ᠰᠢ ᠶᠢᠨ ᠫᠢᠩ ᠢᠷᠠᠨ ᠤ ᠶᠡᠷᠦᠩᠬᠡᠶᠢᠯᠡᠭᠴᠢ ᠯᠦᠬᠠᠨᠢ ᠲᠠᠢ ᠤᠳᠠᠰᠤ ᠪᠠᠷ ᠶᠠᠷᠢᠯᠴᠠᠪᠠ
ᠨᠡᠶᠢᠲᠡᠯᠡᠭᠰᠡᠨ ᠴᠠᠭ᠄
2020-04-29
     ᠰᠢᠨᠬᠤᠸᠠ ᠬᠤᠷᠢᠶᠠᠨ ᠤ ᠪᠡᠭᠡᠵᠢᠩ ᠤᠨ 4 ᠰᠠᠷ᠎ᠠ ᠶᠢᠨ 27 ᠤ ᠴᠠᠬᠢᠯᠭᠠᠨ ᠮᠡᠳᠡᠭᠡ ᠤᠯᠤᠰ ᠤᠨ ᠲᠡᠷᠢᠭᠦᠯᠡᠭᠴᠢ ᠰᠢ ᠶᠢᠨ ᠫᠢᠩ 27 ᠤ ᠤᠷᠤᠢ ᠢᠷᠠᠨ ᠤ ᠶᠡᠷᠦᠩᠬᠡᠶᠢᠯᠡᠭᠴᠢ ᠯᠦᠬᠠᠨᠢ ᠲᠠᠢ ᠤᠳᠠᠰᠤ ᠪᠠᠷ ᠶᠠᠷᠢᠯᠴᠠᠵᠠᠢ᠃      ᠰᠢ ᠶᠢᠨ ᠫᠢᠩ ᠳᠤᠮᠳᠠᠳᠤ ᠤᠯᠤᠰ ᠤᠨ ᠵᠠᠰᠠᠭ ᠤᠨ ᠤᠷᠳᠤᠨ ᠪᠤᠯᠤᠨ ᠳᠤᠮᠳᠠᠳᠤ ᠤᠯᠤᠰ ᠤᠨ ᠠᠷᠠᠳ ᠲᠦᠮᠡᠨ ᠤ ᠡᠮᠦᠨ᠎ᠠ ᠠᠴᠠ ᠢᠷᠠᠨ ᠤ ᠵᠠᠰᠠᠭ ᠤᠨ ᠤᠷᠳᠤᠨ ᠪᠤᠯᠤᠨ ᠢᠷᠠᠨ ᠤ ᠠᠷᠠᠳ ᠲᠦᠮᠡᠨ ᠰᠢᠨ᠎ᠠ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠲᠠᠢ ᠲᠡᠮᠡᠴᠡᠵᠤ ᠪᠠᠶᠢᠬᠤ ᠶᠢ ᠴᠢᠩ ᠰᠡᠳᠭᠢᠯ ᠠᠴᠠ ᠪᠠᠨ ᠲᠤᠬᠤᠨᠢᠭᠤᠯᠵᠤ ᠪᠠᠶᠢᠬᠤ ᠪᠠ ᠡᠷᠡᠰ ᠳᠡᠮᠵᠢᠵᠤ ᠪᠠᠶᠢᠬᠤ ᠪᠠᠨ ᠢᠯᠡᠳᠭᠡᠪᠡ᠃ ᠰᠢ ᠶᠢᠨ ᠫᠢᠩ᠂ ᠲᠤᠰ ᠤᠳᠠᠭ᠎ᠠ ᠶᠢᠨ ᠬᠢᠵᠢᠭ ᠲᠠᠢ ᠲᠡᠮᠡᠴᠡᠬᠦ ᠳᠠᠶᠢᠯᠠᠯᠳᠤᠭᠠᠨ ᠳᠤ ᠳᠤᠮᠳᠠᠳᠤ ᠢᠷᠠᠨ ᠬᠤᠶᠠᠷ ᠤᠯᠤᠰ ᠵᠢᠷᠭᠠᠯ ᠵᠤᠪᠠᠯᠠᠩ ᠢᠶᠠᠨ ᠬᠠᠮᠳᠤᠳᠬᠠᠵᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠨ᠂ ᠳᠤᠮᠳᠠᠳᠤ ᠢᠷᠠᠨ ᠬᠤᠶᠠᠷ ᠤᠯᠤᠰ ᠪᠤᠯᠤᠨ ᠬᠤᠶᠠᠷ ᠤᠯᠤᠰ ᠤᠨ ᠠᠷᠠᠳ ᠲᠦᠮᠡᠨ ᠤ ᠭᠦᠨ ᠵᠤᠵᠠᠭᠠᠨ ᠨᠦᠬᠦᠷᠯᠡᠯ ᠢ ᠭᠦᠢᠴᠡᠳ ᠬᠠᠷᠠᠭᠤᠯᠪᠠ᠃ ᠢᠷᠠᠨ ᠤ ᠠᠷᠠᠳ ᠲᠦᠮᠡᠨ ᠤ ᠬᠢᠵᠢᠭ ᠲᠠᠢ ᠲᠡᠮᠡᠴᠡᠵᠤ ᠪᠠᠶᠢᠬᠤ ᠳᠤ ᠳᠤᠮᠳᠠᠳᠤ ᠤᠯᠤᠰ ᠤᠨ ᠠᠷᠠᠳ ᠲᠦᠮᠡᠨ ᠮᠠᠰᠢ ᠰᠠᠨᠠᠭᠠᠰᠢᠷᠠᠵᠤ᠂ ᠢᠷᠠᠨ ᠳᠤ ᠤᠯᠠᠨ ᠤᠳᠠᠭ᠎ᠠ ᠬᠢᠵᠢᠭ ᠲᠠᠢ ᠲᠡᠮᠡᠴᠡᠬᠦ ᠡᠳ᠋ ᠪᠤᠳᠠᠰ ᠤᠨ ᠲᠤᠰᠠᠯᠠᠮᠵᠢ ᠬᠠᠩᠭᠠᠭᠰᠠᠨ ᠪᠦᠭᠡᠳ ᠡᠷᠬᠢᠮ ᠤᠯᠤᠰ ᠲᠤ ᠮᠠᠨ ᠤ ᠤᠯᠤᠰ ᠤᠨ ᠠᠩᠬᠠᠳᠠᠭᠴᠢ ᠭᠠᠳᠠᠭᠠᠳᠤ ᠳᠤ ᠬᠠᠨᠳᠤᠭᠤᠯᠤᠭᠰᠠᠨ ᠬᠢᠵᠢᠭ ᠲᠠᠢ ᠲᠡᠮᠡᠴᠡᠬᠦ ᠡᠮᠴᠢᠯᠡᠭᠡᠨ ᠤ ᠲᠤᠰᠬᠠᠢ ᠮᠡᠷᠭᠡᠵᠢᠯᠳᠡᠨ ᠤ ᠳᠤᠭᠤᠢᠢᠯᠠᠩ ᠲᠤᠮᠢᠯᠠᠪᠠ᠃ ᠳᠤᠮᠳᠠᠳᠤ ᠶᠢᠨ ᠲᠠᠯ᠎ᠠ ᠳᠤᠷᠠᠳᠠᠶ᠎ᠠ ᠦᠷᠭᠦᠯᠵᠢᠯᠡᠨ ᠢᠷᠠᠨ ᠤ ᠲᠠᠯ᠎ᠠ ᠯᠤᠭ᠎ᠠ ᠬᠢᠵᠢᠭ ᠲᠠᠢ ᠲᠡᠮᠡᠴᠡᠬᠦ ᠬᠠᠮᠳᠤᠷᠠᠯᠴᠠᠭ᠎ᠠ ᠪᠠᠨ ᠴᠢᠩᠭᠠᠳᠬᠠᠵᠤ᠂ ᠬᠢᠵᠢᠭ ᠲᠠᠢ ᠲᠡᠮᠡᠴᠡᠭᠰᠡᠨ ᠲᠤᠷᠰᠢᠯᠭ᠎ᠠ ᠪᠠᠨ ᠬᠤᠪᠢᠶᠠᠯᠴᠠᠵᠤ᠂ ᠴᠢᠳᠠᠯ ᠤᠨ ᠬᠢᠷᠢ ᠪᠠᠷ ᠢᠶᠠᠨ ᠬᠠᠪᠰᠤᠷᠤᠯᠭ᠎ᠠ ᠬᠠᠩᠭᠠᠨ᠎ᠠ᠃ ᠲᠠᠨ ᠤ ᠤᠳᠤᠷᠢᠳᠤᠯᠭ᠎ᠠ ᠳᠤᠤᠷ᠎ᠠ᠂ ᠢᠷᠠᠨ ᠤ ᠠᠷᠠᠳ ᠲᠦᠮᠡᠨ ᠯᠠᠪᠳᠠᠢ ᠬᠢᠵᠢᠭ ᠢ ᠢᠯᠠᠨ᠎ᠠ ᠭᠡᠳᠡᠭ ᠢ ᠢᠳᠡᠭᠡᠵᠤ ᠪᠠᠶᠢᠨ᠎ᠠ ᠭᠡᠵᠤ ᠵᠢᠭᠠᠵᠤ ᠭᠠᠷᠭᠠᠪᠠ᠃      ᠰᠢ ᠶᠢᠨ ᠫᠢᠩ᠂ ᠲᠤᠰ ᠤᠳᠠᠭ᠎ᠠ ᠶᠢᠨ ᠪᠦᠬᠦ ᠳᠡᠯᠡᠬᠡᠢ ᠶᠢᠨ ᠴᠢᠨᠠᠷᠳᠠᠢ ᠬᠦᠨᠳᠦ ᠶᠡᠭᠡ ᠭᠡᠨᠡᠳᠳᠡ ᠶᠢᠨ ᠤᠯᠠᠨ ᠨᠡᠶᠢᠳᠡ ᠶᠢᠨ ᠡᠷᠡᠭᠦᠯ ᠬᠠᠮᠠᠭᠠᠯᠠᠯ ᠤᠨ ᠬᠡᠷᠡᠭ ᠤᠨ ᠡᠮᠦᠨ᠎ᠠ᠂ ᠳᠡᠯᠡᠬᠡᠢ ᠨᠡᠶᠢᠳᠡ ᠪᠠᠷ ᠢᠶᠠᠨ ᠵᠤᠬᠢᠴᠠᠭᠤᠯᠤᠨ ᠬᠠᠮᠳᠤᠷᠠᠯᠴᠠᠬᠤ ᠪᠠᠨ ᠴᠢᠩᠭᠠᠳᠬᠠᠪᠠᠯ ᠰᠠᠶ᠋ᠢ ᠬᠢᠵᠢᠭ ᠢ ᠢᠯᠠᠬᠤ ᠬᠠᠮᠳᠤᠷᠠᠯ ᠬᠦᠴᠦᠨ ᠢ ᠪᠦᠷᠢᠯᠳᠦᠭᠦᠯᠵᠤ ᠴᠢᠳᠠᠨ᠎ᠠ᠃ ᠭᠠᠭᠴᠠ ᠲᠠᠯᠠᠲᠦ ᠵᠠᠯᠬᠠᠭᠠᠯ ᠨᠢ ᠢᠷᠠᠠ ᠪᠤᠯᠤᠨ ᠲᠡᠯᠡᠭᠡᠢ ᠨᠡᠶᠢᠳᠡ ᠶᠢᠨ ᠬᠢᠵᠢᠭ ᠲᠠᠢ ᠲᠡᠮᠡᠴᠡᠬᠦ ᠴᠢᠷᠮᠠᠶᠢᠯᠭ᠎ᠠ ᠶᠢ ᠬᠠᠷᠰᠢᠯᠠᠨ᠎ᠠ᠃ ᠲᠤᠮᠲᠠᠲᠤ ᠶᠢᠨ ᠲᠠᠯ᠎ᠠ ᠶᠢᠨ ᠬᠢᠨ ᠲᠤᠮᠲᠠᠲᠤ ᠢᠷᠠᠠ ᠤ ᠪᠦᠬᠦ ᠲᠠᠯ᠎ᠠ ᠶᠢᠨ ᠪᠠᠶᠢᠯᠲᠤᠬᠤ ᠪᠤᠲᠤᠯᠭ᠎ᠠ ᠶᠢᠨ ᠬᠠᠨᠢᠲᠠᠠ ᠤ ᠬᠠᠷᠢᠯᠴᠠᠭ᠎ᠠ ᠪᠠᠨ ᠡᠷᠡᠰ ᠬᠦᠭᠵᠢᠭᠦᠯᠵᠦ᠂ ᠢᠷᠠᠠ ᠤ ᠤᠯᠤᠰ ᠤᠨ ᠡᠷᠭᠡ ᠮᠡᠲᠡᠯ ᠪᠤᠯᠤᠨ ᠨᠡᠷ᠎ᠠ ᠬᠦᠨᠲᠦ ᠪᠠᠨ ᠬᠠᠮᠠᠭᠠᠯᠠᠬᠤ ᠶᠢ ᠡᠷᠡᠰ ᠲᠠᠮᠵᠢᠨ᠎ᠠ᠃ ᠲᠤᠮᠲᠠᠲᠤ ᠶᠢᠨ ᠲᠠᠯ᠎ᠠ ᠶᠢᠨ ᠬᠢᠨ ᠲᠤᠷᠠᠲᠠᠶ᠎ᠠ ᠢᠷᠠᠠ ᠵᠡᠷᠭᠡ ᠲᠡᠯᠡᠭᠡᠢ ᠨᠡᠶᠢᠳᠡ ᠶᠢᠨ ᠬᠢᠨ ᠲᠠᠢ ᠬᠠᠮᠲᠤ ᠪᠠᠷ᠂ ᠤᠯᠠᠠ ᠤᠯᠤᠰ ᠤᠨ ᠬᠢᠵᠢᠭ ᠲᠠᠢ ᠲᠡᠮᠡᠴᠡᠬᠦ ᠬᠠᠮᠲᠤᠷᠠᠯᠴᠠᠭ᠎ᠠ ᠪᠠᠨ ᠴᠢᠩᠭᠠᠳᠬᠠᠵᠦ᠂ ᠬᠢᠵᠢᠭ ᠲᠠᠢ ᠲᠡᠮᠡᠴᠡᠬᠦ ᠲᠡᠮᠡᠴᠡᠯ ᠤᠨ ᠡᠴᠤᠰ ᠤᠨ ᠢᠯᠠᠯᠲᠠ ᠶᠢ ᠤᠯᠬᠤ ᠪᠠᠷ ᠴᠢᠷᠮᠠᠶᠢᠵᠤ᠂ ᠲᠡᠯᠡᠭᠡᠢ ᠶᠢᠨ ᠤᠯᠠᠠ ᠨᠡᠶᠢᠲᠡ ᠶᠢᠨ ᠡᠷᠡᠭᠦᠯ ᠬᠠᠮᠠᠭᠠᠯᠠᠯ ᠤᠨ ᠠᠮᠤᠷ ᠲᠦᠪᠰᠢᠨ ᠢ ᠬᠠᠮᠠᠭᠠᠯᠠᠬᠤ ᠳᠤ ᠬᠤᠪᠢ ᠨᠡᠮᠡᠷᠢ ᠦᠵᠡᠭᠦᠯᠦᠨ᠎ᠠ ᠭᠡᠵᠦ ᠴᠢᠬᠤᠯᠠᠴᠢᠯᠠᠪᠠ᠃      ᠯᠦᠬᠠᠨᠢ᠂ ᠪᠢ ᠲᠤᠮᠲᠠᠲᠤ ᠶᠢᠨ ᠲᠠᠯ᠎ᠠ ᠶᠢᠨ ᠬᠢᠨ ᠬᠢᠵᠢᠭ ᠤᠨ ᠪᠠᠶᠢᠲᠠᠯ ᠢ ᠠᠮᠵᠢᠯᠲᠠ ᠲᠠᠢ ᠡᠵᠡᠮᠲᠡᠵᠦ ᠴᠢᠲᠠᠭᠰᠠᠠ ᠳᠤ ᠪᠠᠶᠠᠷᠯᠠᠵᠦ ᠪᠠᠶᠢᠨ᠎ᠠ᠂ ᠲᠤᠮᠲᠠᠲᠤ ᠶᠢᠨ ᠲᠠᠯ᠎ᠠ ᠶᠢᠨ ᠲᠤᠷᠰᠢᠯᠭ᠎ᠠ ᠶᠢ ᠡᠯ᠎ᠠ ᠤᠯᠤᠰ ᠲᠤᠯᠢᠳᠠᠭᠤᠰᠢᠳᠠᠢ ᠶᠤᠮ᠃ ᠬᠢᠵᠢᠭ ᠤᠨ ᠡᠮᠦᠨ᠎ᠠ᠂ ᠢᠷᠠᠠ ᠲᠤᠮᠲᠠᠲᠤ ᠬᠤᠶᠠᠷ ᠤᠯᠤᠰ ᠬᠠᠷᠢᠯᠴᠠᠠ ᠲᠡᠮᠵᠢᠵᠦ᠂ ᠬᠤᠶᠠᠷ ᠤᠯᠤᠰ ᠤᠨ ᠠᠷᠠᠳ ᠲᠦᠮᠡᠡ ᠤ ᠨᠦᠬᠦᠷᠯᠡᠯ ᠬᠦᠨᠵᠡᠭᠡᠶᠢᠷᠡᠵᠠᠢ᠃ ᠲᠤᠮᠲᠠᠲᠤ ᠶᠢᠨ ᠲᠠᠯ᠎ᠠ ᠶᠢᠨ ᠬᠢᠨ ᠤ ᠢᠷᠠᠠ ᠤ ᠠᠷᠠᠳ ᠲᠦᠮᠠᠠ ᠤ ᠬᠢᠵᠢᠭ ᠲᠠᠢ ᠲᠡᠮᠡᠴᠡᠬᠦ ᠳᠤ ᠳᠠᠷᠤᠢ ᠲᠦᠷᠭᠡᠨ ᠬᠤᠪᠤᠷ ᠨᠠᠠᠲᠢᠨ ᠡᠳ᠋ ᠪᠤᠲᠠᠰ ᠢᠶᠠᠷ ᠲᠤᠰᠠᠯᠠᠠ ᠲᠡᠮᠵᠢᠭᠰᠡᠡ ᠳᠤ ᠢᠷᠠᠠ ᠤ ᠬᠢᠨ ᠲᠦᠢᠯ ᠢᠶᠠᠷ ᠲᠠᠯᠠᠷᠬᠠᠵᠦ ᠪᠠᠶᠢᠨ᠎ᠠ᠂ ᠲᠤᠷᠠᠲᠠᠶ᠎ᠠ ᠲᠤᠮᠲᠠᠲᠤ ᠶᠢᠨ ᠲᠠᠯ᠎ᠠ ᠯᠤᠭ᠎ᠠ ᠡᠷᠡᠭᠦᠯ ᠬᠠᠮᠠᠭᠠᠯᠠᠯ ᠵᠡᠷᠭᠡ ᠬᠦᠷᠢᠶᠡᠠ ᠳᠠᠬᠢ ᠬᠠᠮᠲᠤᠷᠠᠯᠴᠠᠭ᠎ᠠ ᠪᠠᠨ ᠴᠢᠩᠭᠠᠳᠬᠠᠠ᠂ ᠬᠤᠶᠠᠷ ᠤᠯᠤᠰ ᠤᠨ ᠪᠠᠶᠢᠯᠲᠤᠬᠤ ᠪᠤᠲᠤᠯᠭ᠎ᠠ ᠶᠢᠨ ᠬᠠᠨᠢᠲᠠᠠ ᠤ ᠬᠠᠷᠢᠯᠴᠠᠭ᠎ᠠ ᠪᠠᠨ ᠴᠢᠨᠠᠭᠰᠢᠲᠠ ᠬᠦᠭᠵᠢᠭᠦᠯᠤᠨ᠎ᠠ᠃ ᠤᠲᠤᠬᠠᠠ ᠤ ᠪᠠᠶᠢᠲᠠᠯ ᠲᠤᠤᠷ᠎ᠠ᠂ ᠢᠷᠠᠠ ᠳᠤ ᠶᠠᠪᠤᠭᠤᠯᠵᠦ ᠪᠠᠶᠢᠭ᠎ᠠ ᠬᠠᠤᠯᠢ ᠪᠤᠰᠤ ᠭᠠᠭᠴᠠ ᠲᠠᠯᠠᠲᠦ ᠵᠠᠯᠬᠠᠭᠠᠯ ᠢ ᠲᠠᠷᠦ᠋ᠢᠬᠠᠠ ᠬᠦᠴᠤᠨ ᠦᠭᠡᠢ ᠪᠤᠯᠭᠠᠪᠠᠯ ᠵᠤᠬᠢᠨ᠎ᠠ᠃ ᠢᠷᠠᠠ ᠤ ᠲᠠᠯ᠎ᠠ ᠶᠢᠨ ᠬᠢᠨ ᠡᠯ᠎ᠠ ᠤᠯᠤᠰ ᠲᠠᠢ ᠬᠠᠮᠲᠤ ᠪᠠᠷ᠂ ᠤᠯᠠᠠ ᠲᠠᠯᠠᠲᠦ ᠦᠵᠡᠯ ᠢ ᠬᠠᠮᠲᠤ ᠪᠠᠷ ᠬᠠᠮᠠᠭᠠᠯᠠᠵᠦ᠂ ᠲᠡᠯᠡᠭᠡᠢ ᠶᠢᠨ ᠲᠦᠪ ᠭᠤᠤᠯᠴᠢ ᠰᠢᠳᠤᠷᠭᠤ ᠶᠤᠰᠤ ᠪᠤᠯᠤᠨ ᠢᠷᠠᠠ ᠤ ᠲᠠᠯ᠎ᠠ ᠶᠢᠨ ᠲᠦᠪ ᠶᠤᠰᠤᠨ ᠤ ᠡᠷᠭᠡ ᠠᠰᠢᠭ ᠢ ᠬᠠᠮᠠᠭᠠᠯᠠᠬᠤ ᠶᠢ ᠬᠦᠰᠡᠵᠦ ᠪᠠᠶᠢᠨ᠎ᠠ ᠭᠡᠵᠦ ᠢᠯᠡᠳᠭᠡᠪᠡ᠃    
 
ᠢᠷᠡᠯᠲᠡ᠄ ᠲᠤᠮᠳᠠᠲᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠬᠡᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号