ᠰᠢᠨᠬᠤᠸᠠ ᠬᠤᠷᠢᠶᠠᠨ ᠤ ᠪᠡᠭᠡᠵᠢᠩ ᠤᠨ 4 ᠰᠠᠷ᠎ᠠ ᠶᠢᠨ 27 ᠤ ᠴᠠᠬᠢᠯᠭᠠᠨ ᠮᠡᠳᠡᠭᠡ ᠤᠯᠤᠰ ᠤᠨ | ᠲᠡᠷᠢᠭᠦᠯᠡᠭᠴᠢ ᠰᠢ ᠶᠢᠨ ᠫᠢᠩ 27 ᠤ ᠤᠷᠤᠢ ᠨᠧᠫᠠᠯ ᠤᠨ ᠶᠡᠷᠦᠩᠬᠡᠶᠢᠯᠡᠭᠴᠢ ᠪᠠᠨᠳᠠᠷᠢ ᠲᠠᠢ ᠤᠲᠠᠰᠤ ᠪᠠᠷ ᠶᠠᠷᠢᠯᠴᠠᠪᠠ᠃ | | ᠰᠢ ᠶᠢᠨ ᠫᠢᠩ᠂ ᠭᠡᠨᠡᠳᠲᠡ ᠭᠠᠷᠤᠭᠰᠠᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ | ᠪᠠᠶᠢᠳᠠᠯ ᠤᠨ ᠡᠮᠦᠨ᠎ᠡ᠂ ᠳᠤᠮᠳᠠᠳᠤ ᠤᠯᠤᠰ ᠤᠨ ᠠᠷᠠᠳ ᠲᠦᠮᠡᠨ ᠳᠤᠮᠳᠠᠳᠤ ᠤᠯᠤᠰ ᠤᠨ ᠪᠠᠶᠢᠳᠠᠯ ᠳᠤ ᠨᠡᠶᠢᠴᠡᠭᠰᠡᠨ | ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠪᠡᠷᠬᠡ ᠬᠠᠲᠠᠭᠤᠵᠢᠯᠲᠠᠶ ᠴᠢᠷᠮᠠᠶᠢᠯᠭ᠎ᠠ ᠪᠠᠷ ᠳᠡᠮᠵᠢᠨ ᠬᠠᠮᠤᠭ ᠬᠦ᠋ᠴᠢᠷᠳᠠᠢ | ᠴᠠᠭ ᠦᠶ᠎ᠡ ᠶᠢ ᠲᠤᠭᠤᠯᠵᠠᠢ᠃ ᠪᠢᠳᠡ ᠴᠠᠭ ᠤᠨ ᠪᠠᠶᠢᠳᠠᠯ ᠳᠤ ᠢᠮᠠᠭᠳᠠ ᠰᠡᠷᠭᠡᠭ ᠲᠠᠨᠢᠯᠲᠠ ᠲᠠᠢ ᠪᠠᠶᠢᠵᠤ᠂ | ᠭᠠᠳᠠᠭᠠᠳᠤ ᠣᠷᠴᠢᠨ ᠤ ᠬᠤᠪᠢᠷᠠᠯᠲᠠ ᠶᠢ ᠤᠷᠲᠤ ᠬᠤᠭᠤᠴᠠᠭ᠎ᠠ ᠪᠠᠷ ᠠᠷᠭᠠᠴᠠᠭᠠᠬᠤ ᠪᠡᠯᠡᠳᠬᠡᠯ ᠢ ᠨᠢᠭᠡᠨᠲᠡ ᠰᠠᠶᠢᠲᠤᠷ | ᠬᠢᠵᠦ᠂ ᠶᠠᠭ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠦᠬᠦ ᠬᠦᠴᠦ ᠪᠠᠷ ᠢᠶᠠᠨ ᠰᠠᠶᠢᠲᠤᠷ ᠬᠢᠬᠦ ᠶᠢᠨ | ᠤᠷᠢᠲᠠᠯ ᠳᠣᠤᠷ᠎ᠠ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠡᠪ ᠤᠨ ᠡᠮᠬᠢ ᠲᠢᠭᠯᠢᠮ ᠢᠶᠠᠨ ᠰᠡᠷᠭᠦᠭᠡᠬᠦ ᠶᠢ | ᠢᠳᠡᠪᠬᠢᠲᠡᠶ ᠠᠬᠢᠭᠤᠯᠵᠤ ᠪᠠᠶᠢᠨ᠎ᠠ᠃ ᠳᠤᠮᠳᠠᠳᠤ ᠤᠯᠤᠰ ᠤᠨ ᠠᠵᠤ ᠠᠬᠤᠢ ᠶᠢᠨ ᠤᠷᠳᠤ ᠬᠤᠭᠤᠴᠠᠭ᠎ᠠ ᠪᠠᠷ | ᠰᠠᠶᠢᠵᠢᠷᠠᠬᠤ ᠦᠨᠳᠦᠰᠦᠨ ᠪᠠᠶᠢᠳᠠᠯ ᠬᠤᠪᠢᠷᠠᠬᠤ ᠦᠭᠡᠢ ᠶᠤᠮ᠂ ᠪᠢᠳᠡ ᠡᠭᠦᠨ ᠳᠤ ᠭᠦᠢᠴᠡᠳ ᠢᠲᠡᠭᠡᠯ ᠲᠠᠢ ᠪᠠᠶᠢᠨ᠎ᠠ | ᠬᠡᠵᠥ ᠵᠢᠭᠠᠵᠥ ᠭᠠᠷᠭᠠᠪᠠ᠃ | ᠰᠢ ᠶᠢᠨ ᠫᠢᠩ᠂ ᠳᠤᠮᠳᠠᠳᠤ ᠤᠯᠤᠰ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠬᠠᠮᠤᠭ | ᠢᠳᠡ ᠠᠪᠬᠤ ᠴᠠᠭ ᠦᠶ᠎ᠠ ᠳᠤ᠂ ᠨᠧᠫᠠᠯ ᠤᠨ ᠵᠠᠰᠠᠭ ᠤᠨ ᠣᠷᠳᠣᠨ ᠪᠣᠯᠤᠨ ᠠᠷᠠᠳ ᠲᠦᠮᠡᠨ ᠳᠤᠮᠳᠠᠳᠤ ᠤᠯᠤᠰ ᠢ | ᠡᠷᠡᠰ ᠳᠡᠮᠵᠢᠵᠦ᠂ ᠨᠧᠫᠠᠯ ᠤᠨ ᠠᠷᠠᠳ ᠲᠦᠮᠡᠨ ᠤ ᠳᠤᠮᠳᠠᠳᠤ ᠤᠯᠤᠰ ᠤᠨ ᠠᠷᠠᠳ ᠲᠦᠮᠡᠨ ᠳᠤ ᠭᠦᠨ ᠵᠤᠵᠠᠭᠠᠨ | ᠨᠦᠬᠦᠷᠰᠡᠭ ᠬᠠᠶᠢᠷ᠎ᠠ ᠰᠡᠳᠬᠢᠯᠭᠡ ᠲᠠᠢ ᠪᠠᠶᠢᠬᠤ ᠶᠢ ᠢᠯᠡᠷᠡᠭᠦᠯᠵᠡᠢ᠃ ᠳᠤᠮᠳᠠᠳᠤ ᠶᠢᠨ ᠳᠠᠯ᠎ᠠ ᠪᠠᠰᠠ ᠨᠧᠫᠠᠯ ᠤᠨ | ᠬᠢᠵᠢᠭ ᠤᠨ ᠪᠠᠶᠢᠳᠠᠯ ᠤᠨ ᠬᠦᠭᠵᠢᠯᠳᠡ ᠶᠢ ᠢᠮᠠᠭᠲᠠ ᠠᠩᠬᠠᠷᠴᠤ ᠪᠤᠢ᠂ ᠨᠧᠫᠠᠯ ᠤᠨ ᠬᠢᠵᠢᠭ ᠲᠠᠢ ᠳᠡᠮᠡᠴᠡᠬᠦ ᠳᠤ | ᠦᠷᠭᠦᠯᠵᠢᠯᠡᠨ ᠡᠷᠡᠰ ᠳᠡᠮᠵᠢᠯᠭᠡ ᠦᠭᠬᠦ ᠪᠤᠯᠤᠨ᠎ᠠ᠂ ᠬᠤᠶᠠᠷ ᠤᠯᠤᠰ ᠤᠨ ᠡᠷᠡᠭᠦᠯ ᠬᠠᠮᠠᠭᠠᠯᠠᠯ ᠡᠮᠴᠢᠯᠡᠭᠡᠨ ᠤ | ᠪᠠᠶᠢᠭᠤᠯᠤᠮᠵᠢ ᠰᠣᠯᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ ᠪᠣᠯᠤᠨ᠎ᠠ᠃ ᠲᠠ ᠪᠤᠯᠤᠨ ᠶᠡᠷᠦᠩᠬᠡᠶ ᠰᠠᠶᠢᠳ | ᠣᠣᠯᠢ ᠶᠢᠨ ᠤᠳᠤᠷᠢᠳᠤᠯᠭ᠎ᠠ ᠳᠣᠤᠷ᠎ᠠ ᠨᠧᠫᠡᠯ ᠤᠨ ᠵᠠᠰᠠᠭ ᠤᠨ ᠣᠷᠳᠣᠨ ᠪᠣᠯᠤᠨ ᠠᠷᠠᠳ ᠲᠦᠮᠡᠨ ᠯᠠᠪᠳᠠᠶ᠎ᠠ | ᠬᠢᠵᠢᠭ ᠤᠨ ᠪᠠᠶᠢᠳᠠᠯ ᠢ ᠡᠷᠲᠡᠬᠡᠨ ᠢᠯᠠᠨ ᠳᠠᠪᠠᠭ᠋ᠤ ᠶᠢ ᠢᠲᠡᠭᠡᠵᠦ ᠪᠠᠶᠢᠨ᠎ᠠ᠃ ᠬᠢᠵᠢᠭ ᠥᠩᠭᠡᠷᠡᠭᠰᠡᠨ ᠤ ᠳᠠᠷᠠᠭ᠎ᠠ᠂ | ᠬᠤᠶᠠᠷ ᠲᠠᠯ᠎ᠠ ᠪᠠᠷ ᠢᠶᠠᠨ ᠨᠢᠳᠤᠨᠤᠨ ᠤ ᠮᠠᠨ ᠤ ᠬᠤᠶᠠᠭᠤᠯᠠ ᠶᠢᠨ ᠬᠠᠷᠢᠯᠴᠠᠨ ᠠᠶᠢᠯᠴᠢᠯᠠᠬᠤ ᠳᠠᠭᠠᠨ ᠪᠤᠢ ᠪᠤᠯᠭᠠᠬᠰᠠᠨ | ᠡᠯ᠎ᠡ ᠬᠦᠷᠢᠶᠡᠨ ᠤ ᠬᠠᠮᠲᠤᠷᠠᠯᠴᠠᠭᠠᠨ ᠤ ᠲᠤᠬᠠᠢ ᠬᠠᠮᠲᠤ ᠶᠢᠨ ᠲᠠᠨᠢᠯᠲᠠ ᠪᠠᠨ ᠦᠷᠭᠦᠯᠵᠢᠯᠡᠨ ᠰᠠᠶᠢᠲᠤᠷ | ᠨᠠᠶᠢᠳᠠᠪᠤᠷᠢᠵᠢᠭᠤᠯᠵᠤ᠂ ᠳᠤᠮᠳᠠᠳᠤ ᠨᠧᠫᠠᠯ ᠤᠨ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭᠠᠨ ᠤ ᠬᠠᠨᠢᠲᠠᠨ ᠤ | ᠬᠠᠷᠢᠯᠴᠠᠭ᠎ᠠ ᠶᠢᠨ ᠲᠠᠰᠤᠷᠠᠯᠲᠠ ᠦᠭᠡᠢ ᠬᠥᠭᠵᠢᠬᠦ ᠶᠢ ᠠᠬᠢᠭᠤᠯᠤᠶ᠎ᠠ ᠬᠡᠵᠥ ᠴᠢᠬᠤᠯᠠᠴᠢᠯᠠᠪᠠ᠃ | ᠰᠢ ᠶᠢᠨ ᠫᠢᠩ᠂ ᠤᠷᠢᠳ ᠡᠮᠦᠨ᠎ᠡ ᠪᠠᠶᠢᠭ᠎ᠠ ᠦᠭᠡᠢ ᠬᠢᠵᠢᠭ ᠤᠨ ᠪᠠᠶᠢᠳᠠᠯ ᠤᠨ ᠥᠷᠢᠰᠥᠯᠳᠦᠭᠡᠨ ᠤ ᠡᠮᠦᠨ᠎ᠡ᠂ | ᠳᠡᠯᠡᠬᠡᠢ ᠨᠡᠶᠢᠳᠡ ᠪᠠᠷ ᠢᠶᠠᠨ ᠥᠩᠭᠡᠷᠡᠭᠰᠡᠨ ᠤ ᠠᠯᠢ ᠴᠤ ᠦᠶ᠎ᠡ ᠠᠴᠠ ᠢᠯᠡᠭᠦᠦ ᠪᠦᠯᠬᠦᠮᠳᠡᠨ ᠬᠠᠮᠲᠤᠷᠠᠯᠴᠠᠬᠤ ᠶᠢ | ᠱᠠᠭᠠᠷᠳᠠᠵᠤ᠂ ᠤᠯᠠᠨ ᠲᠠᠯᠠᠲᠤ ᠦᠵᠡᠯ ᠢ ᠬᠠᠮᠠᠭᠠᠯᠠᠬᠤ ᠶᠢ ᠱᠠᠭᠠᠷᠳᠠᠵᠤ᠂ ᠳᠡᠯᠡᠬᠡᠢ ᠨᠡᠶᠢᠳᠡ ᠶᠢᠨ ᠲᠥᠪ ᠭᠤᠣᠯᠴᠢ | ᠰᠢᠳᠤᠷᠭᠤ ᠶᠣᠰᠣ ᠶᠢ ᠪᠠᠷᠢᠮᠲᠠᠯᠠᠬᠤ ᠶᠢ ᠱᠠᠭᠠᠷᠳᠠᠬᠤ ᠪᠤᠯᠪᠠ᠃ ᠳᠤᠮᠳᠠᠳᠤ ᠶᠢᠨ ᠲᠠᠯ᠎ᠠ ᠬᠥᠮᠦᠨ ᠲᠥᠷᠥᠯᠬᠢᠲᠡᠨ ᠤ | ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠣᠶᠢᠯᠠᠭᠠᠭᠳᠠᠬᠤᠨ ᠢ ᠦᠷᠭᠦᠯᠵᠢᠯᠡᠨ ᠪᠠᠷᠢᠮᠲᠠᠯᠠᠵᠤ᠂ | ᠬᠢᠵᠢᠭ ᠲᠠᠢ ᠳᠡᠮᠡᠴᠡᠬᠦ ᠤᠯᠠᠨ ᠤᠯᠤᠰ ᠤᠨ ᠬᠠᠮᠲᠤᠷᠠᠯᠴᠠᠭ᠎ᠠ ᠶᠢ ᠢᠳᠡᠪᠬᠢᠲᠡᠢ ᠥᠷᠨᠢᠭᠦᠯᠵᠦ᠂ ᠳᠡᠯᠡᠬᠡᠢ ᠶᠢᠨ ᠡᠷᠡᠭᠦᠯ | ᠬᠠᠮᠠᠭᠠᠯᠠᠯ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠦᠢᠯᠡᠳᠦᠯ ᠢᠶᠠᠨ ᠪᠠᠳᠠᠷᠠᠭᠤᠯᠬᠤ ᠶᠢ ᠲᠡᠮᠵᠢᠨ᠎ᠠ ᠬᠡᠵᠥ | ᠴᠢᠬᠤᠯᠠᠴᠢᠯᠠᠪᠠ᠃ | ᠪᠠᠨᠳᠠᠷᠢ᠂ ᠲᠠᠨ ᠤ ᠰᠣᠳᠣ ᠮᠡᠷᠭᠡᠨ ᠤᠳᠤᠷᠢᠳᠤᠯᠭ᠎ᠠ ᠳᠣᠤᠷ᠎ᠠ᠂ ᠳᠤᠮᠳᠠᠳᠤ ᠤᠯᠤᠰ ᠤᠨ ᠵᠠᠰᠠᠭ ᠤᠨ ᠣᠷᠳᠣᠨ | ᠴᠠᠭ ᠲᠤᠬᠠᠶ ᠳᠤᠨᠢ ᠡᠷᠡᠰ ᠰᠢᠭᠤᠷᠬᠠᠶ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠤᠯᠤᠰ ᠤᠨ ᠳᠣᠲᠣᠭᠠᠳᠤ ᠶᠢᠨ | ᠬᠢᠵᠢᠭ ᠤᠨ ᠪᠠᠶᠢᠳᠠᠯ ᠢ ᠠᠮᠵᠢᠯᠲᠠ ᠲᠠᠢ ᠡᠵᠡᠮᠳᠡᠭᠰᠡᠨ ᠪᠦᠬᠡᠳ ᠣᠯᠠᠨ ᠤᠯᠤᠰ ᠤᠨ ᠬᠢᠵᠢᠭ ᠲᠠᠢ ᠳᠡᠮᠡᠴᠡᠬᠦ | ᠬᠠᠮᠲᠤᠷᠠᠯᠴᠠᠭ᠎ᠠ ᠶᠢ ᠴᠢᠩᠭᠠᠳᠬᠠᠬᠤ ᠶᠢ ᠢᠳᠡᠪᠬᠢᠲᠡᠶ ᠠᠬᠢᠭᠤᠯᠪᠠ᠃ ᠨᠧᠫᠠᠯ ᠤᠨ ᠲᠠᠯ᠎ᠠ ᠶᠢᠨ ᠬᠢᠨ ᠡᠭᠦᠨ ᠢ ᠳᠡᠭᠡᠳᠦ | ᠬᠡᠮᠵᠢᠶ᠎ᠡ ᠪᠠᠷ ᠮᠠᠭᠲᠠᠨ ᠰᠠᠶᠢᠰᠢᠶᠠᠵᠤ ᠪᠤᠢ᠂ ᠳᠤᠮᠳᠠᠳᠤ ᠶᠢᠨ ᠲᠠᠯ᠎ᠠ ᠶᠢᠨ ᠲᠤᠷᠰᠢᠯᠭ᠎ᠠ ᠨᠢ ᠪᠤᠰᠤᠳ ᠤᠯᠤᠰ ᠤᠨ | ᠬᠢᠵᠢᠭ ᠢ ᠢᠯᠠᠬᠤ ᠢᠲᠡᠭᠡᠯ ᠵᠣᠷᠢᠭ ᠢ ᠨᠡᠮᠡᠭᠳᠡᠭᠦᠯᠬᠦ ᠶᠢ ᠢᠲᠡᠭᠡᠵᠦ ᠪᠠᠶᠢᠨ᠎ᠠ᠃ ᠨᠢᠳᠤᠨᠤᠨ ᠲᠠ ᠨᠧᠫᠡᠯ ᠳᠤ | ᠠᠮᠵᠢᠯᠲᠠ ᠲᠠᠢ ᠪᠠᠷ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠵᠦ᠂ ᠨᠧᠫᠠᠯ ᠳᠤᠮᠳᠠᠳᠤ ᠶᠢᠨ ᠬᠠᠷᠢᠯᠴᠠᠭ᠎ᠠ ᠰᠢᠨ᠎ᠡ | ᠴᠠᠭ ᠦᠶ᠎ᠡ ᠳᠤ ᠣᠷᠣᠬᠤ ᠶᠢ ᠠᠬᠢᠭᠤᠯᠤᠬᠰᠠᠨ ᠢ ᠨᠧᠫᠠᠯ ᠤᠨ ᠠᠷᠠᠳ ᠲᠦᠮᠡᠨ ᠤᠳᠤ ᠪᠤᠯᠳᠠᠯ᠎ᠠ ᠲᠤᠪ ᠲᠣᠳᠣᠷᠬᠠᠢ | ᠴᠡᠭᠡᠵᠢᠯᠡᠭᠰᠡᠭᠡᠷ ᠪᠠᠶᠢᠨ᠎ᠠ᠃ ᠳᠤᠮᠳᠠᠳᠤ ᠶᠢᠨ ᠲᠠᠯ᠎ᠠ ᠠᠴᠠ ᠨᠧᠫᠠᠯ ᠤᠨ ᠬᠢᠵᠢᠭ ᠲᠠᠢ ᠳᠡᠮᠡᠴᠡᠬᠦ ᠳᠤ ᠪᠠᠴᠢᠮ | ᠬᠡᠷᠡᠭᠴᠡᠭᠡ ᠲᠠᠢ ᠬᠢᠵᠢᠭ ᠢ ᠰᠡᠷᠭᠡᠶᠢᠯᠡᠬᠦ ᠡᠮᠴᠢᠯᠡᠬᠡᠨ ᠤ ᠡᠳ᠋ ᠪᠣᠳᠠᠰ ᠬᠠᠩᠭᠠᠭᠰᠠᠨ ᠳᠤ ᠨᠧᠫᠡᠯ ᠤᠨ ᠳᠠᠯ᠎ᠠ ᠶᠢᠨ ᠬᠢᠨ | ᠭᠦᠨ ᠲᠠᠯᠠᠷᠬᠠᠵᠤ ᠪᠠᠶᠢᠨ᠎ᠠ᠃ ᠨᠧᠫᠠᠯ ᠤᠨ ᠳᠠᠯ᠎ᠠ ᠶᠢᠨ ᠬᠢᠨ ᠬᠤᠶᠠᠷ ᠤᠯᠤᠰ ᠤᠨ ᠬᠢᠯᠢ ᠠᠯᠤᠰᠯᠠᠭᠰᠠᠨ ᠲᠡᠮᠦᠷ ᠵᠠᠮ | ᠵᠡᠷᠭᠡ ᠬᠦᠷᠢᠶᠡᠨ ᠤ ᠬᠠᠮᠲᠤᠷᠠᠯᠴᠠᠭ᠎ᠠ ᠶᠢ ᠦᠷᠭᠦᠯᠵᠢᠯᠡᠨ ᠠᠬᠢᠭᠤᠯᠤᠨ᠎ᠠ᠃ ᠬᠢᠵᠢᠭ ᠥᠩᠭᠡᠷᠡᠭᠰᠡᠨ ᠤ ᠳᠠᠷᠠᠭ᠎ᠠ᠂ | ᠨᠧᠫᠠᠯ ᠳᠤᠮᠳᠠᠳᠤ ᠶᠢᠨ ᠨᠥᠬᠦᠷᠯᠡᠯ ᠤᠯᠠᠮ ᠪᠠᠬᠢᠵᠢᠵᠦ᠂ ᠬᠤᠶᠠᠷ ᠤᠯᠤᠰ ᠤᠨ ᠬᠠᠮᠲᠤᠷᠠᠯᠴᠠᠭ᠎ᠠ ᠨᠡᠩ ᠤᠯᠠᠨ ᠦᠷ᠎ᠡ | ᠪᠦᠲᠦᠭᠡᠯ ᠤᠯᠬᠤ ᠶᠢ ᠢᠲᠡᠭᠡᠵᠦ ᠪᠠᠶᠢᠨ᠎ᠠ᠃ ᠨᠧᠫᠠᠯ ᠤᠨ ᠲᠠᠯ᠎ᠠ ᠳᠤᠷᠠᠲᠠᠶ᠎ᠠ ᠳᠤᠮᠳᠠᠳᠤ ᠶᠢᠨ ᠲᠠᠯ᠎ᠠ ᠲᠠᠢ ᠬᠠᠮᠲᠤ ︽ | ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠶᠢ ᠠᠬᠢᠭᠤᠯᠵᠤ᠂ ᠬᠥᠮᠦᠨ ᠲᠥᠷᠥᠯᠬᠢᠲᠡᠨ ᠤ | ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠤᠨ᠎ᠠ ᠬᠡᠵᠥ ᠢᠯᠡᠳᠬᠡᠪᠡ᠃ | |