᠎ᠠ᠃ | ᠬᠤᠷᠠᠯ ᠠᠴᠠ ᠢᠯᠡᠷᠬᠡᠶᠢᠯᠡᠬᠦ ᠳᠡᠭᠡᠨ᠂ ᠬᠡᠰᠢᠬᠦᠳ ᠤᠨ ᠳᠣᠷᠠᠳᠣᠭᠰᠠᠨ ᠰᠠᠨᠠᠯ ᠰᠠᠨᠠᠭᠤᠯᠭ᠎ᠠ ᠪᠣᠳᠠᠳᠠᠢ ᠳᠤ | ᠨᠡᠶᠢᠴᠡᠭᠰᠡᠨ᠂ ᠠᠬᠤᠢ ᠪᠠᠶᠢᠳᠠᠯ ᠢ ᠳᠣᠰᠬᠠᠭᠰᠠᠨ ᠪᠠᠶᠢᠨ᠎ᠠ᠂ ᠬᠤᠷᠠᠯ ᠤᠨ ᠳᠠᠷᠠᠭ᠎ᠠ ᠡᠮᠬᠢᠳᠭᠡᠵᠦ ᠵᠣᠬᠢᠰᠳᠠᠢ | ᠰᠶᠢᠳᠪᠤᠷᠢᠯᠡᠨ᠎ᠡ ᠬᠡᠪᠡ᠃ | | |